239 ᠡᠷᠤᠭᠡ ᠪᠡᠷ ᠪᠦᠷᠢᠯᠳᠦᠭᠰᠡᠨ ᠦᠨᠳᠦᠰᠦᠲᠡᠨ᠎ᠦ ᠪᠦᠯᠬᠦᠮᠳᠡᠯ᠎ᠦᠨ 《ᠲᠤᠮᠤ ᠭᠡᠷ ᠪᠦᠯᠢ 》
2026-01-26 10:43:29
ᠵᠣᠬᠢᠶᠠᠭ᠍ᠴᠢ᠄
ᠱᠢᠶᠤᠤ ᠯᠦ᠍
ᠣᠩᠱᠢᠭ᠍ᠰᠠᠨ ᠣᠳᠠᠭ᠎ᠠ᠄
★★★☆☆

ᠬᠦᠬᠡᠬᠡ ᠡᠪᠦᠯ᠎ᠦᠨ ᠬᠦᠢᠳᠡᠨ᠎ᠳᠤ᠂ ᠤᠯᠠᠭᠠᠨᠬᠠᠳᠠ ᠬᠤᠳᠠ᠎ᠶ᠋ᠢᠨ ᠯᠢᠨᠰᠢ ᠱᠢᠶᠠᠨ᠎ᠤ ᠴᠸᠡᠭ ᠨᠠᠨ ᠵᠡᠭᠡᠯᠢ ᠭᠤᠳᠤᠮᠵᠢ᠎ᠶ᠋ᠢᠨ ᠬᠣᠩ ᠯᠢᠨ ᠨᠡᠢᠭᠡᠮ ᠲᠣᠭᠣᠷᠢᠭ ᠎ᠤᠨ 《ᠤᠷᠠᠨ ᠭᠠᠷ᠎ᠢᠶᠠᠷ ᠰᠡᠳᠭᠢᠯ᠎ᠢᠶᠡᠨ ᠬᠣᠯᠪᠣᠬᠤ》 ᠭᠠᠷ ᠦᠢᠯᠡᠳᠭᠡᠯ᠎ᠦᠨ ᠭᠠᠵᠠᠷ᠎ᠲᠤ᠂ ᠵᠤᠤ ᠵᠢᠩ ᠵᠢᠶᠦ᠋ᠨ ᠪᠠᠭ᠍ᠰᠢ ᠵᠢᠨ ᠭᠠᠷ ᠲᠸ᠋᠎ᠨᠡᠬᠡᠮᠡᠯ ᠤ᠋ᠨ ᠵᠡᠬᠦᠦ ᠡᠷᠬᠢᠯᠳᠦᠵᠦ᠂ 20 ᠭᠠᠷᠤᠢ ᠡᠮᠡᠭ᠌ᠲᠡᠢᠴᠦᠳ ᠱᠢᠷᠡᠭᠡ᠎ᠲᠤᠭᠤᠷᠢᠨ ᠰᠠᠭᠤᠵᠤ ᠨᠡᠬᠡᠮᠡᠯ ᠤ᠋ᠨ ᠤᠷ᠎ᠠ ᠮᠡᠷᠭᠡᠵᠢᠯ ᠢ᠋ ᠰᠤᠷᠤᠯᠴᠠᠨ᠎ᠠ᠃《ᠮᠢᠨᠤ ᠭᠠᠷ᠎ᠲᠠᠬᠢ ᠨᠡᠭᠡᠮᠡᠯ᠎ᠤᠨ ᠦᠢᠯᠡᠰ ᠦᠨᠳᠦᠰᠦᠲᠡᠨ ᠨᠤᠭᠦᠳ᠎ᠦᠨ ᠡᠭᠡᠴᠢ ᠳᠡᠭᠦᠦ᠍᠎ᠨᠡᠷ᠎ᠦᠨ ᠰᠡᠳᠭᠢᠯ᠎ᠢ ᠬᠣᠯᠪᠣᠵᠤ ᠪᠠᠢᠳᠠᠭ》 ᠭᠡᠵᠦ ᠱᠢᠤᠢ ᠢᠦᠢ ᠬᠤᠸᠠ ᠬᠡᠯᠡᠨ᠎ᠠ᠃ ᠡᠨᠳᠡ᠂ 239 ᠬᠡᠷ ᠪᠦᠯᠢ ᠵᠢᠨ 1.1 ᠲᠦᠮᠡᠨ ᠲᠥᠭᠥᠷᠢᠭ᠎ᠦᠨ ᠣᠷᠣᠯᠭ᠎ᠠ ᠨᠡᠮᠡᠭ᠌ᠳᠡᠬᠦᠯᠬᠦ ᠨᠡᠭᠡᠮᠡᠯ᠎ᠤᠨ ᠠᠵᠢᠯ ᠲᠦᠷᠦᠯ ᠨᠢ ᠦᠨᠳᠦᠰᠦᠲᠡᠨ᠎ᠨᠦᠭᠦᠳ᠎ᠦᠨ ᠡᠮᠡᠭ᠌ᠲᠡᠢᠴᠦᠳ᠎ᠦᠨ ᠬᠠᠮᠳᠤ ᠵᠢᠨ ᠬᠦᠰᠡᠯ ᠡᠷᠡᠮᠡᠯᠵᠡᠯ  ᠪᠤᠯᠵᠤ ᠪᠠᠢᠳᠠᠭ ᠃

《ᠤᠷᠠᠨ ᠭᠠᠷ᠎ᠢᠶᠠᠷ ᠰᠡᠳᠭᠢᠯ᠎ᠢᠶᠡᠨ ᠬᠣᠯᠪᠣᠬᠤ》 ᠭᠠᠷ ᠦᠢᠯᠡᠳᠭᠡᠯ᠎ᠤᠨ ᠭᠠᠵᠠᠷ ᠨᠢ ᠨᠢᠭᠡᠨᠲᠡ ᠴᠸᠡᠭ ᠨᠠᠨ ᠵᠡᠭᠡᠯᠢ ᠭᠤᠳᠤᠮᠵᠢ᠎ᠶ᠋ᠢᠨ ᠦᠨᠳᠦᠰᠦᠲᠡᠨ᠎ᠦ ᠪᠦᠯᠬᠦᠮᠳᠡᠯ᠎ᠦᠨ ᠠᠵᠢᠯ᠎ᠢ ᠠᠬᠢᠭᠤᠯᠤᠭ᠍ᠰᠠᠨ ᠠᠮᠢᠳᠤᠯᠢᠭ ᠵᠢᠷᠤᠬᠯᠠᠯ ᠪᠤᠯᠵᠠᠢ᠃《ᠲᠤᠬᠠᠢ᠎ᠶ᠋ᠢᠨ ᠦᠶ᠎ᠡ᠎ᠳᠦ᠂ ᠵᠣᠬᠢᠶᠠᠨ ᠪᠠᠢᠭᠤᠯᠤᠯᠲᠠ᠎ᠠᠴᠠ ᠨᠠᠳᠠ ᠵᠢ ᠢᠲᠡᠭᠡᠵᠦ᠂ 3.4 ᠲᠦᠮᠡᠨ ᠦᠨᠳᠦᠰᠦᠲᠡᠨ᠎ᠨᠦᠭᠦᠳ᠎ᠦᠨ ᠤᠯᠠᠨ ᠲᠦᠮᠡᠨ ᠤ᠋ ᠬᠦᠰᠡᠯ ᠨᠠᠢᠳᠠᠯᠭ᠎ᠠ ᠵᠢ ᠨᠠᠳᠠ᠎ᠳᠤ ᠲᠤᠰᠢᠶᠠᠵᠦ ᠦᠭᠪᠡ᠂ ᠲᠡᠭᠡᠭᠡᠳ〈ᠵᠠᠭᠤᠨ ᠬᠡᠷ ᠪᠦᠯᠢ〉 ᠵᠢ 〈ᠨᠢᠭᠡ ᠭᠡᠷ᠎ᠦᠨ ᠬᠥᠮᠦᠨ ᠮᠡᠳᠦ ᠳᠤᠳᠤᠨᠤ〉 ᠪᠣᠯᠭᠠᠬᠤ ᠨᠢ ᠮᠢᠨᠦ᠍ ᠡᠭᠦᠷᠭᠡ ᠬᠠᠷᠢᠭᠤᠴᠠᠯᠭ᠎ᠠ ᠪᠣᠯᠤᠨ᠎ᠠ》ᠭᠡᠵᠦ ᠯᠢᠨᠰᠢ ᠱᠢᠶᠠᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠵᠢᠨ ᠳᠠᠷᠤᠭ᠎ᠠ ᠵᠠᠩ ᡁᠢ ᠸᠧᠢ ᠯᠢᠨᠰᠢ ᠱᠢᠶᠠᠨ᠎ᠤ ᠴᠸᠡᠭ ᠨᠠᠨ ᠵᠡᠭᠡᠯᠢ ᠭᠤᠳᠤᠮᠵᠢ᠎ᠳᠤ ᠠᠵᠢᠯᠯᠠᠵᠤ ᠪᠠᠢᠭ᠍ᠰᠠᠨ ᠦᠶ᠎ᠠ ᠪᠠᠨ ᠡᠷᠭᠢᠴᠡᠭᠦᠯᠦᠨ᠎ᠡ᠃

2020 ᠣᠨ᠎ᠤ 11 ᠰᠠᠷ᠎ᠠ᠎ᠳᠤ᠂ ᠵᠠᠩ ᡁᠢ ᠸᠧᠶ ᠯᠢᠨᠰᠢ ᠱᠢᠶᠠᠨ᠎ᠤ ᠴᠸᠡᠭ ᠨᠠᠨ  ᠵᠡᠭᠡᠯᠢ ᠭᠤᠳᠤᠮᠵᠢ᠎ᠶ᠋ᠢᠨ ᠡᠷᠬᠢᠯᠡᠭ᠌ᠴᠢ ᠪᠣᠯᠵᠣ᠂ 2022 ᠣᠨ᠎ᠤ 11 ᠰᠠᠷ᠎ᠠ᠎ᠳᠤ ᠴᠧᠩ ᠨᠠᠨ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ᠎ᠤᠨ ᠬᠣᠷᠢᠶ᠎ᠠ ᠵᠢᠨ ᠱᠦᠵᠢ᠎ᠶ᠋ᠢᠨ ᠲᠤᠱᠢᠶᠠᠯ᠎ᠢ ᠡᠭᠦᠷᠭᠡᠯᠡᠪᠡ᠃ 5 ᠵᠢᠯ᠎ᠦᠨ ᠲᠤᠷᠰᠢ᠂ ᠲᠡᠷᠡ ᠨᠠᠮ ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢ ᠦᠨᠳᠦᠰᠦᠨ ᠱᠠᠲᠤᠨ᠎ᠤ ᠪᠣᠳᠠᠲᠤ ᠪᠠᠢᠳᠠᠯ ᠎ᠲᠠᠶ ᠤᠶᠠᠯᠳᠤᠭᠤᠯᠵᠤ᠂ ᠠᠯᠢ ᠣᠯᠠᠨ ᠦᠨᠳᠦᠰᠦᠨ ᠱᠠᠲᠤᠨ᠎ᠤ ᠦᠨᠳᠦᠰᠦᠲᠡᠨ᠎ᠦ ᠬᠡᠷᠡᠭ ᠶᠠᠪᠤᠳᠠᠯ ᠎ᠤᠨ ᠵᠠᠰᠠᠯᠲᠠ᠎ᠶ᠋ᠢᠨ ᠬᠢᠯᠠᠰ ᠴᠡᠭ ᠨᠠᠷᠠᠲᠤ ᠲᠡᠮᠳᠡᠭ ᠪᠠ ᠥᠪᠡᠷᠮᠢᠴᠡ ᠣᠨᠴᠠᠯᠢᠭ᠎ᠲᠠᠶ ᠠᠷᠭ᠎ᠠ ᠬᠢᠳᠡᠯ᠎ᠢ ᠰᠦᠪᠡᠭ᠌ᠴᠢᠯᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠬ᠎ᠠ ᠳᠡᠭᠦᠦ ᠮᠡᠲᠦ ᠳᠣᠲᠣᠨᠣ ᠪᠠᠢᠬᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ᠎ᠶ᠋ᠢ ᠠᠬᠢᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠵᠦ᠍᠂ ᠵᠠᠩ ᡁᠢ ᠸᠧᠶ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ᠎ᠦ ᠢᠷᠠᠭᠤ ᠠᠯᠳᠠᠷ᠎ᠢ ᠭᠥᠷᠳᠡᠪᠡ᠃

ᠵᠠᠩ ᡁᠢ ᠸᠧᠢ᠎ᠶ᠋ᠢᠨ ᠠᠯᠪᠠᠨ ᠰᠢᠷᠡᠭᠡ ᠪᠠ ᠲᠡᠪᠡᠯ ᠤ᠋ᠨ ᠬᠠᠷᠮᠠᠨ ᠎ᠳᠤ  ᠬᠡᠵᠢᠶᠡᠳᠡ ᠵᠡᠭᠡᠯᠢ ᠭᠤᠳᠤᠮᠵᠢ᠎ᠶ᠋ᠢᠨ ᠠᠷᠠᠳ᠎ᠤᠨ ᠠᠮᠢᠳᠤᠷᠠᠯ᠎ᠤᠨ ᠳᠠᠩᠰᠠ ᠲᠡᠮᠳᠡᠭᠯᠡᠯ ᠪᠠᠢᠵᠦ᠂ ᠳᠡᠭᠡᠷ᠎ᠡ ᠨᠢ ᠵᠡᠭᠡᠯᠢ ᠭᠤᠳᠤᠮᠵᠢ᠎ᠶ᠋ᠢᠨ ᠬᠠᠷᠢᠶ᠎ᠠ ᠲᠣᠭᠣᠷᠢᠭ᠎ᠲᠠᠬᠢ ᠨᠡᠢᠭᠡᠮ ᠲᠣᠭᠣᠷᠢᠭ᠎ᠤᠨ ᠤᠯᠠᠨ ᠲᠦᠮᠡᠨ᠎ᠦ ᠪᠠᠴᠢᠮᠳᠠᠵᠤ ᠬᠦᠴᠢᠷᠳᠡᠵᠦ ᠪᠠᠢᠭ᠎ᠠ ᠶᠠᠪᠤᠳᠠᠯ᠎ᠢ ᠨᠠᠷᠢᠨ ᠲᠡᠮᠳᠡᠭ᠌ᠯᠡᠵᠦ᠍᠂ ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ ᠎ᠶ᠋ᠢ ᠬᠡᠷᠬᠢᠨ ᠦᠨᠡᠨ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠤᠬᠰᠠᠨ᠎ᠢ ᠲᠡᠮᠳᠡᠭ᠌ᠯᠡᠪᠡ᠃

