ᠬᠥᠬᠡᠬᠣᠲᠠ᠎ᠶ᠋ᠢᠨ ᠱᠢᠤᠳᠠᠨ᠎ᠤ ᠲᠦᠷᠭᠡᠨ ᠬᠦᠷᠭᠡᠯᠳᠡ ᠵᠢᠨ ᠦᠶ᠋ᠯᠡᠰ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠤᠭᠰᠠᠨ ᠪᠣᠳᠠᠲᠤ ᠲᠡᠮᠳᠡᠭᠯᠡᠯ
2026-01-26 10:32:21
ᠵᠣᠬᠢᠶᠠᠭ᠍ᠴᠢ᠄
ᠵᠧᠩ ᠱᠢᠤᠸᠠᠢ ᠯᠢᠶᠠᠩ ᠰᠥᠩ ᠱᠢᠶᠠᠩ ᠬᠤᠸᠠ
ᠣᠩᠱᠢᠭ᠍ᠰᠠᠨ ᠣᠳᠠᠭ᠎ᠠ᠄
★★★☆☆

ᠡᠷᠭᠢᠯᠳᠦᠭᠦᠯᠦᠨ ᠠᠱᠢᠭ᠍ᠯᠠᠵᠤ ᠥᠪᠡᠷ ᠎ᠦᠨ ᠥᠷᠲᠡᠭ ᠎ᠢ ᠪᠠᠭᠤᠷᠠᠭᠤᠯᠤᠨ ᠨᠡᠭᠦᠷᠡᠰᠦᠲᠥ᠋ᠷᠥᠭ᠌ᠴᠢ ᠪᠠᠭ᠎ᠠ ᠭᠠᠳᠠᠭᠰᠢᠯᠠᠭᠤᠯᠤᠨ ᠣᠷᠴᠢᠨ ᠲᠣᠭᠣᠷᠢᠨ᠎ᠢ ᠬᠠᠮᠠᠭᠠᠯᠠᠨ᠎ᠠ


ᠬᠥᠬᠡᠬᠣᠲᠠ᠎ᠳᠤ ᠨᠢᠳᠤᠨᠤᠨ᠎ᠡᠴᠡ ᠡᠬᠢᠯᠡᠨ ᠬᠥᠮᠦᠰ ᠲᠦᠷᠭᠡᠨ ᠬᠦᠷᠭᠡᠯᠳᠡ᠎ᠶ᠋ᠢ ᠠᠪᠬᠤ ᠳ᠋ᠠᠭᠠᠨ᠂ ᠭᠠᠳᠠᠷ ᠪᠣᠭᠣᠳᠠᠯ ᠤ᠋ᠨ ᠬᠠᠢᠷᠴᠠᠭ ᠢ᠋ ᠨᠢ ᠦᠯᠡᠳᠡᠭᠡᠬᠦ᠌ ᠬᠡᠷᠡᠭ᠌ᠯᠡᠭ᠌ᠴᠢ ᠶᠠᠪᠤᠬᠤ ᠲᠤᠲᠤᠮ ᠣᠯᠠᠱᠢᠷᠠᠵᠤ ᠪᠠᠢᠬᠤ᠎ᠶ᠋ᠢ ᠣᠯᠵᠤ ᠮᠡᠳᠡᠵᠡᠶ; ᠲᠦᠷᠭᠡᠨ ᠬᠦᠷᠭᠡᠯᠲᠡ᠎ᠶ᠋ᠢᠨ ᠪᠦᠷᠢᠨ ᠪᠦᠲᠦᠨ ᠪᠠᠢᠬᠤ᠎ᠶ᠋ᠢ ᠪᠠᠲᠤᠯᠠᠭ᠍ᠰᠠᠨ ᠪᠠᠢᠳᠠᠯ ᠳᠤᠤᠷ᠎ᠠ᠂ ᠭᠠᠳᠠᠷ ᠪᠣᠭᠣᠳᠠᠯ ᠨᠢ ᠤᠯᠠᠮ᠎ᠡᠴᠡ ᠤᠯᠠᠮ ᠳᠥᠭᠥᠮ ᠪᠣᠯᠵᠤ ᠪᠠᠢᠨ᠎ᠠ; ᠰᠢᠤᠳᠠᠨ ᠢᠯᠡᠭᠡᠬᠦ᠌ ᠳ᠋ᠡᠭᠡᠨ ᠰᠠᠨᠠᠭᠠᠴᠢᠯᠠᠭ᠎ᠠ᠎ᠡᠴᠡ᠎ᠪᠠᠨ ᠡᠭᠡᠭᠦᠯᠦᠨ ᠬᠣᠷᠢᠶᠠᠭᠰᠠᠨ ᠬᠠᠭᠤᠴᠢᠨ ᠬᠠᠢᠷᠴᠠᠭ ᠢ᠋ ᠬᠡᠷᠡᠭᠯᠡᠬᠦ ᠨᠢ ᠪᠠᠰᠠ ᠡᠳᠦᠷ ᠢᠷᠡᠬᠦᠶ᠎ᠡ ᠣᠯᠠᠱᠢᠷᠠᠵᠤ ᠪᠠᠢᠨ᠎ᠠ᠃

ᠶᠠᠭᠠᠬᠢᠭᠠᠳ ᠡᠢᠮᠦ ᠪᠤᠯᠤᠭᠰᠠᠨ ᠪᠤᠢ ᠭᠡᠬᠦᠯᠡᠷ᠂ ᠡᠨᠡ ᠪᠣᠯ ᠱᠢᠤᠳᠠᠨ᠎ᠤ ᠲᠦᠷᠭᠡᠨ ᠬᠦᠷᠭᠡᠯᠲᠡ᠎ᠶ᠋ᠢᠨ ᠠᠵᠢᠯ ᠲᠥᠷᠥᠯ ᠤ᠋ᠨ ᠬᠢᠨ 《ᠵᠢᠵᠢᠭ ᠶᠠᠪᠤᠳᠠᠯ》 ᠡᠴᠡ ᠭᠠᠷᠳᠠᠨ ᠬᠢᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠤ ᠣᠢᠯᠠᠭᠠᠭ᠍ᠳᠠᠬᠤᠨ ᠎ᠢ ᠲᠦᠷᠭᠡᠨ ᠬᠦᠷᠭᠡᠯᠲᠡ᠎ᠶ᠋ᠢᠨ ᠦᠶ᠋ᠯᠡᠴᠢᠯᠡᠭᠡᠨ᠎ᠦ ᠭᠣᠭ᠍ᠴᠣᠭ᠎ᠠ ᠨᠢᠭᠡᠪᠦᠷᠢ᠎ᠳᠦ ᠠᠭᠤᠰᠭᠠᠨ᠂ ᠬᠥᠮᠦᠰ᠎ᠢ ᠲᠦᠷᠭᠡᠨ ᠬᠦᠷᠭᠡᠯᠲᠡ᠎ᠶ᠋ᠢᠨ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠲᠠᠭᠠᠭᠤᠯᠤᠬᠴᠢ ᠪᠤᠯᠪᠠ᠃

ᠣᠢᠷ᠎ᠠ᠎ᠳᠤ ᠰᠤᠷᠪᠤᠯᠵᠢᠯᠠᠭ᠍ᠴᠢ ᠴᠡᠴᠡᠷᠯᠢᠭ᠎ᠦᠨ ᠪᠠᠷᠠᠭᠤᠨ ᠡᠭᠦᠳᠡᠨ᠎ᠦ ᠣᠢᠷᠠᠯᠴᠠᠭᠠᠬᠢ ᠱᠦᠨ ᠹᠸᠩ ᠲᠦᠷᠭᠡᠨ ᠬᠦᠷᠭᠡᠯᠲᠡ᠎ᠶ᠋ᠢᠨ ᠴᠡᠭ᠎ᠲᠦ ᠬᠦᠷᠬᠦ᠌᠎ᠳᠦ᠂ ᠨᠢᠭᠡᠨ ᠬᠡᠷᠡᠭ᠌ᠯᠡᠭ᠌ᠴᠢ ᠰᠢᠤᠳᠠᠨ ᠢᠯᠡᠭᠡᠬᠦ᠌᠎ᠪᠡᠷ ᠪᠠᠢᠬᠤ ᠲᠠᠢ ᠲᠠᠭᠠᠷᠠᠯᠳᠤᠯ᠎ᠠ᠂ ᠬᠡᠷᠡᠭ᠌ᠯᠡᠭ᠌ᠴᠢ᠎ᠶ᠋ᠢᠨ ᠵᠥᠪᠱᠢᠶᠡᠷᠡᠯ᠎ᠢ ᠣᠯᠤᠭ᠍ᠰᠠᠨ᠎ᠤ ᠳᠠᠷᠠᠭ᠎ᠠ᠂ ᠲᠦᠷᠭᠡᠨ ᠬᠦᠷᠭᠡᠭ᠌ᠴᠢ ᠡᠭᠡᠭᠦᠯᠦᠨ ᠬᠤᠷᠢᠶᠠᠭᠰᠠᠨ ᠬᠠᠭᠤᠴᠢᠨ ᠬᠠᠢᠷᠴᠠᠭ ᠲᠤ᠌ ᠪᠠᠷᠠᠭ᠎ᠠ ᠵᠢ ᠬᠢᠵᠤ ᠪᠤᠭᠤᠳᠠᠯᠯᠠᠪᠠ᠃

ᠡᠨᠡ ᠬᠦ᠌ ᠬᠡᠷᠡᠭ᠌ᠯᠡᠭ᠌ᠴᠢ ᠰᠤᠷᠪᠤᠯᠵᠢᠯᠠᠭ᠍ᠴᠢ᠎ᠳᠤ᠂ ᠡᠩ ᠎ᠦᠨ ᠦᠶ᠎ᠡ᠎ᠳᠦ ᠲᠦᠷᠭᠡᠨ ᠬᠦᠷᠭᠡᠯᠳᠡ ᠪᠠᠨ ᠠᠪᠬᠤ ᠦᠶ᠎ᠡ᠎ᠳᠦ ᠭᠠᠳᠠᠷ ᠪᠣᠭᠣᠳᠠᠯ ᠤ᠋ᠨ ᠬᠠᠢᠷᠴᠠᠭ ᠢ᠋ ᠨᠢ ᠡᠨᠳᠡ ᠦᠯᠡᠳᠡᠭᠡᠵᠦ᠍ ᠵᠠᠩᠱᠢᠪᠠ᠂ ᠲᠡᠷᠡ ᠮᠥᠷᠲᠡᠭᠡᠨ ᠡᠷᠬᠢᠨ ᠲᠣᠭᠣᠷᠢᠨ᠎ᠤ ᠴᠥᠭᠡᠨ ᠪᠤᠰᠤ ᠬᠥᠮᠦᠰ ᠴᠥᠮ ᠲᠦᠷᠭᠡᠨ ᠬᠦᠷᠭᠡᠯᠳᠡ ᠪᠠᠨ ᠠᠪᠤᠭᠰᠠᠨ ᠤ᠋ ᠳᠠᠷᠠᠭ᠎ᠠ ᠭᠠᠳᠠᠷ ᠪᠣᠭᠣᠳᠠᠯ ᠤ᠋ᠨ ᠬᠠᠢᠷᠴᠠᠭ ᠢ᠋ ᠨᠢ ᠦᠯᠡᠳᠡᠭᠡᠳᠡᠭ᠃ ᠰᠢᠤᠳᠠᠨ ᠢᠯᠡᠭᠡᠬᠦ᠌᠎ᠳᠦ ᠬᠠᠮᠤᠭ ᠲᠡᠷᠢᠭᠦᠨ᠎ᠳᠦ ᠡᠭᠡᠭᠦᠯᠦᠨ ᠬᠤᠷᠢᠶᠠᠭᠰᠠᠨ ᠬᠠᠭᠤᠴᠢᠨ ᠬᠠᠢᠷᠴᠠᠭ᠎ᠢ ᠰᠣᠩᠭᠣᠨ᠎ᠠ᠂  ᠬᠡᠷᠡᠭ᠌ᠯᠡᠵᠦ᠍ ᠪᠣᠯᠪᠠᠯ ᠬᠡᠷᠡᠭᠯᠡᠨ᠎ᠠ᠂ ᠪᠢᠲᠡᠭᠡᠶ ᠪᠦᠷᠢᠯᠭᠡ ᠭᠡᠵᠤ ᠬᠡᠯᠡᠪᠡ᠃

《ᠬᠡᠷᠡᠭ᠌ᠯᠡᠵᠦ᠍ ᠪᠣᠯᠪᠠᠯ ᠬᠡᠷᠡᠭᠯᠡᠨ᠎ᠠ᠂ ᠪᠢᠲᠡᠭᠡᠶ ᠪᠦᠷᠢᠯᠭᠡ》᠂ ᠡᠨᠡ ᠬᠦ᠌ ᠦᠭᠡ ᠨᠢ ᠬᠡᠷᠡᠭ᠌ᠯᠡᠭ᠌ᠴᠢᠳ᠎ᠦᠨ ᠪᠣᠭᠣᠳᠠᠯ ᠤ᠋ᠨ ᠬᠠᠢᠷᠴᠠᠭ᠎ᠰᠣᠩᠭᠣᠬᠤ ᠠᠵᠢᠯᠯᠠᠭ᠎ᠠ ᠳᠡᠭᠡᠷ᠎ᠡ ᠢᠯᠡᠷᠡᠵᠦ᠍ ᠪᠠᠢᠬᠤ᠎ᠪᠠᠷ ᠪᠠᠷᠠᠬᠤ ᠥᠬᠡᠶ᠂ ᠨᠠᠩ ᠴᠤ᠌ ᠱᠢᠤᠳᠠᠨ᠎ᠤ ᠲᠦᠷᠭᠡᠨ ᠬᠦᠷᠭᠡᠬᠦ᠌ ᠠᠵᠢᠯ ᠲᠥᠷᠥᠯ᠎ᠦᠨ ᠡᠳᠦᠷ ᠲᠤᠲᠤᠮ ᠎ᠤᠨ ᠠᠵᠢᠯ᠎ᠳᠤ ᠪᠤᠳᠠᠳᠠᠢ ᠢᠯᠡᠷᠡᠵᠦ᠍ ᠪᠠᠢᠨ᠎ᠠ᠃

ᠰᠤᠷᠪᠤᠯᠵᠢᠯᠠᠭ᠍ᠴᠢ᠎ᠶ᠋ᠢᠨ ᠠᠩᠬᠠᠷᠤᠭ᠍ᠰᠠᠨ᠎ᠢᠶᠠᠷ᠂ ᠲᠦᠷᠭᠡᠨ ᠬᠦᠷᠭᠡᠭ᠌ᠴᠢ ᠲᠦᠷᠭᠡᠨ ᠬᠦᠷᠭᠡᠯᠲᠡ᠎ᠶ᠋ᠢᠨ ᠪᠣᠭᠣᠳᠠᠯ᠎ᠢ ᠪᠣᠭᠣᠬᠤ᠎ᠳᠦ᠂ ᠬᠤᠨᠳᠠᠨ ᠥᠩᠭᠡᠲᠡᠶ ᠰᠦᠯᠢᠶᠣᠣ ᠤᠳᠠᠰᠤ ᠪᠡᠷ ᠪᠣᠭᠣᠵᠤ ᠪᠠᠢᠵᠠᠶ᠂ ᠡᠨᠡ ᠬᠦ᠌ ᠰᠦᠯᠢᠶᠤᠤ ᠤᠳᠠᠰᠤ ᠵᠢ ᠳᠠᠬᠢᠨ ᠳᠠᠪᠲᠠᠨ ᠬᠡᠷᠡᠭᠯᠡᠵᠤ ᠪᠤᠯᠳᠠᠭ ᠪᠠᠢᠨ᠎ᠠ ᠃

ᠰᠤᠷᠪᠤᠯᠵᠢᠯᠠᠭ᠍ᠴᠢ᠎ᠨᠠᠷᠢᠨ ᠠᠵᠢᠭ᠍ᠯᠠᠬᠤ᠎ᠳᠦ᠂ ᠰᠠᠩ ᠬᠥᠮᠥᠷᠭᠡ᠎ᠶ᠋ᠢᠨ ᠬᠠᠮᠢᠶᠠᠷᠤᠭ᠍ᠴᠢ ᠶᠠᠨ ᠱᠢᠶᠠ᠄ 《ᠡᠨᠡ ᠪᠣᠯ ᠭᠠᠢᠬᠠᠮᠰᠢᠭᠳᠤ ᠪᠠᠭᠠᠵᠢ ᠰᠢᠤ᠂ ᠪᠠᠭ᠎ᠠ ᠭᠡᠵᠦ᠍ ᠪᠢᠲᠡᠭᠡᠶ ᠪᠠᠰᠤ᠂ ᠬᠠᠷᠢᠨ ᠪᠢᠳᠡᠨ᠎ᠳᠦ ᠪᠠᠭ᠎ᠠ ᠪᠤᠰᠤ ᠵᠠᠷᠤᠳᠠᠯ ᠠᠷᠪᠢᠯᠠᠵᠤ ᠥᠭ᠌ᠴᠡᠶ᠂ ᠡᠨᠡ ᠨᠢ ᠮᠠᠨ᠎ᠤ ᠠᠵᠢᠯ ᠲᠥᠷᠥᠯ᠎ᠦᠨ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠤᠭ᠍ᠰᠠᠨ᠎ᠡᠴᠡ ᠪᠣᠯᠤᠭ᠍ᠰᠠᠨ ᠦᠷ᠎ᠠ ᠳ᠋ᠦᠨᠭ  ᠶᠤᠮ》 ᠭᠡᠪᠡ᠃

ᠲᠡᠷᠡ ᠪᠠᠷ ᠬᠢᠵᠤ ᠦᠵᠡᠭᠦᠯᠬᠦ᠌᠎ᠶ᠋ᠢᠨ ᠳᠠᠭᠠᠤ᠄ 《ᠥᠩᠭᠡᠷᠡᠭ᠌ᠰᠡᠨ᠎ᠳᠦ᠂ ᠪᠢᠳᠡ ᠲᠦᠷᠭᠡᠨ ᠬᠦᠷᠭᠡᠯᠲᠡ᠎ᠶ᠋ᠢᠨ ᠪᠣᠭᠣᠳᠠᠯ᠎ᠢ ᠪᠣᠭᠣᠬᠤ ᠦᠶ᠎ᠡ᠎ᠳᠦ ᠨᠢᠭᠡ ᠯᠡ ᠤᠳᠠᠭ᠎ᠠ ᠬᠡᠷᠡᠭᠯᠡᠵᠤ ᠪᠤᠯᠳᠠᠭ ᠤᠳᠠᠰᠤ ᠬᠡᠷᠡᠭᠯᠡᠵᠤ ᠪᠠᠢᠵᠠᠢ᠂ ᠬᠡᠳᠦᠢᠪᠡᠷ ᠦᠨ᠎ᠡ ᠨᠢ ᠬᠢᠮᠳᠠ ᠪᠣᠯᠪᠠᠴᠤ᠌ ᠪᠢᠳᠡᠨ᠎ᠦ ᠬᠡᠷᠡᠭ᠌ᠯᠡᠬᠦ᠌ ᠬᠡᠮᠵᠢᠶ᠎ᠡ ᠶᠡᠬᠡ ᠱᠢᠤ ᠳ᠋ᠡ᠂ ᠡᠢᠮᠦ᠍ ᠪᠣᠭᠣᠯᠲᠠ ᠵᠢᠨ ᠤᠳᠠᠰᠤ ᠵᠢ ᠰᠣᠯᠢᠭ᠍ᠰᠠᠨ᠎ᠡᠴᠡ ᠨᠠᠭᠠᠰᠢ᠂  ᠲᠦᠷᠭᠡᠨ ᠬᠦᠷᠭᠡᠯᠲᠡ᠎ᠶ᠋ᠢᠨ ᠵᠦᠢᠯ᠎ᠢ ᠠᠪᠴᠤ᠌ ᠭᠠᠷᠭᠠᠭᠰᠠᠨ ᠤ᠋ ᠳᠠᠷᠠᠭ᠎ᠠ ᠳᠠᠬᠢᠨ ᠬᠡᠷᠡᠭ᠌ᠯᠡᠵᠦ᠍ ᠪᠣᠯᠤᠨ᠎ᠠ᠂ ᠲᠤᠷᠭᠠᠭᠤᠷ ᠨᠢ ᠮᠠᠭᠤᠳᠠᠬᠤ ᠦᠭᠡᠢ ᠪᠣᠯ ᠨᠡᠢᠳᠡᠮ ᠬᠡᠷᠡᠭ᠌ᠯᠡᠵᠦ᠍ ᠪᠣᠯᠤᠨ᠎ᠠ᠂ ᠵᠥᠪᠬᠡᠨ ᠡᠨᠡ ᠨᠢᠭᠡ ᠵᠦᠢᠯ ᠨᠢ ᠦᠢᠯᠡᠳᠪᠦᠷᠢᠯᠡᠯ᠎ᠦᠨ ᠥᠪᠡᠷ᠎ᠦᠨ ᠥᠷᠲᠡᠭ᠎ᠢ ᠪᠠᠭᠤᠷᠠᠭᠤᠯᠬᠤ ᠮᠥᠷᠲᠡᠭᠡᠨ ᠪᠠᠰᠠ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠨ᠎ᠠ》 ᠭᠡᠵᠤ ᠬᠡᠯᠡᠨ᠎ᠠ᠃

ᠦᠢᠯᠡᠳᠪᠦᠷᠢᠯᠡᠯ᠎ᠦᠨ ᠥᠪᠡᠷ᠎ᠦᠨ ᠦᠷᠳᠡᠭ᠎ᠢ ᠪᠠᠭᠤᠷᠠᠭᠤᠯᠬᠤ ᠮᠥᠷᠲᠡᠭᠡᠨ ᠪᠠᠰᠠ ᠠᠮᠢ ᠠᠬᠤᠢ ᠣᠷᠴᠢᠨ ᠲᠣᠭᠣᠷᠢᠨ ᠢ᠋ ᠬᠠᠮᠠᠭᠠᠯᠠᠬᠤ ᠠᠱᠢᠭ᠎ᠢ ᠬᠦᠷᠲᠡᠭ᠌ᠰᠡᠨ ᠨᠢ ᠵᠥᠪᠬᠡᠨ ᠱᠦᠨ ᠹᠧᠩ ᠺᠤᠮᠫᠠᠨᠢ ᠪᠡᠷ ᠵᠤᠬᠰᠤᠬᠤ ᠦᠭᠡᠢ᠃

ᠵᠥᠩ ᠲᠦᠩ ᠲᠦᠷᠭᠡᠨ ᠬᠦᠷᠭᠡᠯᠲᠡ᠎ᠶ᠋ᠢᠨ ᠬᠥᠬᠡᠬᠣᠲᠠ᠎ᠶ᠋ᠢᠨ ᠳᠠᠮᠵᠢᠭᠤᠯᠤᠨ ᠲᠡᠭᠡᠭᠡᠪᠦᠷᠢᠯᠡᠬᠦ᠌ ᠲᠥᠪ᠎ᠤᠨ ᠠᠵᠢᠯᠯᠠᠭᠠᠨ᠎ᠤ ᠲᠣᠭᠣᠷᠢᠭ᠎ᠲᠤ᠂ ᠰᠤᠷᠪᠤᠯᠵᠢᠯᠠᠭ᠍ᠴᠢ ᠠᠦ᠋ᠲ᠋ᠣ᠋ ᠪᠡᠷ ᠬᠤᠪᠢᠶᠠᠨ ᠢᠯᠭᠠᠬᠤ ᠱᠤᠭᠤᠮ ᠲᠦᠷᠭᠡᠨ ᠡᠷᠭᠢᠯᠳᠤᠵᠤ᠂ ᠬᠤᠪᠢᠶᠠᠨ ᠢᠯᠭᠠᠬᠤ ᠠᠵᠢᠯᠲᠠᠨ ᠥᠪᠡᠷ ᠥᠪᠡᠷ᠎ᠦᠨ ᠴᠡᠭ ᠣᠷᠣᠨ᠎ᠳᠠᠭᠠᠨ ᠪᠣᠯᠪᠠᠰᠤᠷᠠᠩᠭᠤᠶ ᠠᠵᠢᠯᠯᠠᠵᠤ᠂ ᠪᠣᠶ ᠪᠥᠬᠥᠶ ᠬᠤᠪᠢᠶᠠᠨ ᠰᠠᠯᠭᠠᠬᠤ ᠱᠢᠰᠲ᠋ᠧᠮ᠎ᠳᠦ ᠴᠥᠮ ᠡᠷᠭᠢᠯᠳᠦᠨ ᠠᠰᠢᠭᠯᠠᠵᠤ ᠪᠣᠯᠬᠤ ᠤᠭᠤᠲᠠ ᠲᠣᠬᠢᠷᠠᠭᠤᠯᠤᠭ᠍ᠰᠠᠨ᠎ᠢ ᠣᠯᠵᠤ ᠬᠠᠷᠠᠪᠠ᠃

《ᠤᠢ᠍ᠢᠷ᠎ᠠ᠎ᠶ᠋ᠢᠨ ᠵᠢᠯ᠎ᠡᠴᠡ ᠪᠢᠳᠡ ᠪᠣᠬᠢᠷᠲᠤᠯ ᠦᠭᠡᠢ ᠣᠷᠴᠢᠨ ᠲᠣᠭᠣᠷᠢᠨ᠎ᠢ ᠬᠠᠮᠠᠭᠠᠯᠠᠬᠤ ᠤᠢ᠍ᠢᠯᠠᠭᠠᠭ᠍ᠳᠠᠬᠤᠨ᠎ᠢ ᠡᠵᠡᠩᠨᠡᠯᠲᠡ᠎ᠶ᠋ᠢᠨ ᠡᠯ᠎ᠡ ᠭᠣᠭ᠍ᠴᠣᠭ᠎ᠠ᠎ᠳᠤ ᠭᠦᠨᠵᠡᠭᠡᠢ ᠠᠭᠤᠰᠤᠯᠴᠠᠭᠤᠯᠵᠤ᠂ ᠪᠣᠭᠣᠳᠠᠯ᠎ᠤᠨ ᠬᠡᠮᠵᠢᠢ᠎ᠡ᠎ᠶ᠋ᠢ ᠪᠠᠭᠠᠰᠭᠠᠵᠤ᠂ ᠣᠷᠴᠢᠨ ᠲᠣᠭᠣᠷᠢᠨ᠎ᠤ ᠳᠠᠷᠤᠭᠠᠰᠤ᠎ᠶ᠋ᠢ ᠡᠬᠢ ᠡᠭᠦᠰᠦᠯ᠎ᠡᠴᠡ ᠨᠢ ᠬᠥᠩᠭᠡᠷᠡᠭᠦᠯᠪᠡ》᠃ ᠲᠤᠬᠠᠢ᠎ᠶ᠋ᠢᠨ ᠲᠠᠯᠠᠪᠠᠢ᠎ᠳᠤ᠂ ᠵᠦᠩ ᠲᠦᠩ ᠲᠦᠷᠭᠡᠨ ᠬᠦᠷᠭᠡᠯᠲᠡ᠎ᠶ᠋ᠢᠨ ᠪᠦᠯᠦᠭ᠌ᠯᠡᠯ᠎ᠦᠨ ᠥᠪᠥᠷ ᠮᠣᠩᠭᠣᠯ᠎ᠤᠨ ᠬᠠᠮᠢᠶᠠᠷᠤᠯᠲᠠ᠎ᠶ᠋ᠢᠨ ᠲᠥᠪ᠎ᠦᠨ ᠶᠡᠷᠦᠩᠬᠡᠢ ᠳᠠᠭᠠᠭᠠᠮᠠᠯ᠎ᠤᠨ ᠲᠤᠰᠠᠯᠠᠭ᠍ᠴᠢ ᠷᠧᠨ ᠸᠧᠨ ᠺᠠᠢ ᠰᠤᠷᠪᠤᠯᠵᠢᠯᠠᠭ᠍ᠴᠢ᠎ᠳᠤ᠂ 《ᠡᠯᠧᠺᠲ᠋ᠷᠣᠨ ᠬᠠᠭᠤᠳᠠᠰᠤ᠎ᠶ᠋ᠢ ᠪᠦᠬᠦ᠌ ᠲᠠᠯ᠎ᠠ᠎ᠪᠠᠷ ᠳᠡᠯᠭᠡᠷᠡᠭᠦᠯᠵᠦ᠍᠂  ᠵᠢᠯ ᠪᠦᠷᠢ ᠶᠡᠬᠡ ᠬᠡᠮᠵᠢᠶᠡᠨ᠎ᠦ ᠴᠠᠭᠠᠰᠤ ᠵᠢ ᠠᠷᠪᠢᠯᠠᠵᠤ ᠪᠠᠢᠨ᠎ᠠ; ᠰᠢᠯᠯᠢᠭ ᠭᠤᠮ᠎ᠤᠨ ᠥᠷᠭᠡᠨ᠎ᠦ ᠬᠡᠮᠵᠢᠶ᠎ᠡ᠎ᠶ᠋ᠢ 4.5 ᠰᠠᠨᠲ᠋ᠢᠮᠧᠲᠷ᠎ᠡᠴᠡ ᠪᠠᠭ᠎ᠠ ᠪᠣᠯᠲᠠᠯ᠎ᠠ ᠪᠠᠭᠠᠰᠭᠠᠵᠤ᠂ ᠠᠵᠢᠯᠲᠠᠳ᠎ᠢᠶᠠᠨ ᠪᠣᠯᠪᠠᠰᠤᠷᠠᠭᠤᠯᠬᠤ᠎ᠳᠤ ᠬᠢᠳᠠᠳ ᠦᠰᠦᠭ ᠤ᠋ᠨ〈艹〉ᠪᠤᠶᠤ〈十〉 ᠬᠡᠯᠪᠡᠷᠢ ᠵᠢᠨ ᠪᠠᠷᠢᠮᠵᠢᠶᠠᠳᠤ ᠪᠢᠲᠡᠭᠦᠮᠵᠢᠯᠡᠨ ᠪᠤᠭᠤᠳᠠᠯᠯᠠᠬᠤ ᠠᠷᠭ᠎ᠠ᠎ᠶ᠋ᠢ ᠬᠡᠷᠡᠭ᠌ᠯᠡᠵᠦ᠍᠂ ᠰᠦᠯᠢᠶᠣᠣ ᠬᠡᠷᠡᠭ᠌ᠯᠡᠬᠦ᠌ ᠬᠡᠮᠵᠢᠶ᠎ᠡ᠎ᠶ᠋ᠢ ᠡᠬᠢ ᠡᠭᠦᠰᠦᠯ᠎ᠡᠴᠡ ᠨᠢ ᠪᠠᠭᠠᠰᠭᠠᠪᠠ; ᠲᠡᠭᠡᠭᠡᠪᠦᠷᠢ᠎ᠶ᠋ᠢᠡ ᠭᠤᠭᠴᠤᠭᠠᠨ ᠤ᠋ ᠡᠷᠭᠢᠯᠳᠤᠭᠦᠯᠦᠨ ᠠᠰᠢᠭᠯᠠᠬᠤ᠎ᠶ᠋ᠢ ᠪᠡᠶᠡᠯᠡᠭᠦᠯᠵᠦ᠍᠂ ᠪᠣᠬᠢᠷᠲᠤᠯ ᠥᠬᠡᠶ ᠭᠤᠤᠯ ᠱᠤᠭᠤᠮ ᠎ᠢ ᠪᠣᠶ ᠪᠣᠯᠭᠠᠵᠠᠢ᠃ ᠡᠷᠭᠢᠯᠳᠤᠭᠦᠯᠦᠨ ᠠᠰᠢᠭᠯᠠᠵᠤ ᠪᠤᠯᠬᠤ  ᠤᠭᠤᠲᠠ (RFID ᠤᠭᠤᠲᠠ) ᠶ᠋ᠢ ᠪᠥᠬᠥ᠌ ᠲᠠᠯ᠎ᠠ᠎ᠪᠠᠷ ᠬᠡᠷᠡᠭ᠌ᠯᠡᠵᠦ᠍᠂ ᠬᠤᠪᠢᠶᠠᠨ ᠰᠠᠯᠭᠠᠬᠤ ᠲᠥᠪ᠎ᠦᠨ ᠬᠣᠭᠣᠷᠣᠨᠳᠣ᠂ ᠳᠣᠲᠣᠷ᠎ᠠ᠎ᠨᠢ ᠴᠠᠬᠢᠮ ᠲᠠᠭᠠᠷᠠᠭᠤᠯᠤᠭᠰᠠᠨ᠂ ᠬᠡᠳᠦᠨ ᠠᠷᠪᠠᠨ ᠤᠳᠠᠭ᠎ᠠ ᠬᠡᠷᠡᠭᠯᠡᠵᠤ ᠪᠤᠯᠬᠤ ᠳ᠋ᠢᠯᠦᠨ ᠪᠦᠰ᠎ᠤᠨ ᠤᠭᠤᠲᠠ᠎ᠶ᠋ᠢ ᠡᠷᠭᠢᠯᠳᠦᠭᠦᠯᠦᠨ ᠬᠡᠷᠡᠭ᠌ᠯᠡᠵᠦ᠍᠂ ᠨᠢᠭᠡ ᠯᠡ ᠤᠳᠠᠭᠠᠨ᠎ᠤ ᠴᠢᠨᠠᠷᠲᠠᠶ ᠨᠡᠬᠡᠮᠡᠯ ᠤᠭᠤᠲᠠ᠎ᠶ᠋ᠢ ᠪᠥᠬᠥ᠌ ᠲᠠᠯ᠎ᠠ᠎ᠪᠠᠷ ᠣᠷᠣᠯᠠᠭᠤᠯᠪᠠ᠃ ᠡᠴᠦᠰ᠎ᠤᠨ ᠭᠤᠭᠴᠤᠭᠠᠨ᠎ᠤ ᠬᠤᠷᠢᠶᠠᠨ ᠠᠪᠬᠤ ᠠᠵᠢᠯ ᠪᠠ ᠮᠠᠲ᠋ᠧᠷᠢᠶᠠᠯ᠎ᠤᠨ ᠱᠢᠨ᠎ᠡ᠎ᠶ᠋ᠢ ᠡᠭᠦᠳᠴᠦ᠍᠂ ᠡᠷᠬᠢᠯᠳᠡᠳᠤ ᠠᠮᠢ ᠠᠬᠤᠶ᠎ᠶ᠋ᠢ ᠪᠠᠢᠭᠤᠯᠵᠤ᠂ ᠲᠦᠷᠭᠡᠨ ᠬᠦᠷᠭᠡᠯᠲᠡ ᠵᠢᠨ ᠭᠠᠵᠠᠷ ᠲᠦ᠍ ᠲᠤᠰᠭᠠᠶ ᠬᠤᠷᠢᠶᠠᠨ ᠠᠪᠬᠤ ᠬᠠᠢᠷᠴᠠᠭ ᠳᠣᠭᠢᠷᠠᠭᠤᠯᠵᠤ᠂ ᠬᠡᠷᠡᠭ᠌ᠯᠡᠭ᠌ᠴᠢᠳ᠎ᠦᠨ ᠲᠦᠷᠭᠡᠨ ᠬᠦᠷᠭᠡᠯᠲᠡ᠎ᠶ᠋ᠢᠨ ᠪᠣᠭᠣᠳᠠᠯ ᠪᠠᠭ᠍ᠯᠠᠭ᠎ᠠ᠎ᠪᠠᠨ ᠡᠭᠡᠭᠦᠯᠦᠨ ᠦᠭᠬᠦ᠎ᠶ᠋ᠢ ᠵᠣᠷᠢᠭ᠍ᠵᠢᠭᠤᠯᠵᠤ᠂ 〈ᠲᠦᠷᠭᠡᠨ ᠬᠦᠷᠭᠡᠯᠳᠡ ᠵᠢᠨ ᠪᠤᠭᠤᠳᠠᠯ ᠪᠠᠭᠯᠠᠭ᠎ᠠ ᠪᠠᠨ ᠲᠤᠰᠬᠤ — ᠡᠭᠡᠭᠦᠯᠦᠨ ᠠᠪᠬᠤ — ᠢᠯᠡᠭᠡᠬᠦ᠌〉ᠪᠦᠷᠢᠨ ᠪᠦᠳᠦᠨ ᠰᠢᠰᠲᠸᠮ᠎ᠢ ᠪᠠᠢᠭᠤᠯᠵᠠᠢ; ᠬᠤᠪᠢ ᠬᠥᠮᠦᠨ᠎ᠦ ᠰᠢᠤᠳᠠᠨ ᠢᠯᠡᠭᠡᠬᠦ ᠲᠤᠬᠠᠢᠯᠠᠭ᠍ᠰᠠᠨ ᠠᠵᠢᠯ᠎ᠳᠤ ᠪᠦᠷᠢᠨ ᠠᠮᠢᠳᠤ ᠪᠣᠳᠠᠰ ᠎ᠢ ᠵᠠᠳᠠᠷᠠᠭᠤᠯᠬᠤ ᠲᠦᠷᠭᠡᠨ ᠬᠦᠷᠭᠡᠯᠲᠡ ᠵᠢᠨ ᠤᠭᠤᠲᠠ᠎ᠶ᠋ᠢᠨ ᠰᠣᠩᠭᠣᠯᠲᠠ ᠬᠠᠩᠭᠠᠬᠤ᠎ᠶ᠋ᠢᠨ ᠬᠠᠮᠲᠤ ᠡᠴᠦᠰ᠎ᠤᠨ ᠭᠤᠭᠴᠤᠭᠠᠨ᠎ᠤ ᠲᠣᠬᠢᠷᠠᠭᠤᠯᠤᠨ ᠬᠦᠷᠭᠡᠬᠦ᠌ ᠭᠣᠭ᠍ᠴᠣᠭᠠᠨ᠎ᠳᠤ ᠱᠢᠨ᠎ᠡ ᠡᠨᠧᠷᠭᠢ᠎ᠶ᠋ᠢᠨ ᠪᠠᠷᠠᠭ᠎ᠠ᠎ᠶ᠋ᠢᠨ ᠭᠦᠶ᠋ᠯᠭᠡᠭᠡᠨ᠎ᠦ ᠲᠡᠷᠭᠡ᠎ᠶ᠋ᠢ ᠶᠡᠬᠡ ᠬᠡᠪᠴᠢᠶ᠎ᠡ᠎ᠪᠡᠷ ᠲᠤᠬᠢᠷᠠᠭᠤᠯᠵᠤ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠪᠠ》 ᠭᠡᠵᠤ ᠲᠠᠨᠢᠯᠴᠠᠭᠤᠯᠤᠨ᠎ᠠ᠃

ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠎ᠶ᠋ᠢ ᠪᠠᠭᠠᠰᠭᠠᠵᠤ᠂ ᠪᠣᠬᠢᠷᠲᠤᠯ ᠥᠬᠡᠶ ᠦᠷᠭᠦᠯᠵᠢᠯᠡᠬᠦ᠌ ᠬᠥᠭ᠌ᠵᠢᠯᠲᠡ ᠳᠠᠢᠰᠢ ᠢᠳᠡᠪᠬᠢᠲᠡᠶ ᠤᠷᠤᠭ᠍ᠰᠢᠯᠠᠬᠤ ᠶᠠᠪᠤᠴᠠ᠎ᠳᠤ᠂ ᠬᠥᠬᠡᠬᠣᠲᠠ᠎ᠶ᠋ᠢᠨ ᠱᠢᠤᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ ᠲᠣᠰ ᠭᠠᠵᠠᠷ᠎ᠤᠨ᠎ᠢᠶᠠᠨ ᠪᠣᠳᠠᠲᠤ ᠪᠠᠢᠳᠠᠯ᠎ᠳᠤ ᠰᠠᠭᠤᠷᠢᠯᠠᠨ᠂ ᠣᠯᠠᠨ ᠲᠠᠯ᠎ᠠ᠎ᠵᠢ ᠵᠡᠷᠭᠡ᠎ᠪᠡᠷ ᠠᠳᠭᠤᠨ᠂ ᠣᠨᠢᠨ ᠳᠡᠭᠡᠷ᠎ᠡ᠎ᠨᠢ ᠬᠦᠴᠦᠯᠡᠵᠦ᠍᠂ ᠱᠢᠤᠳᠠᠨ ᠎ᠤ ᠲᠦᠷᠭᠡᠨ ᠬᠦᠷᠭᠡᠯᠲᠡ᠎ᠶ᠋ᠢᠨ ᠭᠠᠳᠠᠷ  ᠪᠣᠭᠣᠳᠠᠯ ᠬᠠᠢᠷᠴᠠᠭ ᠤ᠋ᠨ ᠬᠡᠮᠵᠢᠶ᠎ᠡ᠎ᠶ᠋ᠢ ᠪᠠᠭᠠᠰᠭᠠᠬᠤ᠂ ᠪᠠᠷᠢᠮᠵᠢᠶᠠᠵᠢᠭᠤᠯᠬᠤ᠂ ᠡᠷᠭᠢᠯᠳᠤᠭᠦᠯᠦᠨ ᠠᠰᠢᠭᠯᠠᠬᠤ᠂ ᠬᠤᠤᠷ ᠥᠬᠡᠢᠳᠡᠭᠦᠯᠬᠦ᠌᠎ᠶ᠋ᠢ ᠠᠵᠢᠯ ᠲᠥᠷᠥᠯ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠠᠬᠢᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠠᠷᠭ᠎ᠠ ᠵᠠᠮ ᠪᠣᠯᠭᠠᠵᠤ᠂ ᠲᠦᠷᠭᠡᠨ ᠬᠦᠷᠭᠡᠯᠲᠡ᠎ᠶ᠋ᠢᠨ ᠠᠵᠢᠯ ᠲᠥᠷᠥᠯ᠎ᠦᠨ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠬᠥᠲᠥᠯᠥᠨ ᠳᠠᠭᠠᠭᠤᠯᠪᠠ᠃

