ᠦᠪᠦᠷ ᠮᠤᠩᠭᠤᠯ᠎ᠤᠨ 19 ᠬᠤᠰᠢᠭᠤ ᠰᠢᠶᠠᠨ ᠰᠤᠷᠭᠠᠨ ᠬᠦᠮᠦᠵᠢᠯ᠎ᠤᠨ ᠶᠠᠮᠤᠨ᠎ᠤ 《ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠦᠮᠦᠵᠢᠯ᠎ᠢ ᠲᠦᠬᠡᠮᠡᠯᠵᠢᠬᠦᠯᠬᠦ ᠲᠦᠬᠡᠮᠡᠯ ᠬᠠᠷᠠᠭᠠᠯᠵᠠᠯ ᠦᠵᠡᠬᠦᠯᠬᠦ ᠰᠢᠶᠠᠨ》᠎ᠤ᠋ ᠬᠢᠨᠠᠨ ᠲᠤᠭᠳᠠᠭᠠᠯᠳᠠ ᠵᠢ ᠦᠩᠭᠡᠷᠡᠭᠡᠯ᠎ᠡ
2026-01-26 16:11:42
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ᠎ᠤᠨ ᠰᠤᠷᠭᠠᠨ ᠬᠦᠮᠦᠵᠢᠯ᠎ᠤᠨ ᠲᠢᠩᠬᠢᠮ ᠡᠴᠡ ᠤᠢᠯᠠᠭᠠᠭᠰᠠᠨ ᠵᠢᠡᠷ᠂ ᠮᠠᠨ᠎ᠤ ᠤᠷᠤᠨ᠎ᠤ 19 ᠬᠣᠰᠢᠭᠤ ᠰᠢᠶᠠᠨ (ᠬᠣᠲᠠ᠂ ᠲᠣᠭᠣᠷᠢᠭ᠋) ᠰᠤᠷᠭᠠᠨ ᠬᠥᠮᠦᠵᠢᠯ᠎ᠦᠨ ᠶᠠᠮᠤᠨ᠎ᠤ 《2025 ᠣᠨ᠎ᠤ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠬᠦᠯᠬᠦ ᠰᠢᠶᠠᠨ (ᠬᠣᠲᠠ᠂ ᠲᠣᠭᠣᠷᠢᠭ᠋)》᠎ᠤ᠋ ᠬᠢᠨᠠᠨ ᠲᠤᠭᠳᠠᠭᠠᠯᠳᠠ ᠵᠢ ᠦᠩᠭᠡᠷᠡᠭᠡᠵᠡᠢ᠃

2025 ᠤᠨ ᠳ᠋ᠤ ᠦᠪᠦᠷ ᠮᠤᠩᠭᠤᠯ᠎ᠤᠨ ᠬᠥᠯᠥᠨ ᠪᠣᠶ᠋ᠢᠷ ᠬᠣᠲᠠ ᠵᠢᠨ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤ᠂ ᠰᠢᠨ᠎ᠡ ᠪᠠᠷᠭᠤ ᠪᠠᠷᠠᠭᠤᠨ ᠬᠣᠰᠢᠭᠤ᠂ ᠬᠢᠩᠭᠠᠨ ᠠᠢᠮᠠᠭ᠎ᠤᠨ ᠷᠠᠰᠢᠶᠠᠨ ᠬᠣᠲᠠ᠂ ᠤᠯᠠᠭᠠᠨᠬᠠᠳᠠ ᠬᠣᠲᠠ ᠵᠢᠨ ᠪᠠᠭᠠᠷᠢᠨ ᠪᠠᠷᠠᠭᠤᠨ ᠬᠣᠰᠢᠭᠤ᠂ ᠬᠡᠰᠢᠭᠲᠡᠨ ᠬᠣᠰᠢᠭᠤ᠂ ᠰᠢᠯᠢ᠎ᠶᠢᠨ ᠭᠣᠣᠯ ᠠᠢᠮᠠᠭ᠎ᠤᠨ ᠵᠡᠭᠦᠨ ᠦᠵᠦᠮᠦᠴᠢᠨ ᠬᠣᠰᠢᠭᠤ᠂ ᠬᠥᠪᠡᠭᠡᠲᠦ ᠰᠢᠷ᠎ᠠ ᠬᠣᠰᠢᠭᠤ᠂ ᠰᠢᠯᠤᠭᠤᠨ ᠬᠥᠪᠡᠭᠡᠲᠦ ᠴᠠᠭᠠᠨ ᠬᠣᠰᠢᠭᠤ᠂ ᠰᠢᠯᠤᠭᠤᠨ ᠬᠥᠬᠡ ᠬᠣᠰᠢᠭᠤ᠂ ᠤᠯᠠᠭᠠᠨᠴᠠᠪ ᠬᠣᠲᠠ ᠵᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤ᠂ ᠵᠦᠸᠧᠽᠢ ᠰᠢᠶᠠᠨ᠂ ᠣᠷᠳᠣᠰ ᠬᠤᠳᠠ ᠵᠢᠨ ᠬᠢᠶ᠎ᠠ ᠪᠠᠭ᠍ᠰᠢ ᠲᠣᠭᠣᠷᠢᠭ᠋᠂ ᠵᠡᠭᠦᠨᠭᠠᠷ ᠬᠣᠰᠢᠭᠤ᠂ ᠡᠵᠡᠨ ᠬᠣᠷᠣᠭ᠎ᠠ ᠬᠣᠰᠢᠭᠤ᠂ ᠤᠲᠤᠭ ᠬᠣᠰᠢᠭᠤ᠂ ᠦᠬᠠᠢ ᠬᠤᠳᠠ ᠵᠢᠨ ᠬᠠᠢᠷᠤᠪ᠎ᠤᠨ ᠲᠣᠬᠣᠢ ᠲᠣᠭᠣᠷᠢᠭ᠋᠂ ᠤᠳᠠ ᠵᠢᠨ ᠳᠤᠬᠤᠢ ᠲᠣᠭᠣᠷᠢᠭ᠋᠂ ᠠᠯᠠᠱᠠ ᠠᠢᠮᠠᠭ᠎ᠤᠨ ᠠᠯᠠᠱᠠ ᠪᠠᠷᠠᠭᠤᠨ ᠬᠣᠰᠢᠭᠤ ᠵᠡᠷᠬᠡ 19 ᠬᠤᠰᠢᠭᠤ ᠰᠢᠶᠠᠨ (ᠬᠤᠳᠠ᠂ ᠳᠤᠭᠤᠷᠢᠭ) ᠲᠦᠬᠡᠮᠡᠯ ᠬᠠᠷᠠᠭᠠᠯᠵᠠᠯ ᠦᠵᠡᠬᠦᠯᠬᠦ ᠰᠢᠶᠠᠨ ᠵᠢᠡᠷ ᠳᠤᠭᠳᠠᠭᠠᠭᠳᠠᠭᠰᠠᠨ ᠪᠠᠢᠨ᠎ᠠ᠃

ᠣᠲᠣ᠌ ᠪᠣᠯᠲᠠᠯ᠎ᠠ᠂ ᠦᠪᠦᠷ ᠮᠤᠩᠭᠤᠯ ᠳ᠋ᠤ ᠨᠢᠭᠡᠨᠲᠡ 35 ᠬᠣᠰᠢᠭᠤ ᠰᠢᠶᠠᠨ (ᠬᠣᠲᠠ᠂ ᠲᠣᠭᠣᠷᠢᠭ᠋) ᠤᠯᠤᠰ᠎ᠤᠨ ᠬᠢᠨᠠᠨ ᠲᠣᠭᠲᠠᠭᠠᠯᠲᠠ᠎ᠳᠤ ᠬᠢᠷᠢ ᠲᠡᠩᠴᠡᠵᠦ᠂ ᠬᠢᠨᠠᠨ ᠳᠤᠭᠳᠠᠭᠠᠯᠳᠠ ᠵᠢ ᠦᠩᠭᠡᠷᠡᠭᠡᠭᠰᠡᠨ ᠲᠣᠭ᠎ᠠ ᠬᠡᠮᠵᠢᠶ᠎ᠡ ᠪᠡᠷ ᠪᠥᠬᠥ ᠤᠯᠤᠰ᠎ᠲᠤ ᠳᠣᠯᠣᠳᠤᠭᠠᠷ᠎ᠲᠤ ᠣᠷᠣᠵᠤ᠂ ᠪᠠᠷᠠᠭᠤᠨ ᠬᠡᠰᠡᠭ᠎ᠦᠨ ᠮᠤᠵᠢ ᠣᠷᠣᠨ᠎ᠤ ᠲᠤᠳᠤᠷ᠎ᠠ ᠳᠥᠷᠪᠡᠳᠦᠭᠡᠷ᠎ᠲᠦ ᠣᠷᠣᠵᠠᠢ᠃ ᠡᠨᠡ᠎ᠬᠦ ᠦᠷ᠎ᠡ ᠪᠦᠲᠦᠭᠡᠯ᠎ᠨᠢ ᠮᠠᠨ᠎ᠤ ᠣᠷᠣᠨ᠎ᠤ ᠰᠤᠷᠭᠠᠨ ᠬᠥᠮᠦᠵᠢᠯ᠎ᠢ ᠤᠷᠢᠳ ᠵᠢᠡᠷ ᠬᠥᠭᠵᠢᠭᠦᠯᠬᠦ ᠪᠠᠢᠯᠳᠤᠬᠤ ᠪᠣᠳᠣᠯᠭ᠎ᠠ᠎ᠶᠢ ᠢᠮᠠᠭᠲᠠ ᠭᠤᠢᠪᠢᠰᠢ ᠦᠭᠡᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠤᠯᠭᠠᠭᠰᠠᠨ ᠰᠤᠷᠭᠠᠨ ᠬᠥᠮᠦᠵᠢᠯ ᠡᠷᠬᠢᠯᠡᠬᠦ ᠤᠭ ᠰᠠᠨᠠᠭ᠎ᠠ᠎ᠶᠢ ᠪᠠᠲᠤ ᠪᠠᠷᠢᠮᠳᠠᠯᠠᠵᠤ᠂ ᠰᠤᠷᠭᠠᠭᠤᠯᠢ᠎ᠶᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠲᠦᠬᠡᠮᠡᠯ ᠬᠠᠷᠠᠭᠠᠯᠵᠠᠯ ᠦᠵᠡᠬᠦᠯᠬᠦ ᠦᠷ᠎ᠠ ᠠᠰᠢᠭ ᠢ᠋ ᠲᠦᠭ ᠲᠦᠮᠡᠨ ᠠᠢᠯ ᠡᠷᠦᠬᠡ᠎ᠳᠦ ᠬᠦᠷᠲᠡᠭᠡᠭᠰᠡᠨ ᠤ᠋ ᠠᠮᠢᠳᠤᠯᠢᠭ᠋ ᠦᠢᠯᠡᠳᠦᠯᠭᠡ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号