ᠳᠤᠰᠤᠲᠤ ᠭᠤᠤᠯ᠎ᠤᠨ ᠬᠥᠪᠡᠭᠡᠨ᠎ᠳᠤ ᠲᠡᠯᠭᠡᠭᠳᠡᠭᠰᠡᠨ ᠬᠦᠭᠵᠢᠯ ᠪᠠᠳᠠᠷᠠᠯ᠎ᠤᠨ ᠢᠷᠠᠭᠤ ᠬᠠᠭᠤᠳᠠᠰᠤ
2026-01-26 09:49:22
ᠵᠣᠬᠢᠶᠠᠭ᠍ᠴᠢ᠄
ᠬᠤᠤ ᠪᠢᠶᠤᠤ
ᠣᠩᠱᠢᠭ᠍ᠰᠠᠨ ᠣᠳᠠᠭ᠎ᠠ᠄
★★★☆☆

ᠣᠳᠣᠬᠢᠴᠢᠯᠠᠭ᠍ᠰᠠᠨ ᠤᠰᠤᠨ ᠲᠣᠣᠷ᠎ᠤᠨ ᠪᠦᠲᠦᠬᠡᠨ ᠪᠠᠢᠭᠤᠯᠤᠯᠳᠠ ᠵᠢ ᠲᠦᠷᠬᠡᠳᠬᠡᠵᠤ᠂ ᠦᠶᠡᠷ ᠤᠰᠤᠲᠤᠯ᠎ᠤᠨ ᠭᠠᠮᠱᠢᠭ᠎ᠢ ᠰᠡᠷᠭᠡᠢᠯᠡᠬᠦ᠌᠂ ᠤᠰᠤᠨ᠎ᠤ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ᠂ ᠬᠤᠳᠠ ᠬᠥᠳᠡᠭᠡ᠎ᠶ᠋ᠢᠨ ᠤᠰᠤ ᠬᠠᠩᠭᠠᠬᠤ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠨᠡᠮᠡᠭ᠌ᠳᠡᠭᠦᠯᠦᠨ᠎ᠡ᠃

— 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠰᠠᠨᠠᠭᠤᠯᠭ᠎ᠠ》 ᠡᠴᠡ


1 ᠰᠠᠷ᠎ᠠ᠎ᠶ᠋ᠢᠨ 19 ᠤ᠋ ᠡᠳᠦᠷ᠂ ᠦᠬᠠᠶ ᠬᠣᠲᠠ᠎ᠶ᠋ᠢᠨ ᠬᠠᠢᠨᠠᠨ ᠲᠣᠭᠣᠷᠢᠭ᠎ᠤᠨ ᠪᠠᠶᠠᠨᠲᠣᠬᠣᠶ ᠪᠠᠯᠭᠠᠰᠤᠨ᠎ᠤ ᠳᠤᠰᠤᠲᠤ ᠭᠤᠤᠯ᠎ᠤᠨ ᠬᠥᠪᠡᠭᠡᠨ᠎ᠳᠦ ᠮᠠᠯᠲᠠᠭᠤᠷ ᠮᠠᠱᠢᠨ᠂ ᠬᠦᠨᠳᠦ ᠬᠡᠯᠪᠡᠷᠢ᠎ᠶ᠋ᠢᠨ ᠠᠴᠢᠶᠠᠨ᠎ᠤ ᠮᠠᠱᠢᠨ᠎ᠤ ᠬᠦᠷᠴᠢᠬᠢᠨᠡᠬᠦ ᠲᠠᠭᠤᠨ ᠡᠪᠦᠯ᠎ᠦᠨ ᠡᠳᠦᠷ᠎ᠦᠨ ᠨᠠᠮ ᠬᠥᠮ᠎ᠢ ᠡᠪᠳᠡᠵᠦ᠍᠂ 200 ᠭᠠᠷᠤᠶ ᠤᠰᠤᠨ ᠠᠱᠢᠭ᠍ᠯᠠᠯᠲᠠ᠎ᠶ᠋ᠢᠨ ᠪᠥᠲᠥᠭᠡᠨ ᠪᠠᠢᠭᠤᠯᠤᠭ᠍ᠴᠢ ᠬᠠᠬᠢᠷ ᠬᠦᠶ᠋ᠲᠡᠨ᠎ᠢ ᠬᠠᠢᠬᠤᠷᠤᠯ ᠦᠭᠡᠢ ᠪᠡᠷ ᠳᠤᠰᠤᠲᠤ ᠭᠤᠤᠯ᠎ᠤᠨ ᠵᠠᠰᠠᠯᠲᠠ᠎ᠶ᠋ᠢᠨ ᠢᠨᠵᠧᠨᠧᠷᠢᠩ᠎ᠦᠨ ᠡᠮᠦᠨ᠎ᠡ ᠹᠷᠣᠨᠲ᠎ᠲᠤ ᠡᠷᠡᠮᠡᠬᠡᠢᠯᠡᠨ ᠲᠡᠮᠡᠴᠡᠵᠦ᠂ ᠣᠯᠠᠨ᠎ᠢᠶᠠᠷ᠎ᠢᠶᠠᠨ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠡᠷᠴᠢ ᠬᠦᠴᠦᠨ᠎ᠢᠶᠠᠷ ᠪᠢᠯᠬᠠᠮ᠎ᠠ ᠪᠠᠢᠵᠤ᠂ ᠬᠠᠬᠢᠷ ᠬᠦᠶ᠋ᠲᠡᠨ᠎ᠦ ᠳᠤᠮᠳᠠ ᠬᠥᠷ ᠬᠥᠭ᠌ᠵᠢᠶᠡᠨ ᠲᠡᠶ 《ᠡᠪᠦᠯ᠎ᠦᠨ ᠤᠯᠠᠷᠢᠯ᠎ᠤᠨ ᠤᠰᠤᠨ ᠠᠱᠢᠭ᠍ᠯᠠᠯᠲᠠ᠎ᠶ᠋ᠢᠨ ᠪᠦᠳᠦᠬᠡᠨ ᠪᠠᠢᠭᠤᠯᠤᠯᠳᠠ ᠵᠢᠨ ᠦᠵᠡᠮᠵᠢᠳᠤ ᠵᠢᠷᠤᠭ》 ᠢ᠋ ᠬᠠᠮᠲᠤ᠎ᠪᠠᠷ ᠵᠢᠷᠤᠭᠯᠠᠵᠦ ᠪᠠᠢᠨ᠎ᠠ᠃

ᠳᠤᠰᠤᠲᠤ ᠭᠣᠣᠯ ᠪᠣᠯ ᠬᠠᠲᠤᠨ ᠭᠣᠣᠯ᠎ᠤᠨ ᠨᠢᠭᠡᠳᠦᠭᠡᠷ ᠳᠡᠰ᠎ᠤᠨ ᠰᠠᠯᠪᠤᠷᠢ ᠤᠷᠤᠰᠭᠠᠯ ᠮᠥᠨ᠂ ᠪᠠᠰᠠ ᠴᠤ᠌ ᠨᠢᠩᠱᠢᠶᠠ ᠪᠣᠯᠤᠨ ᠥᠪᠥᠷ ᠮᠣᠩᠭᠣᠯ᠎ᠤᠨ ᠵᠠᠭᠠᠭ ᠪᠤᠯᠤᠬᠰᠠᠨ ᠭᠣᠣᠯ ᠪᠣᠯᠤᠨ᠎ᠠ᠂ ᠲᠡᠭᠦᠨ᠎ᠦ ᠤᠷᠤᠰᠤᠨ ᠥᠩᠭᠡᠷᠡᠵᠦ ᠪᠠᠢᠭ᠎ᠠ ᠪᠠᠶᠠᠨᠲᠣᠬᠣᠶ ᠪᠠᠯᠭᠠᠰᠤ ᠨᠢ ᠦᠬᠠᠶ ᠬᠣᠲᠠ᠎ᠶ᠋ᠢᠨ ᠲᠠᠷᠢᠶᠠᠯᠠᠩ᠎ᠤᠨ ᠴᠢᠬᠤᠯᠠ ᠪᠠᠯᠭᠠᠰᠤ ᠪᠣᠯᠬᠤ᠎ᠪᠠᠷ ᠪᠠᠷᠠᠬᠤ ᠦᠭᠡᠶ᠂ ᠪᠠᠰᠠ ᠴᠤ᠌ ᠬᠠᠲᠤᠨ ᠭᠣᠣᠯ᠎ᠤᠨ ᠨᠢᠩᠱᠢᠶᠠ᠎ᠡᠴᠡ ᠥᠪᠥᠷ ᠮᠣᠩᠭᠣᠯ᠎ᠳᠤ ᠣᠷᠣᠵᠤ ᠢᠷᠡᠬᠦ᠌ ᠨᠢᠭᠡᠳᠦᠭᠡᠷ ᠥᠷᠲᠡᠭᠡ ᠪᠣᠯᠤᠨ᠎ᠠ᠃ ᠤᠷᠳᠤ ᠬᠤᠭᠤᠴᠠᠭᠠᠨ᠎ᠤ ᠲᠤᠷᠰᠢ᠂ ᠳᠤᠰᠤᠲᠤ ᠭᠣᠣᠯ ᠡᠷᠭᠢ ᠳᠠᠭᠠᠤ᠎ᠶ᠋ᠢᠨ ᠤᠯᠠᠨ ᠲᠦᠮᠡᠨ᠎ᠢ ᠤᠮᠳᠠᠯᠠᠬᠰᠠᠭᠠᠷ ᠢᠷᠡᠵᠠᠢ᠂ ᠭᠡᠪᠡᠴᠦ᠍ ᠦᠶᠡᠷ᠎ᠦᠨ ᠬᠤᠭᠤᠴᠠᠭᠠᠨ᠎ᠳᠤ᠂ ᠳᠠᠪᠠᠯᠭᠠᠯᠠᠨ ᠨᠡᠮᠡᠭᠳᠡᠬᠦ ᠭᠣᠣᠯ᠎ᠤᠨ ᠤᠰᠤ ᠨᠢ ᠪᠠᠰᠠ ᠡᠷᠭᠢ ᠳᠠᠭᠠᠤ᠎ᠶ᠋ᠢᠨ ᠲᠠᠷᠢᠶᠠᠨ ᠭᠠᠵᠠᠷ ᠪᠣᠯᠤᠨ ᠲᠣᠰᠭᠣᠨ᠎ᠤ ᠠᠷᠠᠳ᠎ᠤᠨ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠳᠦ ᠬᠦᠨᠳᠦ ᠨᠣᠴᠢᠲᠠᠢ ᠰᠦᠷᠳᠡᠭᠦᠯᠦᠯ ᠤᠴᠠᠷᠠᠭᠤᠯᠳᠠᠭ᠃ ᠳᠤᠰᠤᠲᠤ ᠭᠣᠣᠯ᠎ᠢ ᠵᠠᠰᠠᠵᠤ᠂ ᠭᠡᠷ ᠣᠷᠣᠨ᠎ᠤ᠎ᠪᠠᠨ ᠠᠮᠤᠷ ᠠᠮᠤᠭᠤᠯᠠᠩ᠎ᠢ ᠰᠠᠬᠢᠨ ᠬᠠᠮᠠᠭᠠᠯᠠᠬᠤ ᠨᠢ ᠡᠷᠭᠢ ᠳᠠᠭᠠᠤ᠎ᠶ᠋ᠢᠨ ᠠᠷᠠᠳ ᠲᠦᠮᠡᠨ᠎ᠦ ᠬᠠᠮᠤᠭ᠎ᠤᠨ ᠲᠤᠯᠭᠠᠮ ᠬᠦᠰᠡᠯ ᠡᠷᠡᠮᠡᠯᠵᠡᠯ ᠪᠣᠯᠵᠠᠢ᠃

ᠠᠷᠠᠳ ᠲᠦᠮᠡᠨ᠎ᠦ ᠬᠦᠰᠡᠨ ᠡᠷᠡᠮᠡᠯᠵᠡᠵᠦ᠍ ᠪᠠᠢᠭ᠎ᠠ ᠵᠦᠢᠯ ᠪᠣᠯ ᠲᠠᠷᠤᠢ ᠵᠠᠰᠠᠭ᠎ᠤᠨ ᠤᠷᠳᠤᠨ᠎ᠤ ᠬᠦᠴᠦᠯᠡᠬᠦ ᠴᠢᠭ᠌ᠯᠡᠯ ᠮᠥᠨ᠃ ᠣᠯᠠᠨ ᠲᠦᠮᠡᠨ᠎ᠦ ᠪᠠᠴᠢᠮᠳᠠᠵᠦ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠡᠨᠡ ᠬᠦ᠌ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 2025 ᠣᠨ᠎ᠤ 11 ᠰᠠᠷ᠎ᠠ᠎ᠳᠤ᠂ ᠦᠬᠠᠶ ᠬᠣᠲᠠ ᠲᠣᠰᠤᠲᠤ ᠭᠤᠤᠯ᠎ᠤᠨ ᠵᠠᠰᠠᠯᠲᠠ᠎ᠶ᠋ᠢᠨ ᠢᠨᠵᠧᠨᠧᠷᠢᠩ᠎ᠢ ᠵᠢᠩᠬᠢᠨᠢ᠎ᠪᠡᠷ ᠡᠬᠢᠯᠡᠭᠦᠯᠪᠡ᠃ ᠥᠩᠭᠡᠷᠡᠭ᠌ᠰᠡᠨ ᠬᠣᠶᠠᠷ ᠰᠠᠷ᠎ᠠ ᠭᠠᠷᠤᠶ᠎ᠶ᠋ᠢᠨ ᠬᠤᠭᠤᠴᠠᠭᠠᠨ᠎ᠳᠤ᠂ ᠥᠷᠭᠡᠨ ᠣᠯᠠᠨ ᠪᠦᠲᠦᠭᠡᠨ ᠪᠠᠢᠭᠤᠯᠤᠭ᠍ᠴᠢᠳ ᠬᠠᠬᠢᠷ ᠬᠦᠢᠲᠡᠨ ᠴᠠᠭ ᠠᠭᠤᠷ᠎ᠡᠴᠡ ᠪᠣᠯᠤᠭ᠍ᠰᠠᠨ ᠳᠠᠪᠬᠤᠷ ᠳᠠᠪᠬᠤᠷ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠴᠠᠭ ᠮᠥᠴᠡ᠎ᠲᠡᠶ ᠤᠷᠤᠯᠳᠤᠨ᠂ ᠱᠠᠯᠠᠪᠳᠠᠨ ᠠᠵᠢᠯᠯᠠᠵᠠᠢ᠃ ᠤᠳᠤᠬᠠᠨ᠎ᠳᠤ᠂ ᠨᠢᠭᠡᠨ ᠪᠠᠲᠤ ᠪᠡᠬᠢ᠂ ᠲᠡᠷᠢ ᠲᠡᠭ᠌ᠰᠢ᠂ ᠰᠦᠷᠯᠢᠭ ᠰᠠᠢᠬᠠᠨ ᠴᠣ ᠱᠢᠨ᠎ᠡ ᠬᠠᠱᠢᠯᠭ᠎ᠠ ᠨᠢᠭᠡᠨᠲᠡ ᠠᠩᠬ᠎ᠠ ᠠᠯᠬᠤᠮ ᠬᠡᠪᠴᠢᠶᠡᠵᠢᠨ ᠪᠤᠰᠴᠤ᠂ ᠭᠤᠤᠯ᠎ᠤᠨ ᠡᠷᠭᠢ᠎ᠶ᠋ᠢ ᠬᠦᠷᠢᠶᠡᠯᠡᠵᠦ᠍᠂ ᠬᠡᠷ ᠣᠷᠣᠨ᠎ᠢᠶᠠᠨ ᠰᠠᠬᠢᠨ ᠬᠠᠮᠠᠭᠠᠯᠠᠬᠤ ᠪᠠᠲᠤ ᠪᠠᠬᠢ ᠰᠡᠷᠭᠡᠢᠯᠡᠯᠲᠡ᠎ᠶ᠋ᠢᠨ ᠱᠤᠭᠤᠮ ᠪᠣᠯᠤᠭ᠍ᠰᠠᠨ ᠪᠠᠢᠨ᠎ᠠ᠃

ᠱᠢᠨ᠎ᠡ ᠪᠦᠲᠦᠬᠡᠨ ᠪᠠᠢᠭᠤᠯᠤᠭ᠍ᠰᠠᠨ ᠬᠠᠱᠢᠯᠭ᠎ᠠ ᠳᠡᠭᠡᠷ᠎ᠡ ᠵᠣᠭ᠍ᠰᠣᠵᠤ᠂ ᠦᠬᠠᠢ ᠬᠤᠳᠠ᠎ᠶ᠋ᠢᠨ ᠤᠰᠤᠨ᠎ᠤ ᠶᠠᠪᠤᠳᠠᠯ᠎ᠤᠨ ᠲᠣᠪᠴᠢᠶᠠᠨ᠎ᠤ ᠳᠡᠳ᠋ ᠳᠠᠷᠤᠭ᠎ᠠ ᠯᠢ ᠵᠢᠩ ᠸᠧᠢ᠄ 《ᠡᠪᠦᠯ᠎ᠦᠨ ᠤᠯᠠᠷᠢᠯ᠎ᠤᠨ ᠤᠰᠤᠨ ᠲᠦᠪᠱᠢᠨ ᠳᠣᠣᠷ᠎ᠠ᠂ ᠶᠠᠭ ᠮᠠᠨ᠎ᠤ ᠤᠰᠤᠨ ᠠᠱᠢᠭ᠍ᠯᠠᠯᠲᠠ᠎ᠶ᠋ᠢᠨ ᠪᠠᠷᠢᠯᠭ᠎ᠠ᠎ᠶ᠋ᠢᠨ ᠠᠵᠢᠯ᠎ᠤᠨ ᠠᠬᠢᠴᠠ᠎ᠶ᠋ᠢ ᠵᠠᠪᠳᠤᠨ ᠠᠳᠭᠤᠬᠤ ᠱᠢᠵᠢᠷ ᠠᠯᠳᠠᠨ ᠬᠤᠭᠤᠴᠠᠭ᠎ᠠ ᠪᠣᠯᠤᠨ᠎ᠠ᠃ ᠡᠨᠡ ᠵᠢᠯ᠎ᠦᠨ ᠭᠤᠤᠯ ᠦᠶᠡᠷ᠎ᠦᠨ ᠬᠤᠭᠤᠴᠠᠭ᠎ᠠ ᠬᠦᠷᠴᠦ᠍ ᠢᠷᠡᠬᠦ᠌᠎ᠡᠴᠡ ᠡᠮᠦᠨ᠎ᠡ᠂ ᠡᠨᠡ ᠬᠦ᠌ ᠰᠡᠷᠭᠡᠢᠯᠡᠯᠲᠡ᠎ᠶ᠋ᠢᠨ ᠱᠤᠭᠤᠮ᠎ᠤᠨ ᠦᠶ᠋ᠯᠡᠳᠦᠯ᠎ᠢ ᠪᠦᠷᠢᠮᠦᠰᠦᠨ ᠪᠠᠳᠠᠷᠠᠭᠤᠯᠬᠤ᠎ᠶ᠋ᠢ ᠪᠠᠲᠤᠯᠠᠬᠤ᠎ᠶ᠋ᠢᠨ ᠲᠥᠯᠥᠭᠡ᠂ ᠪᠢᠳᠡ ᠶᠡᠷᠦᠩᠬᠡᠶ ᠪᠠᠷᠢᠯᠭ᠎ᠠ᠎ᠶ᠋ᠢᠨ ᠬᠤᠭᠤᠴᠠᠭ᠎ᠠ᠎ᠶ᠋ᠢ 6 ᠰᠠᠷ᠎ᠠ ᠪᠣᠯᠭᠠᠨ ᠲᠣᠬᠢᠷᠠᠭᠤᠯᠤᠨ᠎ᠠ᠃ ᠣᠳᠣᠬᠠᠨ᠎ᠳᠤ ᠪᠠᠷᠢᠯᠭ᠎ᠠ᠎ᠶ᠋ᠢᠨ ᠠᠬᠢᠴᠠ ᠤᠷᠤᠭ᠍ᠰᠢᠲᠠᠶ ᠪᠠᠢᠵᠤ᠂ ᠪᠦᠲᠦᠬᠡᠨ ᠪᠠᠢᠭᠤᠯᠵᠤ ᠳᠠᠭᠤᠰᠤᠭ᠍ᠰᠠᠨ᠎ᠤ ᠳᠠᠷᠠᠭ᠎ᠠ᠂ ᠡᠨᠡ ᠬᠡᠰᠡᠭ ᠭᠤᠤᠯ᠎ᠤᠨ ᠬᠡᠪᠡᠯᠢ ᠵᠢᠨ ᠦᠶᠡᠷ᠎ᠢ ᠰᠡᠷᠭᠡᠢᠯᠡᠬᠦ᠌ ᠪᠠᠷᠢᠮᠵᠢᠶ᠎ᠠ᠎ᠶ᠋ᠢ ᠶᠡᠬᠡ ᠪᠡᠷ ᠳᠡᠭᠡᠭ᠌ᠰᠢᠯᠡᠭᠦᠯᠤᠨ᠎ᠠ》 ᠭᠡᠪᠡ᠃

ᠯᠢ ᠵᠢᠩ ᠸᠧᠢ ᠰᠤᠷᠪᠤᠯᠵᠢᠯᠠᠭ᠍ᠴᠢ᠎ᠳᠤ᠂ ᠪᠠᠷᠢᠯᠭ᠎ᠠ᠎ᠶ᠋ᠢᠨ ᠶᠡᠷᠦᠩᠬᠡᠢ ᠪᠡᠯᠡ ᠣᠷᠣᠭᠤᠯᠤᠯᠲᠠ 8000 ᠭᠠᠷᠤᠢ ᠲᠦᠮᠡᠨ ᠲᠥᠭᠥᠷᠢᠭ ᠪᠠᠢᠵᠤ᠂ 22 ᠺᠢᠯᠤᠮᠸᠲᠷ ᠱᠢᠬᠠᠮ᠎ᠤᠨ ᠭᠤᠤᠯ᠎ᠤᠨ ᠡᠷᠭᠢ ᠵᠢ ᠬᠠᠮᠠᠭᠠᠯᠠᠬᠤ ᠵᠢ ᠱᠢᠨ᠎ᠡ᠎ᠪᠡᠷ ᠪᠦᠲᠦᠬᠡᠨ ᠪᠠᠢᠭᠤᠯᠬᠤ ᠪᠠᠷᠢᠯᠭ᠎ᠠ ᠵᠢᠴᠢ ᠬᠠᠱᠢᠯᠭ᠎ᠠ᠎ᠶ᠋ᠢ ᠪᠡᠬᠢᠵᠢᠭᠦᠯᠬᠦ᠌ ᠪᠠᠷᠢᠯᠭ᠎ᠠ ᠵᠢ ᠪᠦᠲᠦᠬᠡᠨ ᠪᠠᠢᠭᠤᠯᠬᠤ᠎ᠪᠡᠷ ᠲᠥᠯᠥᠪᠯᠡᠵᠦ᠍ ᠪᠠᠢᠨ᠎ᠠ᠃ ᠪᠦᠲᠦᠬᠡᠨ ᠪᠠᠢᠭᠤᠯᠵᠤ ᠳᠠᠭᠤᠰᠤᠭ᠍ᠰᠠᠨ᠎ᠤ ᠳᠠᠷᠠᠭ᠎ᠠ᠂ ᠭᠤᠤᠯ᠎ᠤᠨ ᠬᠡᠪᠡᠯᠢ ᠵᠢᠨ ᠦᠶᠡᠷ ᠤᠷᠤᠰᠭᠠᠨ ᠤᠰᠤᠲᠤᠯ᠎ᠢ ᠵᠠᠯᠠᠬᠤ ᠶᠡᠷᠦᠩᠬᠡᠢᠯᠡᠭ᠌ᠰᠡᠨ ᠴᠢᠳᠠᠪᠤᠷᠢ᠎ᠶ᠋ᠢ ᠶᠡᠬᠡ᠎ᠪᠡᠷ ᠳᠡᠭᠡᠭ᠌ᠰᠢᠯᠡᠭᠦᠯᠬᠦ᠌ ᠮᠥᠷᠲᠡᠭᠡᠨ ᠨᠠᠩ ᠴᠤ᠌ ᠵᠠᠮ ᠱᠤᠭᠤᠮ ᠳᠠᠭᠠᠤ 2.97 ᠲᠦᠮᠡᠨ ᠮᠥ᠍ ᠲᠠᠷᠢᠶᠠᠨ ᠭᠠᠵᠠᠷ᠎ᠲᠤ ᠡᠪᠳᠡᠷᠡᠰᠢ ᠥᠬᠡᠶ ᠪᠠᠲᠤ ᠪᠠᠬᠢ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠵᠤ ᠴᠢᠳᠠᠨ᠎ᠠ ᠭᠡᠪᠡ᠃

ᠪᠠᠷᠢᠯᠭ᠎ᠠ ᠵᠢ ᠠᠬᠢᠭᠤᠯᠤᠭᠰᠠᠨ ᠨᠢ᠂ ᠭᠤᠤᠯ᠎ᠤᠨ ᠬᠡᠪᠡᠯᠢ ᠵᠢᠨ ᠳᠦᠷᠰᠦ ᠪᠠᠢᠳᠠᠯ᠎ᠢ ᠳᠠᠬᠢᠨ ᠴᠤᠬᠴᠠᠯᠠᠬᠰᠠᠨ᠎ᠢᠶᠠᠷ ᠪᠠᠷᠠᠬᠤ ᠥᠬᠡᠶ᠂ ᠨᠠᠩ ᠴᠤ᠌ ᠠᠷᠠᠳ ᠣᠯᠠᠨ᠎ᠤ ᠰᠡᠳᠭᠢᠯ᠎ᠢ ᠳᠤᠯᠠᠭᠠᠴᠠᠭᠤᠯᠪᠠ᠃ ᠭᠡᠷ᠎ᠦᠨ ᠡᠭᠦᠳᠡᠨ ᠡᠮᠦᠨᠡᠬᠢ ᠡᠳᠦᠷ᠎ᠡᠴᠡ ᠡᠳᠦᠷ 《ᠦᠨᠳᠦᠷᠵᠢᠵᠦ》᠂ 《ᠪᠤᠵᠠᠭᠠᠢᠷᠠᠵᠤ》 ᠪᠠᠢᠭ᠎ᠠ ᠶᠡᠬᠡ ᠬᠠᠱᠢᠯᠭ᠎ᠠ᠎ᠶ᠋ᠢ ᠬᠠᠷᠠᠭᠠᠳ ᠲᠣᠰᠭᠣᠨ᠎ᠤ ᠠᠷᠠᠳ᠎ᠤᠨ ᠴᠢᠷᠠᠢ ᠳᠡᠭᠡᠷᠡᠬᠢ ᠰᠠᠨᠠᠭᠠᠱᠢᠷᠠᠯ ᠠᠭᠠᠵᠢᠮ᠎ᠢᠶᠠᠷ ᠬᠦᠰᠡᠯ ᠡᠷᠡᠮᠡᠯᠵᠡᠯ ᠪᠤᠯᠵᠤ ᠬᠤᠪᠢᠷᠠᠪᠠ᠃ ᠪᠠᠶᠠᠨᠲᠣᠬᠣᠶ ᠪᠠᠯᠭᠠᠰᠤᠨ᠎ᠤ ᠰᠧ ᠱᠢᠨ ᠲᠣᠰᠭᠣᠨ᠎ᠤ ᠠᠷᠠᠳ ᠮᠧᠩ ᠸᠧᠨ ᠵᠠᠨ ᠨᠢᠳᠤᠨᠤᠨ ᠵᠤᠨ ᠭᠤᠤᠯ᠎ᠤᠨ ᠤᠰᠤ ᠲᠣᠰᠭᠣᠨ᠎ᠤ ᠬᠡᠰᠡᠭ ᠲᠠᠷᠢᠶᠠᠨ ᠭᠠᠵᠠᠷ᠎ᠢ ᠤᠷᠤᠰᠬᠠᠬᠰᠠᠨ ᠢ᠋ ᠨᠢᠳᠤ ᠪᠡᠷ ᠵᠢᠡᠨ ᠦᠵᠡᠪᠡ᠃ 《ᠤᠳᠤ ᠡᠨᠡ ᠬᠦ᠌ ᠬᠠᠱᠢᠯᠭ᠎ᠠ᠎ᠶ᠋ᠢ ᠵᠠᠰᠠᠭ᠍ᠰᠠᠨ ᠪᠣᠯᠬᠣᠷ ᠤᠯᠠᠨ᠎ᠢᠶᠠᠷ᠎ᠢᠶᠠᠨ ᠳᠣᠲᠣᠷ᠎ᠠ᠎ᠪᠠᠨ ᠲᠣᠭ᠎ᠠ᠎ᠲᠠᠶ ᠪᠣᠯᠵᠤ᠂ ᠲᠠᠬᠢᠭᠠᠳ ᠦᠶᠡᠷ᠎ᠦᠨ ᠤᠰᠤ ᠢᠷᠡᠭ᠌ᠰᠡᠨ ᠴᠦ᠍ ᠠᠶᠤᠬᠤ ᠦᠭᠡᠢ ᠪᠣᠯᠵᠠᠢ》 ᠭᠡᠵᠦ᠍ ᠮᠧᠩ ᠸᠧᠨ ᠵᠠᠨ ᠬᠡᠯᠡᠪᠡ᠃ ᠨᠡᠩ ᠪᠠᠶᠠᠷᠯᠠᠭᠤᠱᠢᠲᠠᠶ ᠨᠢ᠂ ᠲᠤᠰ ᠪᠠᠷᠢᠯᠭ᠎ᠠ ᠨᠢ ᠲᠣᠰᠭᠣᠨ᠎ᠳᠤ ᠣᠷᠣᠯᠭ᠎ᠠ᠎ᠪᠠᠨ ᠨᠡᠮᠡᠭ᠌ᠳᠡᠭᠦᠯᠬᠦ᠌ ᠠᠵᠠ ᠲᠣᠬᠢᠶᠠᠯ ᠣᠯᠭᠣᠵᠠᠶ᠃ ᠲᠡᠷᠡ ᠰᠤᠷᠪᠤᠯᠵᠢᠯᠠᠭ᠍ᠴᠢ᠎ᠳᠤ᠂ ᠡᠪᠦᠯ᠎ᠦᠨ ᠰᠡᠯᠡᠭᠦᠦ᠍ ᠴᠠᠬ᠎ᠢ ᠵᠠᠪᠳᠤᠵᠤ ᠂ ᠪᠠᠷᠢᠯᠭ᠎ᠠ᠎ᠶ᠋ᠢᠨ ᠭᠠᠵᠠᠷ ᠣᠴᠢᠵᠤ ᠰᠤᠯᠠ ᠠᠵᠢᠯ ᠡᠷᠢᠵᠦ ᠬᠢᠬᠦ᠌ ᠰᠠᠨᠠᠭ᠎ᠠ᠎ᠲᠠᠶ᠂ 《ᠰᠣᠨᠣᠰᠭᠤᠯᠠᠷ ᠨᠢᠭᠡ ᠡᠳᠦᠷ ᠬᠠᠮᠤᠭ ᠪᠠᠭ᠎ᠠ᠎ᠳᠠᠭᠠᠨ 100 ᠲᠥᠭᠥᠷᠢᠭ ᠣᠯᠤᠨ᠎ᠠ ᠭᠡᠨ᠎ᠡ᠂ ᠬᠡᠷ᠎ᠦᠨ᠎ᠢᠶᠡᠨ ᠡᠭᠦᠳᠡᠨ᠎ᠳᠦ ᠵᠣᠭᠣᠰ ᠣᠯᠤᠭᠠᠳ ᠳᠡᠢᠯᠴᠢᠬᠡᠨ᠎ᠡ ᠳ᠋ᠠ》 ᠭᠡᠪᠡ᠃

ᠲᠥᠷᠥᠯ ᠵᠦᠶ᠋ᠯ᠎ᠦᠨ ᠪᠠᠷᠢᠯᠭ᠎ᠠ᠎ᠶ᠋ᠢᠨ ᠬᠠᠷᠢᠭᠤᠴᠠᠯᠭᠠᠲᠠᠨ᠎ᠤ ᠲᠠᠨᠢᠯᠴᠠᠭᠤᠯᠤᠭ᠍ᠰᠠᠨ᠎ᠢᠶᠠᠷ᠂ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠠᠯ᠎ᠠ᠎ᠶ᠋ᠢᠨ᠎ᠬᠢᠨ ᠲᠤᠬᠠᠶ᠎ᠶ᠋ᠢᠨ ᠭᠠᠵᠠᠷ᠎ᠤᠨ ᠬᠡᠷᠡᠭ᠌ᠴᠡᠭᠡ᠎ᠶ᠋ᠢ ᠣᠨᠣᠪᠴᠢᠲᠠᠶ ᠵᠣᠯᠭᠠᠭᠤᠯᠵᠤ᠂ ᠠᠵᠢᠯᠴᠢᠨ ᠬᠡᠷᠡᠭ᠌ᠯᠡᠬᠦ᠌ ᠠᠵᠢᠯ᠎ᠤᠨ ᠪᠠᠢᠷᠢ᠎ᠶ᠋ᠢ ᠲᠣᠰ ᠭᠠᠵᠠᠷ᠎ᠤᠨ ᠣᠷᠣᠯᠭ᠎ᠠ ᠪᠠᠭᠠᠲᠠᠶ ᠬᠥᠮᠦᠰ᠂ ᠶᠠᠳᠠᠭᠤ᠎ᠡᠴᠡ ᠠᠩᠭᠢᠵᠢᠷᠠᠭ᠍ᠰᠠᠨ ᠡᠷᠦᠬᠡ ᠵᠡᠷᠭᠡ ᠭᠤᠤᠯᠳᠠᠯᠭ᠎ᠠ᠎ᠲᠠᠶ ᠬᠥᠮᠦᠰ᠎ᠲᠦ ᠤᠷᠢᠳ᠎ᠢᠶᠠᠷ ᠬᠠᠩᠭᠠᠨ᠎ᠠ᠃ ᠡᠨᠡ ᠬᠦ᠌ ᠵᠠᠭ᠍ᠪᠤᠷ ᠨᠢ ᠴᠢᠬᠤᠯᠠ ᠶᠡᠬᠡ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠣᠷᠣᠨ ᠨᠤᠲᠤᠭ᠎ᠤᠨ ᠠᠵᠢᠯ ᠣᠯᠭᠣᠯᠲᠠ᠎ᠶ᠋ᠢ ᠠᠬᠢᠭᠤᠯᠬᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠲᠡᠶ ᠤᠶᠠᠯᠳᠤᠭᠤᠯᠵᠤ᠂ ᠲᠣᠰᠭᠣᠨ᠎ᠤ ᠠᠷᠠᠳ᠎ᠤᠨ ᠥᠩᠭᠡᠷᠡᠭ᠌ᠰᠡᠨ᠎ᠦ 《ᠡᠪᠦᠯ ᠤ᠋ᠨ ᠰᠡᠯᠡᠭᠦᠦ ᠴᠠᠭ》 ᠵᠢᠡᠷ ᠬᠢᠬᠦ ᠠᠵᠢᠯ ᠦᠬᠡᠢ ᠪᠣᠯᠬᠤ ᠪᠠᠢᠳᠠᠯ᠎ᠢ ᠡᠴᠦᠰᠯᠡᠭᠦᠯᠵᠦ᠍᠂ ᠰᠡᠯᠡᠬᠦᠦ ᠴᠠᠭ᠎ᠢᠶᠡᠨ ᠠᠰᠢᠬᠯᠠᠨ ᠠᠵᠢᠯ ᠬᠢᠵᠦ᠍᠂ ᠵᠣᠭᠣᠰ ᠤᠯᠬᠤ ᠬᠦᠰᠡᠯ᠎ᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ᠲᠥᠷᠥᠯ ᠵᠦᠶ᠋ᠯ᠎ᠨᠢ ᠨᠢᠭᠡᠨᠲᠡ 78 ᠲᠣᠰᠭᠣᠨ᠎ᠤ ᠠᠷᠠᠳ ᠲᠤ᠌ ᠠᠵᠢᠯ ᠣᠯᠭᠣᠵᠤ᠂ ᠲᠡᠳᠡᠨ᠎ᠢ ᠬᠡᠷ ᠣᠷᠣᠨ᠎ᠤ ᠪᠡᠨ ᠪᠥᠲᠥᠭᠡᠨ ᠪᠠᠢᠭᠤᠯᠤᠯᠲᠠ᠎ᠳᠤ ᠣᠷᠣᠯᠴᠠᠭᠤᠯᠬᠤ᠎ᠶ᠋ᠢᠨ ᠬᠠᠮᠲᠤ ᠣᠷᠣᠯᠭ᠎ᠠ᠎ᠶ᠋ᠢ᠎ᠨᠢ ᠨᠡᠮᠡᠭ᠌ᠳᠡᠭᠦᠯᠬᠦ᠌ ᠵᠠᠮ᠎ᠢᠶᠠᠷ ᠵᠠᠮᠨᠠᠭᠤᠯᠪᠠ᠃

ᠬᠦᠢᠲᠡᠨ᠎ᠤ ᠡᠷᠴᠢ ᠴᠢᠩᠭᠠᠷᠠᠬᠰᠠᠭᠠᠷ᠂ ᠲᠤᠰᠤᠳᠤ ᠭᠤᠤᠯ᠎ᠤᠨ ᠬᠥᠪᠡᠭᠡᠨ᠎ᠳᠦ ᠪᠠᠷᠢᠯᠭ᠎ᠠ ᠵᠢᠨ ᠪᠦᠲᠦᠭᠡᠨ ᠪᠠᠢᠭᠤᠯᠤᠯᠲᠠ ᠢᠳᠡ ᠬᠦᠭ ᠲᠠᠢ ᠶᠠᠪᠤᠬᠳᠠᠵᠤ᠂ ᠠᠷᠠᠳ ᠤᠯᠠᠨ᠎ᠤ ᠬᠡᠷ ᠤᠷᠤᠨ᠎ᠢᠶᠡᠨ ᠬᠦᠭᠵᠢᠬᠦᠯᠦᠨ ᠰᠠᠢᠨ ᠰᠠᠢᠬᠠᠨ ᠠᠮᠢᠳᠦᠷᠠᠯ᠎ᠢᠶᠡᠨ ᠴᠤᠬᠴᠠᠯᠠᠬᠤ ᠢᠲᠡᠭᠡᠯ ᠵᠣᠷᠢᠭ ᠬᠦᠪᠴᠢᠯᠡᠭᠳᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号