ᠲᠡᠷᠡ《ᠤᠲᠠᠰᠤ ᠲᠠᠲᠠᠵᠤ ᠵᠡᠭᠦᠦ ᠬᠠᠳᠭᠤᠬᠤ》 ᠠᠵᠢᠯ ᠎ᠤᠨ ᠠᠷᠭ᠎ᠠ᠎ᠪᠠᠷ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢ ᠬᠤᠲᠠ᠎ᠶ᠋ᠢᠨ ᠵᠠᠰᠠᠯᠲᠠ᠎ᠳᠤ ᠣᠷᠣᠭᠤᠯᠬᠤ᠎ᠶ᠋ᠢ ᠠᠬᠢᠭᠤᠯᠵᠤ᠂《ᠬᠥᠷᠰᠢ ᠵᠡᠷᠭᠡᠯᠳᠡᠭᠡ ᠵᠢᠨ ᠪᠢᠴᠢᠯ ᠶᠠᠪᠤᠳᠠᠯ》 ᠭᠡᠭᠦ ᠬᠤᠪᠢᠰᠭᠠᠯᠲᠤ ᠲᠣᠣᠷᠵᠢᠯ᠎ᠤᠨ ᠨᠠᠮ᠎ᠤᠨ ᠪᠠᠢᠭᠤᠯᠤᠯᠲᠠ᠎ᠶ᠋ᠢᠨ ᠲᠦᠷᠦᠯ ᠲᠡᠮᠳᠡᠭ᠎ᠢ ᠡᠭᠦᠳᠴᠦ᠍᠂ 104 ᠪᠢᠴᠢᠯ ᠲᠣᠣᠷᠵᠢᠯ᠎ᠤᠨ ᠠᠵᠢᠯᠲᠠᠨ ᠎ᠢ ᠰᠣᠩᠭᠣᠨ ᠤᠷᠢᠵᠤ ᠦᠨᠳᠦᠰᠦᠲᠡᠨ᠎ᠦ ᠠᠵᠢᠯ ᠎ᠢ ᠨᠠᠷᠢᠯᠢᠭ᠍ᠵᠢᠭᠤᠯᠤᠨ ᠰᠠᠢᠲᠤᠷ ᠬᠢᠵᠦ᠍᠂ 《ᠨᠠᠮ ᠎ᠤᠨ ᠦᠨᠳᠦᠰᠦᠲᠡᠨ ᠎ᠦ ᠲᠦᠷᠦ᠍᠎ᠶ᠋ᠢᠨ ᠪᠤᠳᠤᠯᠭ᠎ᠠ᠎ᠶ᠋ᠢ ᠦᠨᠳᠦᠰᠦᠨ ᠱᠠᠲᠤᠨ᠎ᠳᠤ ᠣᠢᠯᠠᠭᠠᠬᠤ ᠬᠥᠮᠦᠨ᠎ᠲᠡᠶ᠂ ᠦᠨᠳᠦᠰᠦᠲᠡᠨ᠎ᠦ ᠠᠵᠢᠯ᠎ᠢ ᠦᠨᠳᠦᠰᠦᠨ ᠱᠠᠲᠤᠨ᠎ᠳᠤ ᠠᠳᠭᠤᠬᠤ ᠬᠥᠮᠦᠨ᠎ᠲᠡᠶ》 ᠪᠠᠢᠬᠤ᠎ᠶ᠋ᠢ ᠴᠢᠷᠮᠠᠢᠨ ᠪᠡᠶᠡᠯᠡᠭᠦᠯᠵᠦ᠍᠂ ᠠᠷᠠᠳ ᠲᠦᠮᠡᠨ ᠤ᠋ ᠦᠨᠡᠨ ᠰᠡᠳᠬᠢᠯ ᠤ᠋ᠨ ᠮᠠᠬᠳᠠᠭᠠᠯ ᠰᠠᠢᠰᠢᠶᠠᠯ ᠢ᠋ ᠤᠯᠵᠠᠢ᠃

ᠴᠧᠩ ᠨᠠᠨ ᠵᠡᠭᠡᠯᠢ ᠭᠤᠳᠤᠮᠵᠢ᠎ᠶ᠋ᠢᠨ 《 ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠠᠭᠤᠳᠠᠮ ᠲᠠᠯᠠᠪᠠᠶ 》 ᠪᠣᠯ ᠯᠢᠨᠰᠢ ᠱᠢᠶᠠᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠲᠠᠭᠠᠰᠢᠶᠠᠯ ᠎ᠢ ᠤᠯᠤᠬᠰᠠᠨ ᠬᠠᠯᠠᠮᠰᠢᠯ ᠭᠠᠵᠠᠷ ᠪᠣᠯᠤᠨ᠎ᠠ᠂ ᠠᠭᠤᠳᠠᠮ  ᠲᠠᠯᠠᠪᠠᠢ᠎ᠶ᠋ᠢᠨ ᠦᠵᠡᠮᠵᠢ᠂ ᠡᠯᠧᠮᠧᠨ᠋ᠲ᠎ᠦᠨ ᠲᠡᠮᠳᠡᠭ᠂ ᠤᠬᠠᠭᠤᠯᠭ᠎ᠠ᠎ᠶ᠋ᠢᠨ ᠤᠷᠢᠶ᠎ᠠ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠷᠲᠡᠭ᠎ᠦᠨ ᠠᠭᠤᠯᠤᠭ᠍ᠳᠠᠬᠤᠨ ᠎ᠢ ᠬᠦᠢᠴᠡᠳ ᠢᠯᠡᠷᠡᠬᠦᠯᠪᠡ᠃ ᠵᠠᠩ ᡁᠢ ᠸᠧᠶ ᠤᠬᠠᠭᠤᠯᠭ᠎ᠠ ᠬᠥᠮᠦᠵᠢᠯ᠎ᠦᠨ ᠠᠮᠢᠳᠤᠯᠢᠭ ᠡᠭᠦᠳᠦᠯᠲᠡ᠎ᠳᠦ ᠠᠩᠬᠠᠷᠤᠯ᠎ᠢᠶᠠᠨ ᠲᠦᠪᠯᠡᠷᠡᠬᠦᠯᠵᠦ᠂ 《ᠨᠠᠮ ᠎ᠢᠶᠠᠨ ᠳᠠᠭᠠᠵᠤ ᠪᠠᠶᠠᠷ ᠤ᠋ᠨ ᠡᠳᠦᠷ ᠵᠢᠡᠨ ᠦᠩᠬᠡᠷᠡᠬᠦᠯᠵᠦ  ᠥᠯᠵᠡᠢᠲᠦ ᠡᠳᠦᠷ᠎ᠢ ᠪᠡᠯᠭᠡᠯᠡᠵᠦ ᠣᠨᠢᠰᠤᠭ᠎ᠠ ᠳᠠᠭᠠᠬᠤ 》᠂ 《ᠳᠡᠷᠭᠡᠳᠡᠬᠢ ᠱᠢᠨ᠎ᠡ ᠬᠤᠪᠢᠷᠠᠯᠲᠠ᠎ᠶ᠋ᠢ ᠦᠵᠡᠬᠦ 》᠂ 《ᠬᠦᠨ ᠰᠡᠳᠬᠢᠯᠬᠡ ᠲᠠᠢ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ ᠂ ᠨᠠᠮ᠎ᠤᠨ ᠠᠴᠢ᠎ᠶ᠋ᠢ ᠮᠠᠭ᠍ᠲᠠᠨ ᠳᠠᠭᠤᠯᠠᠬᠤ 》 ᠵᠡᠷᠭᠡ ᠠᠯᠢ ᠣᠯᠠᠨ 《ᠪᠢᠳᠡᠨ᠎ᠦ ᠪᠠᠶᠠᠷ᠎ᠤᠨ ᠡᠳᠦᠷ 》 ᠭᠤᠤᠯ ᠰᠡᠳᠦᠪᠲᠦ ᠠᠵᠢᠯᠯᠠᠭ᠎ᠠ ᠵᠢ  ᠵᠣᠬᠢᠶᠠᠨ ᠪᠠᠢᠭᠤᠯᠤᠨ ᠦᠷᠨᠢᠬᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠎ᠢ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠭᠦᠯᠬᠦ᠌᠎ᠶ᠋ᠢ ᠢᠳᠡᠪᠬᠢᠲᠡᠶ᠎ᠪᠡᠷ ᠬᠥᠲᠥᠯᠥᠨ ᠵᠢᠯᠤᠭᠤᠳᠪᠠ᠃

ᠵᠠᠩ ᡁᠢ ᠸᠧᠶ ᠴᠸᠩ ᠨᠠᠨ ᠵᠡᠭᠡᠯᠢ ᠭᠤᠳᠤᠮᠵᠢ᠎ᠶ᠋ᠢᠨ ᠬᠠᠷᠢᠭᠤᠴᠠᠯᠭᠠᠳᠠᠨ ᠪᠣᠯᠤᠭ᠍ᠰᠠᠨ᠎ᠤ ᠬᠤᠪᠢ᠎ᠳᠤ ᠯᠠᠪᠲᠠᠶ ᠲᠤᠱᠢᠶᠠᠯ ᠬᠠᠷᠢᠭᠤᠴᠠᠯᠭ᠎ᠠ ᠎ᠪᠠᠨ ᠡᠭᠦᠷᠭᠡᠯᠡᠵᠦ᠍᠂ ᠰᠠᠢᠲᠤᠷ ᠨᠠᠢᠳᠠᠪᠤᠷᠢᠵᠢᠭᠤᠯᠬᠤ ᠶᠤᠮ ᠭᠡᠵᠦ᠍ ᠦᠷᠬᠦᠯᠵᠢ ᠣᠯᠠᠨ ᠲᠦᠮᠡᠨ᠎ᠳᠦ ᠬᠡᠯᠡᠳᠡᠭ᠃ ᠲᠡᠷᠡ ᠴᠧᠩ ᠨᠠᠨ ᠵᠡᠭᠡᠯᠢ ᠭᠤᠳᠤᠮᠵᠢ᠎ᠳᠤ ᠬᠦᠷᠴᠦ᠍ ᠲᠤᠱᠢᠶᠠᠯ ᠡᠭᠦᠷᠭᠡᠯᠡᠭ᠌ᠰᠡᠨ᠎ᠦ ᠳᠠᠷᠠᠭ᠎ᠠ᠂ ᠲᠦᠷᠦᠭᠦᠯᠡᠨ ᠨᠡᠢᠭᠡᠮ ᠲᠣᠭᠣᠷᠢᠭ᠎ᠲᠠᠶ ᠬᠠᠮᠲᠤ ᠎ᠪᠠᠷ ᠰᠤᠯᠠ ᠭᠠᠵᠠᠷ᠂ ᠡᠭᠦᠳᠡᠨ ᠬᠠᠷᠠᠭᠤᠯ ᠎ᠤᠨ ᠬᠡᠷ ᠵᠡᠷᠭᠡ ᠠᠱᠢᠭ᠍ᠯᠠᠵᠤ ᠪᠣᠯᠬᠤ ᠣᠷᠣᠨ ᠵᠠᠶ ᠎ᠳ᠋ᠸ᠋  8 《ᠬᠠᠢᠷ᠎ᠠ ᠬᠠᠯᠠᠮᠵᠢᠳᠦ ᠴᠸᠩ ᠨᠠᠨ 》 ᠎ᠰᠡᠳᠭᠢᠯ᠎ᠢ ᠳᠤᠯᠠᠭᠠᠴᠠᠭᠤᠯᠬᠤ ᠥᠷᠲᠡᠭᠡ ᠪᠠᠢᠭᠤᠯᠵᠤ᠂ 22 ᠡᠷᠡᠭᠦᠯ ᠮᠡᠨᠳᠦ᠍᠎ᠶ᠋ᠢᠨ ᠵᠢᠵᠢᠭ ᠥᠷᠥᠭᠡ᠂ ᠬᠠᠮᠲᠤ᠎ᠪᠠᠷ ᠡᠳ᠋ᠯᠡᠬᠦ᠌ ᠳᠠᠪᠲᠠᠯᠭ᠎ᠠ᠎ᠶ᠋ᠢᠨ ᠲᠠᠰᠤᠭ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠳᠣᠨ᠂ 24 ᠴᠠᠭ᠎ᠢᠶᠠᠷ ᠨᠢᠭᠡ ᠬᠣᠲᠠ᠎ᠳᠤ ᠬᠠᠮᠲᠤ᠎ᠪᠠᠷ ᠡᠳ᠋ᠯᠡᠬᠦ᠌ ᠣᠷᠣᠨ ᠵᠠᠶ ᠭᠠᠷᠭᠠᠵᠤ᠂ ᠦᠰᠦ ᠵᠠᠰᠠᠬᠤ᠂ ᠣᠶᠣᠳᠠᠯ ᠣᠶᠣᠬᠤ᠂ ᠬᠢᠲᠤᠭ᠎ᠠ ᠪᠢᠯᠡᠭᠦᠳᠡᠬᠦ᠌ ᠵᠡᠷᠭᠡ ᠭᠠᠷ ᠤᠷᠠᠴᠤᠳ᠎ᠢ ᠣᠷᠣᠭᠤᠯᠤᠨ ᠠᠪᠴᠢᠷᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠬᠡᠷ᠎ᠦᠨ ᠡᠭᠦᠳᠡᠨ᠎ᠳᠡᠬᠢ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ ᠬᠠᠩᠭᠠᠪᠠ᠃

2025 ᠣᠨ᠎ᠤ 3 ᠰᠠᠷ᠎ᠠ᠎ᠳᠤ ᠯᠢᠨᠰᠢ ᠱᠢᠶᠠᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶᠠᠨ ᠳ᠋ᠸ᠋ ᠲᠤᠱᠢᠶᠠᠯ᠎ᠰᠢᠯᠵᠢᠵᠦ᠂ ᠵᠠᠩ ᡁᠢ ᠸᠧᠢ 《ᠬᠢᠨᠠᠯᠲᠠ ᠬᠠᠮᠢᠶᠠᠷᠤᠯᠲᠠ》 ᠪᠠ 《ᠦᠢᠯᠡᠴᠢᠯᠡᠭᠡ 》ᠵᠢᠨ  ᠬᠣᠣᠰ ᠡᠭᠦᠷᠭᠡ ᠴᠢᠳᠠᠪᠬᠢ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠲᠡᠨ᠎ᠦ ᠪᠦᠯᠬᠦᠮᠳᠡᠯ ᠬᠢᠬᠡᠳ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠪᠠ᠃

