ᠦᠪᠦᠷ ᠮᠤᠨᠭᠭᠤᠯ ᠤ᠋ᠨ ᠨᠤᠮ ᠤ᠋ᠨ ᠰᠠᠩ ᠪᠦᠬᠦ ᠤᠷᠤᠨ ᠳ᠋ᠤ 166 ᠬᠤᠪᠢᠶᠠᠷᠢ ᠨᠤᠮ ᠤ᠋ᠨ ᠰᠠᠩ ᠪᠠᠢᠭᠤᠯᠪᠠ
2026-01-25 10:56:50
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ ᠤ᠋ᠨ ᠨᠤᠮ ᠤ᠋ᠨ ᠰᠠᠩ ᠤ᠋ᠨ ᠬᠤᠪᠢᠶᠠᠷᠢ ᠨᠤᠮ ᠤ᠋ᠨ ᠰᠠᠩ ᠤ᠋ᠨ  ᠪᠠᠢᠭᠤᠯᠤᠯᠳᠠ ᠡᠷᠴᠢᠳᠠᠢ ᠶᠠᠪᠤᠭᠳᠠᠵᠦ᠂ ᠣᠲᠣᠬᠠᠨ ᠪᠣᠯᠲᠠᠯ᠎ᠠ ᠪᠥᠬᠥ᠌ ᠣᠷᠣᠨ ᠳ᠋ᠦ ᠨᠢᠬᠡᠨᠳᠡ 166 ᠬᠤᠪᠢᠶᠠᠷᠢ ᠨᠤᠮ ᠤ᠋ᠨ ᠰᠠᠩ ᠪᠠᠢᠭᠤᠯᠤᠨ᠂ 10 ᠲᠥᠷᠥᠯ ᠤ᠋ᠨ ᠣᠯᠠᠨ ᠨᠡᠢᠲᠡ ᠶ᠋ᠢᠨ ᠦᠶ᠋ᠯᠡᠴᠢᠯᠡᠭᠡᠨ ᠤ᠋ ᠲᠠᠯᠠᠪᠤᠷ ᠢ᠋ ᠬᠠᠮᠤᠷᠴᠦ᠂ 74 ᠲᠦᠮᠡ ᠭᠠᠷᠤᠶ ᠳᠡᠪᠲᠡᠷ ᠴᠠᠭᠠᠰᠤᠨ ᠨᠣᠮ᠂ 20 ᠲᠦᠮᠡᠨ ᠳᠡᠪᠲᠡᠷ ᠡᠯᠧᠺᠲ᠋ᠷᠣᠨ ᠨᠣᠮ ᠵᠢᠴᠢ 50 ᠭᠠᠷᠤᠢ TB ᠲᠣᠭᠠᠴᠢᠯᠠᠭ᠍ᠰᠠᠨ ᠡᠬᠢ ᠪᠠᠶᠠᠯᠢᠭ ᠢ᠋ ᠬᠠᠩᠭᠠᠪᠠ᠃

ᠬᠥᠬᠡᠬᠣᠲᠠ ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ ᠶ᠋ᠢᠨ ᠨᠤᠮ ᠤ᠋ᠨ ᠰᠠᠩ ᠪᠤᠯ ᠦᠪᠦᠷ ᠮᠤᠨᠭᠭᠤᠯ ᠤ᠋ᠨ ᠨᠤᠮ ᠤ᠋ᠨ ᠰᠠᠩ ᠤ᠋ᠨ ᠬᠤᠪᠢᠶᠠᠷᠢ ᠣᠷᠳᠣᠨ᠎ᠪᠠᠢᠵᠦ᠂ ᠦᠪᠦᠷ ᠮᠤᠨᠭᠭᠤᠯ ᠤ᠋ᠨ ᠨᠤᠮ ᠤ᠋ᠨ ᠰᠠᠩ ᠨᠢ ᠬᠥᠬᠡᠬᠣᠲᠠ ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ ᠶ᠋ᠢᠨ ᠪᠣᠳᠠᠲᠠᠶ ᠬᠡᠷᠡᠭ᠌ᠴᠡᠭᠡ ᠵᠢ ᠦᠨᠳᠦᠰᠦᠯᠡᠨ᠂ ᠬᠤᠪᠢᠰᠭᠠᠯ ᠤ᠋ᠨ ᠰᠤᠷᠪᠤᠯᠵᠢ ᠪᠢᠴᠢᠭ᠂ ᠱᠢᠨᠵᠢᠯᠡᠭᠡᠨ ᠤ᠋ ᠰᠠᠯᠠᠭ᠎ᠠ ᠶ᠋ᠢᠨ ᠥᠷᠭᠡᠳᠭᠡᠯ᠂ ᠰᠣᠩᠭᠣᠳᠠᠭ ᠨᠠᠷᠠᠲᠤ ᠪᠦᠲᠦᠭᠡᠯ ᠵᠡᠷᠭᠡ ᠣᠯᠠᠨ ᠲᠥᠷᠥᠯ ᠤ᠋ᠨ ᠨᠣᠮ ᠪᠢᠴᠢᠭ ᠢ᠋ ᠲᠣᠬᠢᠷᠠᠭᠤᠯᠤᠨ ᠬᠦᠷᠭᠡᠵᠦ᠂ ᠪᠠᠭ᠍ᠰᠢ ᠰᠤᠷᠤᠭ᠍ᠴᠢᠳ ᠤ᠋ᠨ ᠵᠢᠭᠠᠨ ᠰᠤᠷᠭᠠᠯᠲᠠ ᠪᠠ ᠤᠩᠱᠢᠯᠭ᠎ᠠ ᠳ᠋ᠦ ᠬᠦᠴᠦᠲᠡᠶ ᠳᠡᠮᠵᠢᠯᠭᠡ ᠬᠠᠩᠭᠠᠪᠠ᠃ ᠡᠭᠦᠨ ᠤ᠋ ᠬᠠᠮᠲᠤ ᠲᠤᠰ ᠬᠤᠪᠢᠶᠠᠷᠢ ᠣᠷᠳᠣᠨ ᠳ᠋ᠦ ᠳᠡᠯᠭᠡᠨ ᠦᠵᠡᠬᠦᠯᠵᠤ ᠪᠠᠢᠭ᠎ᠠ ᠥᠪᠥᠷ ᠮᠣᠩᠭᠣᠯ ᠤ᠋ᠨ ᠨᠣᠮ ᠤ᠋ᠨ ᠰᠠᠩ ᠤ᠋ᠨ ᠰᠣᠶᠣᠯ ᠤ᠋ᠨ ᠱᠢᠨ᠎ᠡ ᠡᠭᠦᠳᠦᠯᠲᠡ ᠶ᠋ᠢᠨ ᠪᠦᠲᠦᠭᠡᠭ᠌ᠳᠡᠬᠦᠨ ᠨᠢ ᠤᠨᠴᠠᠯᠢᠬ᠍ᠳᠤ ᠰᠣᠶᠣᠯ ᠤ᠋ᠨ ᠡᠬᠢ ᠪᠠᠶᠠᠯᠢᠭ ᠢ᠋ ᠠᠮᠢᠯᠠᠭᠤᠯᠤᠭ᠍ᠰᠠᠨ ᠢ᠋ᠶ᠋ᠠᠷ ᠪᠠᠷᠠᠬᠤ ᠦᠭᠡᠢ ᠪᠠᠰᠠ ᠨᠣᠮ ᠤ᠋ᠨ ᠰᠠᠩ ᠪᠤᠯᠤᠨ ᠰᠤᠷᠭᠠᠭᠤᠯᠢ ᠬᠣᠶᠠᠷ ᠲᠠᠯ᠎ᠠ ᠶ᠋ᠢᠨ ᠬᠢᠨ ᠤ᠋ ᠰᠣᠶᠣᠯ ᠢ᠋ᠶ᠋ᠠᠷ ᠬᠥᠮᠦᠨ ᠬᠥᠮᠦᠵᠢᠭᠦᠯᠬᠦ᠌᠂ ᠲᠦᠷᠦᠯ ᠲᠡᠮᠳᠡᠭ ᠢ᠋ ᠬᠠᠮᠲᠤ ᠪᠠᠷ ᠪᠠᠢᠭᠤᠯᠬᠤ ᠵᠡᠷᠭᠡ ᠬᠦᠷᠢᠶᠡᠨ ᠳ᠋ᠡᠬᠢ ᠬᠠᠮᠲᠤᠷᠠᠯᠴᠠᠭᠠᠨ ᠤ᠋ ᠵᠠᠮ ᠢ᠋ ᠨᠡᠭᠡᠭᠡᠭᠰᠡᠨ ᠪᠠᠢᠨ᠎ᠠ᠃

ᠨᠤᠮ ᠤ᠋ᠨ ᠰᠠᠩ ᠤ᠋ᠨ ᠬᠤᠪᠢᠶᠠᠷᠢ ᠣᠷᠳᠣᠨ ᠤ᠋ ᠪᠠᠢᠭᠤᠯᠤᠯᠲᠠ ᠪᠣᠯ ᠣᠲᠣ ᠦᠶ᠎ᠡ ᠶ᠋ᠢᠨ ᠣᠯᠠᠨ ᠨᠡᠢᠲᠡ ᠶ᠋ᠢᠨ ᠰᠣᠶᠣᠯ ᠤ᠋ᠨ ᠦᠶ᠋ᠯᠡᠴᠢᠯᠡᠭᠡᠨ ᠤ᠋ ᠱᠢᠰᠲ᠋ᠧᠮ ᠢ᠋ ᠪᠠᠢᠭᠤᠯᠬᠤ ᠴᠢᠬᠤᠯᠠ ᠭᠠᠷᠳᠠᠴᠠ ᠪᠤᠯᠤᠨ᠎ᠠ᠃ ᠥᠪᠥᠷ ᠮᠣᠩᠭᠣᠯ ᠤ᠋ᠨ ᠨᠣᠮ ᠤ᠋ᠨ ᠰᠠᠩ ᠤ᠋ᠨ ᠪᠠᠢᠭᠤᠯᠤᠭᠰᠠᠨ ᠬᠤᠪᠢᠶᠠᠷᠢ ᠨᠤᠮ ᠤ᠋ᠨ ᠰᠠᠩ ᠤ᠋ᠨ ᠵᠢᠯ ᠳᠤᠮᠳᠠᠴᠢ ᠶ᠋ᠢᠨ ᠨᠣᠮ ᠪᠢᠴᠢᠭ ᠤ᠋ᠨ ᠭᠦᠢᠯᠭᠡᠭᠡᠨ ᠤ᠋ ᠬᠡᠮᠵᠢᠶ᠎ᠡ 60 ᠲᠦᠮᠡᠨ ᠳᠡᠪᠲᠡᠷ ᠲᠦ᠍ ᠬᠦᠷᠴᠦ᠍᠂ ᠵᠢᠯ ᠳᠤᠮᠳᠠᠴᠢ ᠪᠡᠷ 13 ᠲᠦᠮᠡᠨ ᠤᠩᠰᠢᠭᠴᠢ ᠳ᠋ᠤ ᠠᠰᠢᠭ ᠬᠦᠷᠳᠡᠭᠡᠨ᠂ ᠦᠨᠳᠦᠰᠦᠨ ᠱᠠᠲᠤᠨ ᠤ᠋ ᠨᠣᠮ ᠵᠢᠭᠡᠯᠡᠵᠦ᠍ ᠤᠩᠱᠢᠭ᠍ᠰᠠᠨ ᠬᠡᠮᠵᠢᠶ᠎ᠡ ᠥᠩᠭᠡᠷᠡᠭ᠌ᠰᠡᠨ ᠤ᠋ ᠬᠢ ᠡᠴᠡ ᠪᠡᠨ 40% ᠪᠡᠷ ᠳᠡᠭᠡᠭ᠌ᠰᠢᠯᠡᠵᠦ᠍᠂ ᠬᠣᠯᠪᠣᠭ᠍ᠳᠠᠯ ᠪᠦᠬᠦᠢ ᠦᠷ᠎ᠡ ᠪᠦᠲᠦᠭᠡᠯ ᠨᠢ ᠨᠢᠭᠡᠨᠲᠡ ᠪᠦᠬᠦ᠌ ᠤᠯᠤᠰ ᠤ᠋ᠨ ᠰᠣᠶᠣᠯ ᠢ᠋ᠶ᠋ᠠᠷ ᠠᠷᠠᠳ ᠲᠦ᠍ ᠠᠱᠢᠭ ᠬᠦᠷᠲᠡᠭᠡᠬᠦ᠌ ᠢᠨᠵᠧᠨᠧᠷᠢᠩ ᠤ᠋ᠨ ᠵᠢᠱ᠌ᠢᠶ᠎ᠡ ᠦᠵᠡᠭᠦᠯᠬᠦ᠌ ᠠᠮᠵᠢᠯᠳᠠ ᠳ᠋ᠦ ᠬᠦᠷᠴᠡᠢ᠃ ᠥᠪᠥᠷ ᠮᠣᠩᠭᠣᠯ ᠤ᠋ᠨ ᠨᠣᠮ ᠤ᠋ᠨ ᠰᠠᠩ ᠤ᠋ᠨ ᠬᠢᠨ ᠡᠬᠢ ᠪᠠᠶᠠᠯᠢᠭ ᠤ᠋ᠨ ᠰᠠᠭᠤᠷᠢ ᠪᠠᠨ ᠪᠡᠬᠢᠵᠢᠭᠦᠯᠤᠨ᠂ ᠦᠶ᠋ᠯᠡᠴᠢᠯᠡᠭᠡᠨ ᠤ᠋ ᠣᠶᠤᠨᠴᠢᠯᠠᠭ᠍ᠰᠠᠨ ᠲᠦᠪᠱᠢᠨ ᠢ᠋ ᠳᠡᠭᠡᠭ᠌ᠰᠢᠯᠡᠭᠦᠯᠵᠤ᠂ ᠬᠠᠮᠵᠢᠯᠴᠠᠬᠤ ᠦᠷ᠎ᠡ ᠪᠦᠲᠦᠮᠵᠢ ᠵᠢ ᠴᠢᠩᠭᠠᠳᠭᠠᠨ᠂ ᠬᠤᠪᠢᠶᠠᠷᠢ ᠨᠣᠮ ᠤ᠋ᠨ ᠰᠠᠩ ᠢ᠋ ᠵᠢᠷᠤᠮᠵᠢᠭᠤᠨ ᠮᠦᠷᠳᠡᠬᠡᠨ ᠥᠨᠳᠥᠷ ᠪᠦᠲᠦᠮᠵᠢᠲᠡᠶ ᠬᠥᠭ᠌ᠵᠢᠭᠦᠯᠵᠤ᠂ ᠠᠷᠠᠳ ᠣᠯᠠᠨ ᠤ᠋ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠣᠶᠤᠨ ᠰᠠᠨᠠᠭ᠎ᠠ ᠰᠣᠶᠣᠯ ᠤ᠋ᠨ ᠬᠡᠷᠡᠭ᠌ᠴᠡᠭᠡ ᠵᠢ ᠬᠠᠩᠭᠠᠬᠤ ᠳ᠋ᠦ ᠨᠠᠩ ᠶᠡᠬᠡ ᠬᠤᠪᠢ ᠨᠡᠮᠡᠷᠢ ᠦᠵᠡᠬᠦᠯᠬᠦ ᠪᠡᠷ ᠬᠦᠴᠦᠯᠡᠨ ᠠᠵᠢᠯᠯᠠᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号