ᠪᠥᠬᠥ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠦᠨ ᠬᠠᠷᠪᠤᠯᠲᠠ᠎ᠶ᠋ᠢ ᠪᠡᠶᠡᠴᠢᠯᠡᠨ ᠣᠢᠯᠠᠭᠠᠬᠤ ᠣᠷᠳᠣᠨ ᠪᠠᠢᠭᠤᠯᠤᠬᠳᠠᠯ᠎ᠠ
2026-01-25 12:01:35
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 22᠎ᠤ᠋ᠨ ᠡᠳᠦᠷ᠂ ᠬᠥᠬᠡᠬᠣᠲᠠ᠎ᠶ᠋ᠢᠨ ᠶᠡᠬᠡ ᠲᠦᠷᠭᠡᠨ ᠭᠤᠤᠯ᠎ᠤᠨ ᠴᠡᠷᠢᠭ᠎ᠦᠨ ᠶᠠᠪᠤᠳᠠᠯ᠎ᠤᠨ ᠰᠣᠶᠣᠯ᠎ᠤᠨ ᠬᠦᠷᠢᠶᠡᠯᠡᠩ᠎ᠦᠨ ᠪᠥᠬᠥ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠦᠨ ᠬᠠᠷᠪᠤᠯᠲᠠ᠎ᠶ᠋ᠢ ᠪᠡᠶᠡᠴᠢᠯᠡᠨ ᠣᠢᠯᠠᠭᠠᠬᠤ ᠣᠷᠳᠣᠨ ᠵᠢᠩᠬᠢᠨᠢ᠎ᠪᠡᠷ ᠤᠯᠠᠨ ᠨᠡᠢᠳᠡ ᠳ᠋ᠤ ᠡᠬᠦᠳᠡ ᠪᠠᠨ ᠨᠡᠭᠡᠭᠡᠪᠡ᠃ ᠬᠠᠷᠪᠤᠯᠲᠠ᠎ᠶ᠋ᠢ ᠪᠡᠶᠡᠴᠢᠯᠡᠨ ᠣᠢᠯᠠᠭᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠰᠤᠳᠤᠯᠤᠨ ᠰᠤᠷᠤᠯᠴᠠᠬᠤ ᠪᠠ ᠰᠣᠶᠣᠯ᠎ᠤᠨ ᠦᠵᠡᠭᠦᠯᠭᠡ᠎ᠶ᠋ᠢ ᠨᠢᠭᠡ ᠴᠤᠬ᠍ᠴᠠᠵᠢᠭᠤᠯᠤᠬ᠍ᠰᠠᠨ ᠳᠤᠰ ᠣᠷᠳᠣᠨ ᠨᠢ ᠬᠤᠳᠠ ᠵᠢᠨ ᠠᠷᠠᠳ ᠤ᠋ᠨ ᠠᠡᠭᠬᠠᠷᠤᠯ ᠢ᠋ ᠶᠡᠬᠡᠳᠡ ᠲᠡᠳᠠᠵᠠᠢ᠃

ᠪᠡᠶᠡᠴᠢᠯᠡᠨ ᠣᠢᠯᠠᠭᠠᠬᠤ ᠣᠷᠳᠣᠨ᠎ᠤ ᠪᠠᠷᠢᠯᠭ᠎ᠠ᠎ᠶ᠋ᠢᠨ ᠶᠡᠷᠦᠩᠬᠡᠶ ᠲᠠᠯᠠᠪᠠᠶ᠎ᠨᠢ ᠪᠠᠷᠤᠭ 1800 ᠲᠡᠭ᠌ᠰᠢ ᠳᠥᠷᠪᠡᠯᠵᠢᠨ ᠮᠧᠲ᠋ᠷ ᠪᠠᠢᠵᠤ᠂ 《ᠨᠢᠭᠡ ᠣᠷᠳᠣᠨ ᠭᠤᠷᠪᠠᠨ ᠦᠵᠡᠭᠦᠯᠭᠡ》 ᠪᠠᠷ ᠭᠤᠤᠯ ᠪᠣᠯᠭᠠᠵᠤ᠂ ᠳᠠᠭᠤᠷᠢᠶᠠᠮᠠᠯ ᠬᠠᠷᠪᠤᠯᠲᠠ ᠪᠠ ᠴᠡᠷᠢᠭ᠎ᠦᠨ ᠶᠠᠪᠤᠳᠠᠯ᠎ᠤᠨ ᠰᠣᠶᠣᠯ᠎ᠤᠨ ᠦᠵᠡᠭᠦᠯᠭᠡ᠎ᠶ᠋ᠢ ᠱᠢᠨ᠎ᠡ᠎ᠵᠢ ᠡᠭᠦᠳᠦᠨ ᠠᠭᠤᠰᠤᠯᠴᠠᠭᠤᠯᠪᠡ᠃ ᠨᠢᠭᠡᠳᠦᠭᠡᠷ ᠳᠠᠪᠬᠤᠷᠯᠢᠭ᠎ᠤᠨ ᠬᠠᠷᠪᠤᠯᠲᠠ᠎ᠶ᠋ᠢ ᠪᠡᠶᠡᠴᠢᠯᠡᠨ ᠣᠢᠯᠠᠭᠠᠬᠤ ᠲᠣᠭᠣᠷᠢᠭ ᠲᠸ᠋ ᠰᠠᠯᠬᠢᠨ ᠬᠦᠷᠳᠦ᠍᠎ᠶ᠋ᠢᠨ ᠫᠠᠢ᠂ ᠣᠨᠴᠠ ᠲᠦᠷᠦᠯ᠎ᠦᠨ ᠴᠡᠷᠢᠭ᠎ᠦᠨ ᠪᠠᠢᠯᠳᠤᠬᠤ ᠠᠷᠭ᠎ᠠ᠎ᠶ᠋ᠢᠨ ᠡᠰᠡᠷᠭᠦᠴᠡᠯᠳᠦᠨ ᠫᠤᠤᠳᠠᠬᠤ᠂ ᠨᠢᠰᠦᠭᠡ ᠫᠢᠯᠠ᠎ᠶ᠋ᠢ ᠬᠠᠷᠪᠤᠬᠤ ᠵᠡᠷᠭᠡ ᠤᠯᠠᠨ ᠳᠠᠭᠤᠷᠢᠶᠠᠮᠠᠯ ᠲᠦᠷᠦᠯ ᠵᠦᠢᠯ᠎ᠢ ᠲᠤᠬᠢᠷᠠᠭᠤᠯᠪᠠ᠃ ᠬᠣᠶᠠᠳᠤᠭᠠᠷ ᠳᠠᠪᠬᠤᠷᠯᠢᠭ᠎ᠤᠨ ᠦᠵᠡᠭᠦᠯᠭᠡ᠎ᠶ᠋ᠢᠨ ᠲᠣᠭᠣᠷᠢᠭ᠎ᠲᠤ ᠭᠤᠷᠪᠠᠨ ᠭᠣᠣᠯ ᠰᠡᠳᠦᠪᠲᠦ ᠦᠵᠡᠭᠦᠯᠭᠡ᠎ᠶ᠋ᠢ ᠲᠡᠯᠭᠡᠵᠦ᠂ ᠪᠣᠰᠣᠭ᠎ᠠ ᠴᠣᠭ᠍ᠴᠠᠲᠤ ᠠᠮᠢᠳᠤᠯᠢᠭ ᠰᠠᠢᠬᠠᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠰᠣᠶᠣᠯ᠎ᠤᠨ ᠣᠷᠳᠣᠨ᠎ᠢ ᠪᠠᠢᠭᠤᠯᠵᠦ᠂ 《ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠶᠠᠪᠤᠳᠠᠯ᠎ᠤᠨ ᠶᠡᠬᠡ ᠳᠡᠭᠡᠳᠦ ᠰᠤᠷᠭᠠᠭᠤᠯᠢ᠎ᠶ᠋ᠢᠨ ᠲᠣᠭᠣᠷᠢᠨ ᠶᠣᠰᠣᠯᠠᠯ᠎ᠤᠨ ᠦᠵᠡᠭᠦᠯᠭᠡ》 ᠳ᠋ᠤ ᠣᠷᠣᠨ ᠨᠤᠲᠤᠭ᠎ᠤᠨ ᠵᠠᠯᠠᠭᠤᠴᠤᠳ᠎ᠲᠸ᠋  ᠴᠡᠷᠢᠭ᠎ᠦᠨ ᠶᠠᠪᠤᠳᠠᠯ᠎ᠤᠨ 24 ᠶᠡᠬᠡ ᠳᠡᠭᠡᠳᠦ ᠰᠤᠷᠭᠠᠭᠤᠯᠢ ᠵᠢᠴᠢ 《ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠤᠯᠤᠭᠠᠨ ᠭᠤᠤᠯᠳᠠᠯᠭ᠎ᠠ᠎ᠲᠠᠶ ᠶᠡᠬᠡ ᠰᠤᠷᠭᠠᠭᠤᠯᠢ》 ᠎ᠶ᠋ᠢ ᠱᠢᠰᠲ᠋ᠧᠮ᠎ᠲᠡᠶ ᠲᠠᠨᠢᠯᠴᠠᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠦᠶ᠋ᠯᠡᠰ᠎ᠲᠦ ᠣᠷᠣᠯᠴᠠᠬᠤ ᠰᠠᠨᠠᠭ᠎ᠠ ᠳᠠᠢ ᠵᠠᠯᠠᠭᠤ ᠰᠤᠷᠤᠭ᠍ᠴᠢᠳ᠎ᠲᠤ ᠨᠢᠭᠡ ᠥᠷᠲᠡᠭᠡ ᠮᠠᠶᠢᠭ᠎ᠤᠨ ᠯᠠᠪᠯᠠᠯᠲᠠ ᠬᠠᠩᠭᠠᠪᠠ᠃ 《ᠥᠪᠥᠷ ᠮᠣᠩᠭᠣᠯ᠎ᠤᠨ ᠨᠠᠢ᠍ᠮᠠᠨ ᠮᠢᠩᠭᠠᠨ ᠭᠠᠵᠠᠷ᠎ᠤᠨ ᠬᠢᠯᠢ᠎ᠶ᠋ᠢᠨ ᠬᠠᠮᠠᠭᠠᠯᠠᠯᠲᠠ᠎ᠶ᠋ᠢᠨ ᠦᠵᠡᠭᠦᠯᠭᠡ》 ᠨᠢ 50 ᠭᠠᠷᠤᠢ ᠬᠠᠭᠤᠳᠠᠰᠤ ᠰᠣᠨᠢᠨ ᠮᠡᠳᠡᠭᠡ ᠪᠠ ᠤᠷᠠᠯᠢᠭ᠎ᠤᠨ ᠬᠡᠷᠡᠯ ᠵᠢᠷᠤᠭ᠎ᠤᠨ ᠪᠦᠲᠦᠭᠡᠯ᠎ᠢᠶᠡᠷ ᠥᠪᠥᠷ ᠮᠣᠩᠭᠣᠯ᠎ᠤᠨ 4200 ᠺᠢᠯᠤᠮᠸᠲᠷ᠎ᠤᠨ ᠬᠢᠯᠢ᠎ᠶ᠋ᠢᠨ ᠬᠠᠮᠠᠭᠠᠯᠠᠯᠲᠠ᠎ᠶ᠋ᠢᠨ ᠱᠤᠭᠤᠮ ᠳᠡᠭᠡᠷᠡᠬᠢ ᠰᠦᠷᠯᠢᠭ ᠰᠠᠢᠬᠠᠨ ᠦᠵᠡᠮᠵᠢ ᠪᠣᠯᠤᠨ ᠬᠢᠯᠢ᠎ᠶ᠋ᠢᠨ ᠬᠠᠮᠠᠭᠠᠯᠠᠯᠲᠠ᠎ᠶ᠋ᠢᠨ ᠳᠠᠷᠤᠭ᠎ᠠ ᠪᠠᠢᠯᠳᠤᠭ᠍ᠴᠢᠳ᠎ᠤᠨ ᠪᠠᠲᠤ ᠪᠠᠷᠢᠮᠳᠠᠯᠠᠯ ᠢ᠋ ᠳᠡᠯᠭᠡᠨ ᠦᠵᠡᠭᠦᠯᠪᠡ᠃ 《ᠮᠤᠡᠭᠭᠤᠯ ᠮᠤᠷᠢᠨ ᠤ᠋ ᠵᠤᠷᠢᠭ ᠰᠠᠨᠠᠭ᠎ᠠ ᠵᠢᠨ ᠤᠨᠴᠠᠭᠠᠢ ᠦᠵᠡᠬᠦᠯᠭᠡ》 ᠳ᠋ᠤ ᠮᠤᠡᠭᠭᠤᠯ ᠮᠤᠷᠢᠨ ᠤ᠋ ᠵᠤᠷᠢᠭ ᠰᠠᠨᠠᠭ᠎ᠠ ᠪᠡᠷ ᠭᠤᠤᠯ ᠰᠡᠳᠦᠪ ᠪᠤᠯᠭᠠᠬᠰᠠᠨ ᠤᠷᠠᠨ ᠵᠢᠷᠤᠭ ᠤ᠋ᠨ ᠪᠦᠳᠦᠭᠡᠯ ᠢ᠋ ᠲᠡᠯᠭᠡᠪᠡ᠃

ᠪᠥᠬᠥ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠦᠨ ᠬᠠᠷᠪᠤᠯᠲᠠ᠎ᠶ᠋ᠢ ᠪᠡᠶᠡᠴᠢᠯᠡᠨ ᠣᠢᠯᠠᠭᠠᠬᠤ ᠣᠷᠳᠣᠨ ᠪᠠᠢᠭᠤᠯᠤᠭ᠍ᠳᠠᠭ᠍ᠰᠠᠨ ᠨᠢ ᠬᠥᠬᠡᠬᠣᠲᠠ᠎ᠶ᠋ᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ ᠬᠠᠷᠢᠯᠴᠠᠨ ᠬᠥᠳᠡᠯᠦᠯᠴᠡᠬᠦ᠌᠂ ᠪᠡᠶᠡᠴᠢᠯᠡᠨ ᠣᠢᠯᠠᠭᠠᠬᠤ᠂ ᠨᠡᠪᠴᠢᠯᠳᠡ ᠮᠠᠶᠢᠭ ᠤ᠋ᠨ ᠱᠢᠨ᠎ᠡ ᠱᠠᠲᠤᠨ᠎ᠳᠤ ᠣᠷᠣᠭ᠍ᠰᠠᠨ᠎ᠢ ᠬᠠᠷᠠᠭᠤᠯᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号