 《ᠪᠠᠢᠴᠠᠭᠠᠬᠤ + ᠪᠣᠯᠪᠠᠰᠤᠷᠠᠯ》 ᠤ᠋ᠨ ᠬᠤᠤᠰ ᠬᠥᠳᠡᠯᠭᠡᠭᠦᠷ᠎ᠢᠶᠡᠷ ᠳᠠᠮᠵᠢᠭᠤᠯᠤᠨ᠂ ᠠᠵᠤ ᠠᠬᠤᠢᠯᠠᠯ᠎ᠤᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠪᠠ;ᠥᠷᠭᠡᠨ᠎ᠢᠶᠡᠷ ᠤᠬᠠᠭᠤᠯᠤᠨ ᠬᠥᠲᠥᠯᠥᠨ ᠵᠢᠯᠣᠭᠣᠳᠭᠤ᠎ᠪᠠᠷ ᠳᠠᠮᠵᠢᠭᠤᠯᠤᠨ᠂ ᠬᠣᠲᠠ᠎ᠶ᠋ᠢᠨ ᠠᠷᠠᠳ᠎ᠤᠨ ᠲᠦᠷᠭᠡᠨ ᠬᠦᠷᠭᠡᠯᠲᠡ᠎ᠶ᠋ᠢᠨ ᠪᠣᠭᠣᠳᠠᠯ᠎ᠢ ᠡᠭᠡᠭᠦᠯᠦᠨ ᠠᠪᠬᠤ ᠠᠵᠢᠯᠯᠠᠭ᠎ᠠ᠎ᠳᠤ ᠢᠳᠡᠪᠬᠢᠲᠡᠶ ᠣᠷᠣᠯᠴᠠᠬᠤ ᠎ᠶ᠋ᠢ ᠵᠣᠷᠢᠭ᠍ᠵᠢᠭᠤᠯᠪᠠ᠃ ᠣᠳᠣᠬᠠᠨ ᠪᠣᠯᠲᠠᠯ᠎ᠠ᠂ ᠶᠠᠰᠤ ᠴᠢᠨᠠᠷ᠎ᠨᠢ ᠪᠦᠷᠢᠨ ᠪᠦᠲᠦᠨ ᠸᠠᠭᠠᠷ᠎ᠤᠨ ᠭᠡ ᠲᠠᠢ ᠴᠠᠭᠠᠰᠤᠨ ᠬᠠᠢᠷᠴᠠᠭ᠎ᠢ 828.75 ᠲᠦᠮᠡ ᠬᠤᠪᠢ ᠡᠭᠡᠭᠦᠯᠦᠨ ᠠᠪᠴᠤ᠌ ᠳᠠᠬᠢᠨ ᠬᠡᠷᠡᠭ᠌ᠯᠡᠪᠡ᠃ ᠡᠳᠡᠭᠡᠷ ᠴᠠᠭᠠᠰᠤᠨ ᠬᠠᠢᠷᠴᠠᠭ᠎ᠢ ᠡᠭᠡᠭᠦᠯᠦᠨ ᠠᠪᠴᠤ ᠠᠱᠢᠭ᠍ᠯᠠᠬᠤ ᠨᠢ ᠡᠬᠢ ᠪᠠᠶᠠᠯᠢᠭ᠎ᠤᠨ ᠬᠣᠷᠣᠭ᠍ᠳᠠᠯ᠎ᠢ ᠪᠦᠲᠦᠮᠵᠢᠲᠡᠶ ᠪᠠᠭᠤᠷᠠᠭᠤᠯᠵᠤ᠂ ᠣᠷᠴᠢᠨ ᠲᠣᠭᠣᠷᠢᠨ᠎ᠤ ᠪᠣᠬᠢᠷᠲᠤᠯ᠎ᠢ ᠪᠠᠭᠠᠰᠭᠠᠪᠠ᠃

ᠱᠢᠤᠳᠠᠨ ᠎ᠤ ᠲᠦᠷᠭᠡᠨ ᠬᠦᠷᠭᠡᠯᠳᠡ ᠵᠢ ᠲᠤᠬᠢᠷᠠᠭᠤᠯᠤᠨ ᠬᠦᠷᠭᠡᠬᠦ ᠭᠣᠭ᠍ᠴᠣᠭ᠎ᠠ᠎ᠳᠤ᠂ ᠬᠥᠬᠡᠬᠣᠲᠠ᠎ᠶ᠋ᠢᠨ ᠱᠢᠨ᠎ᠡ ᠡᠨᠧᠷᠭᠢ ᠪᠠ ᠴᠡᠪᠡᠷ ᠡᠨᠧᠷᠭᠢ᠎ᠶ᠋ᠢᠨ ᠮᠠᠱᠢᠨ ᠲᠡᠷᠭᠡᠨ᠎ᠦ ᠪᠠᠢᠬᠤ ᠬᠡᠮᠵᠢᠶ᠎ᠡ ᠨᠢᠭᠡᠨᠲᠡ 180 ᠭᠠᠷᠤᠶ᠎ᠳᠤ ᠬᠦᠷᠴᠦ᠍᠂ ᠠᠭᠠᠷ᠎ᠤᠨ ᠪᠣᠬᠢᠷᠲᠤᠯ᠎ᠢ ᠶᠡᠬᠡ᠎ᠪᠡᠷ ᠪᠠᠭᠠᠰᠭᠠᠵᠤ᠂ ᠬᠣᠲᠠ ᠎ᠶ᠋ᠢᠨ ᠠᠭᠠᠷ᠎ᠮᠡᠨᠳᠡᠯ ᠎ᠤᠨ ᠴᠢᠨᠠᠷ ᠴᠢᠨᠰᠠᠭ᠎ᠠ᠎ᠶ᠋ᠢ ᠶᠡᠭᠡᠭᠡᠨ ᠰᠠᠢᠵᠢᠷᠠᠭᠤᠯᠤᠬᠰᠠᠨ ᠪᠠᠢᠨ᠎ᠠ᠃

ᠡᠭᠦᠨ᠎ᠦ ᠬᠠᠮᠲᠤ᠂ ᠬᠥᠬᠡᠬᠣᠲᠠ᠎ᠶ᠋ᠢᠨ ᠱᠢᠤᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ ᠲᠦᠷᠭᠡᠨ ᠬᠦᠷᠭᠡᠯᠲᠡ᠎ᠶᠢᠨ ᠠᠵᠤ ᠠᠬᠤᠢᠯᠠᠯ ᠬᠢᠭᠡᠳ ᠵᠢᠯᠣᠭᠣᠴᠢ ᠥᠬᠡᠶ ᠨᠢᠰᠭᠡᠯ᠎ᠦᠨ ᠠᠵᠤ ᠠᠬᠤᠢᠯᠠᠯ᠎ᠤᠨ ᠨᠡᠪᠲᠡᠷᠡᠯᠴᠡᠨ ᠰᠣᠯᠢᠯᠴᠠᠬᠤ ᠲᠠᠪᠴᠠᠩ᠎ᠢ ᠪᠠᠢᠭᠤᠯᠵᠤ᠂ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠪᠠ ᠵᠣᠯᠭᠠᠭᠤᠯᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠬᠤᠯᠪᠤᠭᠳᠠᠯ ᠪᠥᠬᠥᠶ ᠠᠵᠤ ᠠᠬᠤᠢᠯᠠᠯ᠎ᠢ ᠤᠷᠢᠵᠤ ᠬᠠᠮᠤᠭ᠎ᠤᠨ ᠱᠢᠨ᠎ᠡ ᠮᠡᠷᠭᠡᠵᠢᠯ᠎ᠦᠨ ᠦᠷ᠎ᠡ ᠪᠦᠲᠦᠭᠡᠯ ᠪᠠ ᠦᠶ᠋ᠯᠡᠳᠬᠦᠨ᠎ᠦ ᠬᠡᠷᠡᠭ᠌ᠯᠡᠯᠲᠡ᠎ᠶ᠋ᠢ ᠳᠡᠯᠭᠡᠨ ᠦᠵᠡᠭᠦᠯᠵᠦ᠍᠂ ᠠᠮᠵᠢᠯᠲᠠ᠎ᠲᠠᠶ ᠲᠤᠷᠱᠢᠯᠭ᠎ᠠ ᠪᠠ ᠬᠡᠷᠡᠭ᠎ᠦᠨ ᠵᠢᠱ᠌ᠢᠶ᠎ᠡ᠎ᠶ᠋ᠢ ᠬᠤᠪᠢᠶᠠᠯᠴᠠᠪᠠ;ᠲᠦᠷᠭᠡᠨ ᠬᠦᠷᠭᠡᠯᠲᠡ᠎ᠶᠢᠨ ᠠᠵᠤ ᠠᠬᠤᠢᠯᠠᠯ᠎ᠤᠨ ᠵᠢᠯᠣᠭᠣᠴᠢ ᠥᠬᠡᠶ ᠲᠡᠷᠭᠡ᠂ ᠵᠢᠯᠣᠭᠣᠴᠢ ᠥᠬᠡᠶ ᠨᠢᠰᠭᠡᠯ ᠵᠡᠷᠭᠡ ᠲᠥᠬᠥᠭᠡᠷᠦᠮᠵᠢ᠎ᠶ᠋ᠢ ᠲᠦᠷᠭᠡᠨ ᠬᠦᠷᠭᠡᠯᠲᠡ᠎ᠶ᠋ᠢᠨ ᠳᠣᠭᠢᠷᠠᠭᠤᠯᠤᠨ ᠬᠦᠷᠭᠡᠬᠦ᠌᠎ᠳᠦ ᠢᠳᠡᠪᠬᠢᠲᠡᠶ ᠬᠡᠷᠡᠭ᠌ᠯᠡᠬᠦ᠌᠎ᠶ᠋ᠢ ᠵᠣᠷᠢᠭ᠍ᠵᠢᠭᠤᠯᠵᠤ᠂ ᠳᠣᠭᠢᠷᠠᠭᠤᠯᠤᠨ ᠬᠦᠷᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠤᠯᠠᠮᠵᠢᠯᠠᠯᠲᠤ ᠲᠡᠭᠡᠭᠡᠪᠦᠷᠢ᠎ᠶ᠋ᠢᠨ ᠠᠷᠭ᠎ᠠ ᠮᠠᠶᠢᠭ᠎ᠡᠴᠡ ᠪᠣᠯᠤᠭ᠍ᠰᠠᠨ ᠡᠨᠧᠷᠭᠢ᠎ᠶ᠋ᠢᠨ ᠬᠣᠷᠣᠭ᠍ᠳᠠᠯ ᠪᠠ ᠣᠷᠴᠢᠨ ᠲᠣᠭᠣᠷᠢᠨ᠎ᠤ ᠪᠣᠬᠢᠷᠲᠤᠯ᠎ᠢ ᠪᠠᠭᠠᠰᠭᠠᠪᠠ᠃

ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠄ 2025 ᠣᠨ᠎ᠳᠤ᠂ ᠬᠥᠬᠡᠬᠣᠲᠠ᠎ᠶ᠋ᠢᠨ ᠱᠢᠨ᠎ᠡ᠎ᠪᠡᠷ ᠨᠡᠮᠡᠭ᠌ᠳᠡᠭ᠌ᠰᠡᠨ ᠬᠦᠮᠦᠨ ᠥᠬᠡᠶ ᠲᠦᠷᠭᠡᠨ ᠵᠦᠢᠯ ᠎ᠢ ᠲᠤᠬᠢᠷᠠᠭᠤᠯᠤᠨ ᠬᠦᠷᠭᠡᠬᠦ ᠲᠡᠷᠭᠡ 46 ᠪᠠᠢᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠳᠡᠯᠭᠡᠷᠡᠭᠦᠯᠬᠦ᠌ ᠲᠠᠯ᠎ᠠ᠎ᠪᠠᠷ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠪᠠ; ᠬᠥᠮᠦᠨ ᠥᠬᠡᠶ ᠥᠷᠲᠡᠭᠡ ᠪᠠ ᠤᠶᠤᠨᠴᠢ ᠲᠦᠷᠭᠡᠨ ᠬᠦᠷᠭᠡᠯᠲᠡ᠎ᠶ᠋ᠢᠨ ᠬᠣᠷᠭᠣ᠎ᠶ᠋ᠢᠨ ᠬᠡᠷᠡᠭ᠌ᠯᠡᠯᠲᠡ᠎ᠶ᠋ᠢ ᠳᠡᠯᠭᠡᠷᠡᠭᠦᠯᠵᠦ᠍᠂ ᠪᠥᠬᠥ᠌ ᠬᠣᠲᠠ᠎ᠳᠤ ᠬᠥᠮᠦᠨ ᠥᠬᠡᠶ ᠥᠷᠲᠡᠭᠡ᠎ᠶ᠋ᠢ 85 ᠱᠢᠨ᠎ᠡ᠎ᠪᠡᠷ ᠪᠠᠢᠭᠤᠯᠵᠤ᠂ ᠣᠶᠤᠨᠴᠢ ᠲᠦᠷᠭᠡᠨ ᠬᠦᠷᠭᠡᠯᠲᠡ᠎ᠶ᠋ᠢᠨ ᠬᠣᠷᠭᠣ 1912 ᠪᠠᠢᠵᠤ᠂ ᠤᠶᠤᠨᠴᠢ ᠲᠦᠷᠭᠡᠨ ᠵᠦᠢᠯ᠎ᠤᠨ ᠠᠪᠳᠠᠷ᠎ᠠ᠎ᠶ᠋ᠢᠨ ᠠᠮᠠᠰᠠᠷ᠎ᠤᠨ ᠲᠣᠭ᠎ᠠ 203684᠎ᠳ᠋ᠤ ᠬᠦᠷᠴᠦ᠍᠂ ᠬᠥᠬᠡᠬᠣᠲᠠ᠎ᠶ᠋ᠢᠨ ᠲᠦᠷᠭᠡᠨ ᠬᠦᠷᠭᠡᠯᠲᠡ᠎ᠶ᠋ᠢᠨ ᠲᠡᠭᠡᠭᠡᠪᠦᠷᠢ ᠎ᠶ᠋ᠢᠨ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃

2026 ᠣᠨ ᠎ᠳᠤ᠂ ᠬᠥᠬᠡᠬᠣᠲᠠ ᠲᠦᠷᠭᠡᠨ ᠬᠦᠷᠭᠡᠯᠲᠡ᠎ᠶ᠋ᠢᠨ ᠪᠣᠭᠣᠳᠠᠯ ᠪᠠᠭ᠍ᠯᠠᠭ᠎ᠠ᠎ᠶ᠋ᠢᠨ 《ᠳᠥᠷᠪᠡ ᠎ᠵᠢ ᠪᠡᠶᠡᠯᠡᠭᠦᠯᠬᠦ》 ᠢᠨᠵᠧᠨᠧᠷᠢᠩ᠎ᠢ ᠦᠷᠭᠦᠯᠵᠢᠯᠡᠨ ᠠᠬᠢᠭᠤᠯᠵᠤ᠂ ᠱᠢᠨ᠎ᠡ ᠡᠨᠧᠷᠭᠢ ᠪᠠ ᠴᠡᠪᠡᠷ ᠡᠨᠧᠷᠭᠢ᠎ᠶ᠋ᠢᠨ ᠮᠠᠱᠢᠨ ᠲᠡᠷᠭᠡᠨ᠎ᠦ ᠬᠡᠷᠡᠭ᠌ᠯᠡᠬᠦ᠌ ᠬᠠᠷᠢᠴᠠᠯ᠎ᠢ ᠳᠡᠭᠡᠭ᠌ᠰᠢᠯᠡᠭᠦᠯᠵᠦ᠍᠂ ᠱᠢᠤᠳᠠᠨ᠎ᠤ ᠲᠦᠷᠭᠡᠨ ᠬᠦᠷᠭᠡᠯᠲᠡ᠎ᠶ᠋ᠢᠨ ᠦᠶ᠋ᠯᠡᠰ᠎ᠦᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠠᠬᠢᠭᠤᠯᠵᠤ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号