ᠲᠡᠷᠡ 《ᠤᠯᠠᠭᠠᠨ ᠬᠥᠬᠡ ᠵᠢᠨ ᠬᠤᠯᠪᠤᠭ᠎ᠠ》 ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠲᠦᠷᠦᠯ  ᠲᠡᠮᠳᠡᠭ ᠎ᠢ ᠡᠭᠦᠳᠦᠨ ᠪᠠᠢᠭᠤᠯᠵᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠭᠤᠤᠯ ᠬᠠᠷᠢᠭᠤᠴᠠᠯᠭ᠎ᠠ ᠭᠤᠤᠯ ᠠᠵᠢᠯ ᠪᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯ᠎ᠢ ᠭᠦᠨᠵᠡᠭᠡᠶ ᠠᠭᠤᠰᠤᠯᠴᠠᠭᠤᠯᠬᠤ᠎ᠶ᠋ᠢᠨ ᠬᠠᠮᠲᠤ ᠵᠡᠭᠡᠯᠢ ᠭᠤᠳᠤᠮᠵᠢ ᠨᠡᠢᠭᠡᠮ ᠲᠣᠭᠣᠷᠢᠭ᠂ ᠡᠭᠦᠷᠭᠡ ᠴᠢᠳᠠᠪᠬᠢᠲᠤ ᠰᠠᠯᠠᠭ᠎ᠠ ᠮᠥᠴᠢᠷ ᠪᠠ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠲᠠᠢ ᠬᠣᠯᠪᠣᠭᠠᠯᠠᠨ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠥᠷᠨᠢᠭᠦᠯᠵᠦ᠍᠂ ᠨᠡᠢᠭᠡᠮ ᠲᠣᠭᠣᠷᠢᠭ᠎ᠲᠤ 8 ᠤᠳᠠᠭ᠎ᠠ ᠠᠵᠢᠯᠯᠠᠭ᠎ᠠ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠵᠢᠴᠢ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ 2000 ᠭᠠᠷᠤᠶ ᠬᠥᠮᠦᠨ ᠤᠳᠠᠭ᠎ᠠ ᠬᠠᠮᠤᠷᠴᠠᠶ᠃ ᠡᠭᠦᠨ᠎ᠡᠴᠡ ᠭᠠᠳᠠᠨ᠎ᠠ᠂ ᠯᠢᠨᠰᠢ ᠱᠢᠶᠠᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ  ᠪᠠᠰᠠ ᠯᠢᠨᠰᠢ ᠵᠢᠨ ᠬᠥᠳᠡᠭᠡ ᠲᠤᠰᠬᠤᠨ ᠤ᠋ ᠬᠤᠳᠠᠯᠳᠤᠭᠠᠨ᠎ᠤ ᠪᠠᠩᠬᠢ᠎ᠲᠠᠶ ᠬᠠᠮᠲᠤᠷᠠᠨ 《ᠵᠠᠰᠠᠭ ᠤ᠋ᠨ ᠤᠷᠳᠤᠨ  ᠪᠠᠩᠬᠢ ᠠᠵᠤ ᠠᠬᠤᠢᠯᠠᠯ ᠭᠠᠷ ᠬᠣᠯᠪᠣᠨ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠭ᠎ᠠ᠎ᠶ᠋ᠢ ᠠᠬᠢᠭᠤᠯᠬᠤ 〈ᠤᠯᠠᠭᠠᠨ ᠬᠦᠬᠡ ᠵᠢᠨ ᠬᠤᠯᠪᠤᠭ᠎ᠠ〉 ᠪᠡᠷ ᠰᠡᠳᠭᠢᠯ ᠨᠢᠭᠡᠳᠦᠨ ᠠᠵᠤ ᠠᠬᠤᠢᠯᠠᠯ᠎ᠤᠨ ᠬᠥᠭ᠌ᠵᠢᠯᠲᠡ ᠳ᠋ᠸ᠋ ᠬᠦᠴᠦᠨ ᠤᠯᠭᠤᠬᠤ》 ᠵᠡᠷᠭᠡ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ ᠥᠷᠨᠢᠭᠦᠯᠵᠦ᠍᠂ ᠲᠦᠷᠦ᠍᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠬᠤ 《ᠡᠴᠦᠰ᠎ᠦᠨ ᠨᠢᠭᠡ ᠺᠢᠯᠤᠮᠸᠲᠷ 》 ᠎ᠢ᠋ ᠨᠡᠪᠲᠡᠷᠡᠭᠦᠯᠵᠦ᠍᠂ ᠮᠥᠩᠭᠥᠨ ᠭᠦᠢᠯᠭᠡᠭᠡᠨ᠎ᠦ ᠦᠢᠯᠡᠴᠢᠯᠡᠭᠡ ᠵᠢᠨ 《ᠡᠴᠦᠰ᠎ᠦᠨ ᠨᠢᠭᠡ ᠳᠠᠪᠠᠭ᠎ᠠ 》 ᠵᠢ ᠡᠪᠳᠡᠵᠦ᠍᠂ ᠠᠵᠤ ᠠᠬᠤᠢᠯᠠᠯ᠎ᠳᠤ ᠬᠠᠯᠠᠭᠤᠨ ᠳᠤᠯᠠᠭᠠᠨ᠂ ᠡᠷᠴᠢᠮ᠎ᠲᠡᠶ ᠦᠢᠯᠡᠴᠢᠯᠡᠭᠡᠨ᠎ᠦ ᠪᠠᠲᠤᠯᠠᠭ᠎ᠠ᠎ᠶ᠋ᠢ ᠦᠨᠡᠨ ᠬᠦ᠌ ᠮᠡᠳᠡᠷᠡᠭᠦᠯᠪᠡ᠃

ᠨᠢᠭᠡ ᠡᠪ ᠬᠠᠮᠲᠤ ᠨᠠᠮ᠎ᠤᠨ ᠭᠡᠱᠢᠭᠦᠨ ᠪᠣᠯ ᠨᠢᠭᠡ ᠲᠤᠭ ᠲᠡᠮᠳᠡᠭ ᠮᠥᠨ᠃ ᠵᠠᠩ ᡁᠢ ᠸᠧᠢ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠪᠠᠷ᠎ᠢᠶᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ  ᠪᠠᠲᠤ ᠴᠣᠭ᠍ᠴᠠᠯᠠᠬᠤ ᠪᠣᠳᠠᠲᠦ ᠠᠵᠢᠯ ᠎ᠤᠨ ᠱᠠᠭᠠᠷᠳᠠᠯᠭ᠎ᠠ ᠎ᠶ᠋ᠢ ᠦᠢᠯᠡᠳᠦᠯᠭᠡᠵᠢᠭᠦᠯᠵᠦ᠍᠂ ᠦᠨᠳᠦᠰᠦᠲᠡᠨ᠎ᠦ ᠪᠦᠯᠬᠦᠮᠳᠡᠯ ᠎ᠦᠨ ᠴᠡᠴᠡᠭ ᠎ᠢ ᠦᠨᠳᠦᠰᠦᠨ ᠱᠠᠲᠤᠨ᠎ᠳᠤ ᠳᠡᠯᠭᠡᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号