ᠳᠠᠪᠠᠭᠤᠯᠢᠭ ᠪᠤᠶᠤ ᠥᠷᠢᠰᠥᠯᠳᠦᠭᠡᠨ
2026-01-26 11:32:15
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠮᠥᠰᠥ᠍ ᠴᠠᠰᠤᠨ᠎ᠤ ᠨᠠᠭᠠᠳᠤᠮ ᠨᠢ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠬᠡᠷᠡᠯᠳᠤ ᠰᠤᠪᠤᠳ ᠪᠣᠯᠤᠭ᠍ᠰᠠᠨ᠎ᠤ ᠬᠤᠪᠢ᠎ᠳᠤ ᠥᠪᠡᠷᠮᠢᠴᠡ ᠷᠢᠳᠢ ᠱᠢᠳᠢ᠎ᠪᠡᠷ᠎ᠢᠶᠡᠨ ᠲᠦᠷᠪᠡᠨ ᠵᠦᠭ ᠨᠠᠢ᠍ᠮᠠᠨ ᠵᠣᠪᠬᠢᠰ᠎ᠤᠨ ᠵᠢᠭᠤᠯᠴᠢᠯᠠᠬᠰᠠᠳ᠎ᠢ ᠲᠠᠲᠠᠵᠤ ᠪᠤᠢ᠃

ᠥᠪᠥᠷ ᠮᠣᠩᠭᠣᠯ᠎ᠤᠨ ᠮᠥᠰᠥ᠍ ᠴᠠᠰᠤᠨ᠎ᠤ ᠨᠠᠭᠠᠳᠤᠮ᠎ᠤᠨ ᠳᠠᠪᠠᠭᠤᠯᠢᠭ ᠨᠢ ᠢᠯᠡᠷᠬᠡᠶ᠃ ᠨᠢᠭᠡ ᠲᠠᠯ᠎ᠠ᠎ᠪᠠᠷ᠂ ᠮᠦᠰᠦ ᠴᠠᠰᠤᠨ᠎ᠤ ᠨᠠᠭᠠᠳᠤᠮ ᠬᠢᠭᠡᠳ ᠰᠣᠶᠣᠯ ᠵᠢᠭᠤᠯᠴᠢᠯᠠᠯ᠎ᠤᠨ ᠠᠭᠤᠰᠤᠯᠴᠠᠯ ᠨᠢ ᠥᠪᠡᠷᠮᠢᠴᠡ ᠲᠠᠲᠠᠬᠤ ᠬᠦᠴᠦᠨ᠎ᠲᠡᠶ᠃ ᠮᠥᠰᠥ᠍ ᠴᠠᠰᠤᠨ᠎ᠤ ᠨᠠᠭᠠᠳᠤᠮ ᠨᠢ ᠤᠯᠠᠮᠵᠢᠯᠠᠯᠲᠤ ᠠᠷᠠᠳ᠎ᠤᠨ ᠵᠠᠩ ᠦᠢᠯᠡ ᠪᠣᠯᠤᠨ ᠮᠥᠰᠥ᠍ ᠴᠠᠰᠤᠨ᠎ᠤ ᠡᠬᠢ ᠪᠠᠶᠠᠯᠢᠭ᠎ᠢ ᠪᠦᠷᠢᠨ ᠲᠡᠭᠦᠯᠳᠡᠷ ᠤᠶᠠᠯᠳᠤᠭᠤᠯᠵᠤ᠂ ᠤᠯᠠᠮᠵᠢᠯᠠᠯᠲᠤ ᠪᠦᠬᠡ᠂ ᠰᠤᠷ ᠬᠠᠷᠪᠤᠯᠲᠠ ᠵᠢᠴᠢ ᠤᠳᠤ ᠦᠶ᠎ᠡ᠎ᠶ᠋ᠢᠨ ᠮᠥᠰᠥᠨ ᠪᠥᠮᠪᠥᠭᠡ᠎ᠶ᠋ᠢᠨ ᠤᠷᠤᠯᠳᠤᠭᠠᠨ᠂ ᠠᠷᠠᠳ᠎ᠤᠨ ᠵᠠᠩ ᠦᠢᠯᠡ᠎ᠶ᠋ᠢᠨ ᠲᠣᠭ᠍ᠯᠠᠯᠲᠠ ᠪᠣᠯᠤᠨ ᠪᠣᠳᠠᠰ᠎ᠤᠨ ᠪᠤᠰᠤ ᠰᠣᠶᠣᠯ᠎ᠤᠨ ᠦᠪ᠎ᠤᠨ ᠪᠦᠳᠦᠭᠡᠯᠴᠢ ᠦᠢᠯᠡᠳᠬᠦᠨ᠎ᠤ ᠵᠠᠬ᠎ᠠ ᠳᠡᠯᠭᠡᠭᠦᠷ᠎ᠢ ᠬᠠᠷᠢᠯᠴᠠᠨ ᠤᠶᠠᠯᠳᠤᠭᠤᠯᠵᠤ᠂ ᠵᠢᠭᠤᠯᠴᠢᠯᠠᠬᠰᠠᠳ᠎ᠲᠤ ᠮᠥᠰᠥ᠍ ᠴᠠᠰᠤᠨ᠎ᠤ ᠠᠵᠢᠯᠯᠠᠭ᠎ᠠ ᠳᠤᠮᠳᠠ ᠲᠠᠯ᠎ᠠ ᠨᠤᠲᠤᠭ᠎ᠤᠨ ᠰᠣᠶᠣᠯ᠎ᠤᠨ ᠡᠴᠢᠨ᠎ᠡ ᠬᠦᠨ ᠬᠢᠭᠡᠳ ᠷᠢᠳᠢ ᠱᠢᠳᠢ᠎ᠶ᠋ᠢ ᠮᠡᠳᠡᠷᠡᠭᠦᠯᠪᠡ᠃ ᠨᠥᠭᠥᠭᠡ ᠲᠠᠯ᠎ᠠ᠎ᠪᠠᠷ᠂ ᠠᠵᠢᠯᠯᠠᠭ᠎ᠠ᠎ᠶ᠋ᠢᠨ ᠬᠡᠯᠪᠡᠷᠢ ᠣᠯᠠᠨ ᠶᠠᠩᠵᠤ᠎ᠶ᠋ᠢᠨ ᠪᠠᠢᠵᠤ᠂ ᠵᠢᠭᠤᠯᠴᠢᠯᠠᠭᠰᠠᠳ᠎ᠢ ᠲᠠᠳᠠᠬᠤ ᠬᠦᠴᠦᠨ ᠵᠢᠡᠷ ᠴᠢᠩᠭ᠎ᠠ ᠪᠤᠯᠵᠠᠢ᠃ ᠥᠪᠡᠷᠲᠡᠭᠡᠨ ᠵᠠᠰᠠᠬᠤ ᠣᠷᠣᠨ᠎ᠤ ᠲᠠᠰ᠂ ᠠᠢᠮᠠᠭ ᠬᠣᠲᠠ᠎ᠶ᠋ᠢᠨ ᠲᠠᠰ᠎ᠤᠨ ᠭᠤᠤᠯᠳᠠᠯᠭ᠎ᠠ᠎ᠲᠠᠶ ᠠᠵᠢᠯᠯᠠᠭ᠎ᠠ ᠪᠠᠢᠬᠤ᠎ᠪᠠᠷ ᠪᠠᠷᠠᠬᠤ ᠥᠬᠡᠶ᠂ ᠪᠠᠰᠠ 143 ᠵᠦᠶ᠋ᠯ᠎ᠦᠨ ᠰᠣᠶᠣᠯ ᠵᠢᠭᠤᠯᠴᠢᠯᠠᠯ᠎ᠤᠨ ᠣᠨᠴᠠᠯᠢᠭ᠍ᠲᠤ ᠠᠵᠢᠯᠯᠠᠭ᠎ᠠ ᠡᠯ᠎ᠡ ᠠᠢᠮᠠᠭ ᠬᠣᠲᠠ ᠬᠣᠱᠢᠭᠤ ᠱᠢᠶᠠᠨ ᠲᠣᠭᠣᠷᠢᠭ᠎ᠲᠤ ᠲᠠᠷᠬᠠᠵᠤ᠂ ᠤᠷᠤᠯᠳᠤᠭᠠᠨ᠂ ᠠᠮᠲᠠᠲᠤ ᠢᠳᠡᠭᠡᠨ᠂ ᠤᠷᠠᠨ ᠰᠠᠢᠬᠠᠨ᠎ᠤ ᠲᠣᠭ᠍ᠯᠠᠯᠲᠠ᠂ ᠠᠷᠠᠳ᠎ᠤᠨ ᠵᠠᠩ ᠦᠶ᠋ᠯᠡ᠎ᠶ᠋ᠢ ᠪᠡᠶᠡᠴᠢᠯᠡᠨ ᠣᠢᠯᠠᠭᠠᠬᠤ ᠵᠡᠷᠭᠡ ᠣᠯᠠᠨ ᠬᠦᠷᠢᠶ᠎ᠡ ᠴᠠᠷᠠᠭ᠎ᠠ᠎ᠶ᠋ᠢ ᠬᠠᠮᠤᠷᠴᠤ᠌᠂ 《ᠨᠢᠭᠡ ᠭᠠᠵᠠᠷ ᠨᠢᠭᠡ ᠣᠨᠴᠠᠯᠢᠭ᠎ᠲᠠᠶ᠂ ᠰᠠᠷ᠎ᠠ ᠪᠦᠷᠢ ᠭᠣᠢᠳᠠ ᠠᠵᠢᠯᠯᠠᠭ᠎ᠠ ᠲᠠᠢ᠂ ᠪᠥᠬᠥ᠌ ᠣᠷᠣᠨ ᠪᠦᠰᠡ᠎ᠪᠡᠷ᠎ᠵᠢᠭᠤᠯᠴᠢᠯᠠᠵᠤ ᠪᠣᠯᠬᠤ》ᠪᠠᠢᠷᠢᠱᠢᠯ᠎ᠢ ᠪᠣᠶ ᠪᠣᠯᠭᠠᠵᠤ᠂ ᠠᠳᠠᠯᠢ ᠪᠤᠰᠤ ᠵᠢᠭᠤᠯᠴᠢᠯᠠᠭ᠍ᠴᠢᠳ᠎ᠤᠨ ᠥᠪᠡᠷᠮᠢᠴᠡ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠪᠠ᠃ ᠡᠭᠦᠨ᠎ᠡᠴᠡ ᠭᠠᠳᠠᠨ᠎ᠠ᠂ ᠲᠠᠯᠠᠪᠤᠷ ᠲᠠᠯᠠᠪᠠᠶ᠎ᠶ᠋ᠢᠨ ᠵᠢᠷᠤᠭ ᠲᠥᠯᠥᠪᠯᠡᠭᠡ ᠰᠢᠨ᠎ᠡ ᠱᠢᠪᠲᠤᠯᠤᠯᠲᠠ ᠲᠠᠢ ᠪᠤᠯᠵᠤ ᠰᠤᠨᠢᠷᠬᠠᠯᠳᠤ ᠴᠢᠨᠠᠷ᠎ᠢ ᠨᠡᠮᠡᠭᠳᠡᠬᠦᠯᠪᠡ᠃ ᠨᠠᠭᠠᠳᠤᠮ᠎ᠤᠨ ᠲᠠᠯᠠᠪᠠᠶ᠎ᠨᠢ ᠮᠥᠰᠥ᠍ ᠴᠠᠰᠤ᠎ᠪᠠᠷ ᠭᠤᠤᠯ ᠠᠴᠢᠶᠠᠯᠠᠭ᠍ᠴᠢ ᠪᠣᠯᠭᠠᠵᠤ᠂ 360 ° ᠲᠣᠭᠣᠷᠢᠭ ᠬᠡᠯᠪᠡᠷᠢ᠎ᠶ᠋ᠢᠨ ᠮᠥᠰᠥ᠍ ᠴᠠᠰᠤᠨ᠎ᠤ ᠲᠠᠢᠰᠠ᠂ ᠲᠠᠪᠤᠨ ᠴᠠᠭᠠᠷᠢᠭ᠍ᠲᠤ ᠬᠡᠯᠪᠡᠷᠢ᠎ᠶ᠋ᠢᠨ ᠴᠠᠰᠤᠨ ᠴᠡᠴᠡᠭ᠎ᠦᠨ ᠲᠠᠢᠰᠠ ᠵᠡᠷᠭᠡ᠎ᠶ᠋ᠢ ᠵᠢᠷᠤᠵᠤ ᠲᠥᠯᠥᠪᠯᠡᠭᠰᠡᠨ ᠵᠢᠡᠷ ᠪᠠᠷᠠᠬᠤ ᠦᠭᠡᠢ  ᠪᠠᠰᠠ VR ᠪᠡᠶᠡᠴᠢᠯᠡᠨ ᠣᠢᠯᠠᠭᠠᠬᠤ ᠲᠣᠭᠣᠷᠢᠭ᠂ ᠮᠥᠰᠥ᠍ ᠴᠠᠰᠤᠨ᠎ᠤ ᠵᠢᠭᠤᠯᠴᠢᠯᠠᠯ᠎ᠤᠨ ᠰᠡᠭᠦᠳᠡᠷᠯᠡᠬᠦ᠌ ᠲᠣᠭᠣᠷᠢᠭ ᠵᠡᠷᠭᠡ ᠣᠯᠠᠨ ᠴᠢᠳᠠᠮᠵᠢᠳᠤ ᠣᠷᠣᠨ ᠪᠦᠰᠡ᠎ᠶ᠋ᠢ ᠲᠣᠬᠢᠷᠠᠭᠤᠯᠵᠤ᠂ ᠵᠢᠭᠤᠯᠴᠢᠯᠠᠭ᠍ᠰᠠᠳ᠎ᠲᠤ ᠪᠥᠬᠥ᠌ ᠲᠠᠯ᠎ᠠ᠎ᠶ᠋ᠢᠨ ᠥᠪᠡᠷᠮᠢᠴᠡ ᠣᠢᠯᠠᠭᠠᠯᠲᠠ᠎ᠶ᠋ᠢ ᠠᠪᠴᠢᠷᠠᠭ᠍ᠰᠠᠨ ᠪᠠᠢᠨ᠎ᠠ᠃

ᠦᠪᠦᠷ ᠮᠤᠩᠭᠤᠯ᠎ᠤᠨ ᠮᠦᠰᠦ ᠴᠠᠰᠤᠨ᠎ᠤ ᠨᠠᠭᠠᠳᠤᠮ ᠬᠡᠳᠦᠢᠪᠡᠷ ᠡᠢᠨᠬᠦ ᠦᠪᠡᠷᠮᠢᠴᠡ ᠲᠠᠪᠠᠭᠤᠯᠢᠭ᠎ᠢ ᠪᠦᠷᠢᠯᠳᠦᠬᠦᠯᠦᠭᠰᠡᠨ ᠪᠤᠯᠪᠠᠴᠤ ᠪᠠᠰᠠ ᠡᠳᠦᠶ ᠲᠡᠳᠦᠶ ᠬᠦᠷᠦᠯᠴᠡᠬᠦ᠌ ᠥᠬᠡᠶ ᠲᠠᠯ᠎ᠠ ᠪᠤᠢ᠃  ᠨᠢᠭᠡ᠎ᠳᠦ᠂ ᠤᠬᠠᠭᠤᠯᠤᠨ ᠳᠡᠯᠭᠡᠷᠡᠭᠦᠯᠬᠦ᠌ ᠡᠷᠴᠢᠮ᠎ᠬᠦᠷᠦᠯᠴᠡᠬᠦ ᠦᠭᠡᠢ ᠪᠠᠢᠵᠤ᠂ ᠬᠡᠰᠡᠭ ᠭᠣᠢᠳᠠ ᠰᠠᠢᠬᠠᠨ ᠠᠵᠢᠯᠯᠠᠭ᠎ᠠ᠎ᠶ᠋ᠢᠨ ᠨᠡᠢᠭᠡᠮ ᠨᠡᠢᠳᠡ ᠵᠢᠨ ᠮᠡᠳᠡᠬᠦ ᠬᠡᠮᠵᠢᠶ᠎ᠡ ᠥᠨᠳᠥᠷ ᠪᠢᠰᠢ ᠪᠠᠢᠵᠤ᠂  ᠵᠢᠭᠤᠯᠴᠢᠯᠠᠭ᠍ᠰᠠᠳ᠎ᠢ ᠭᠦᠶ᠋ᠴᠡᠳ ᠲᠠᠲᠠᠵᠤ ᠴᠢᠳᠠᠬᠤ ᠥᠬᠡᠶ ᠪᠠᠢᠨ᠎ᠠ᠃ ᠬᠣᠶᠠᠷ᠎ᠲᠤ᠂ ᠵᠢᠭᠤᠯᠴᠢᠯᠠᠯ᠎ᠤᠨ ᠢᠵᠢ ᠪᠦᠷᠢᠳᠦᠭᠰᠡᠨ ᠲᠥᠬᠥᠭᠡᠷᠦᠮᠵᠢ ᠲᠡᠭᠦᠯᠳᠡᠷᠵᠢᠭᠡᠳᠦᠶ ᠪᠠᠢᠵᠤ᠂ ᠵᠠᠮ ᠬᠠᠷᠢᠯᠴᠠᠭ᠎ᠠ᠂ ᠬᠣᠨᠣᠭ ᠪᠠᠭᠤᠳᠠᠯ᠂ ᠢᠳᠡᠭᠡᠨ ᠤᠮᠳᠠᠭᠠᠨ ᠵᠡᠷᠭᠡ ᠲᠠᠯ᠎ᠠ᠎ᠪᠠᠷ ᠵᠢᠭᠤᠯᠴᠢᠯᠠᠯ᠎ᠤᠨ ᠣᠷᠭᠢᠯ ᠦᠶ᠎ᠡ᠎ᠶ᠋ᠢᠨ  ᠬᠡᠷᠡᠭ᠌ᠴᠡᠭᠡ᠎ᠶ᠋ᠢ ᠬᠠᠩᠭᠠᠵᠤ ᠳᠡᠢᠯᠬᠦ᠌ ᠥᠬᠡᠶ ᠪᠠᠢᠨ᠎ᠠ᠃ ᠭᠤᠷᠪᠠ᠎ᠳᠤ᠂ ᠬᠡᠰᠡᠭ ᠠᠢᠮᠠᠭ ᠬᠣᠲᠠ᠎ᠶ᠋ᠢᠨ ᠠᠵᠢᠯᠯᠠᠭ᠎ᠠ᠎ᠶ᠋ᠢᠨ ᠠᠭᠤᠯᠭ᠎ᠠ ᠠᠳᠠᠯᠢᠪᠲᠤᠷ ᠪᠠᠢᠵᠤ᠂ ᠢᠯᠡ ᠲᠣᠳᠣ ᠣᠨᠴᠠᠯᠢᠭ ᠪᠣᠯᠤᠨ ᠵᠦᠷᠢᠶᠡᠴᠢᠯᠡᠭ᠌ᠰᠡᠨ ᠥᠷᠢᠰᠥᠯᠳᠦᠭᠡᠨ ᠳᠤᠲᠠᠭ᠍ᠳᠠᠵᠤ ᠪᠠᠢᠨ᠎ᠠ᠃

ᠡᠳᠡᠭᠡᠷ ᠠᠰᠠᠭᠤᠳᠠᠯ᠎ᠳᠤ ᠴᠢᠭ᠌ᠯᠡᠭᠦᠯᠦᠨ᠂ ᠪᠦᠲᠦᠮᠵᠢᠲᠡᠶ ᠰᠠᠢᠵᠢᠷᠠᠭᠤᠯᠬᠤ ᠠᠷᠭ᠎ᠠ ᠬᠡᠮᠵᠢᠶ᠎ᠡ ᠠᠪᠬᠤ ᠴᠢᠬᠤᠯᠠᠲᠠᠶ᠃ ᠤᠬᠠᠭᠤᠯᠤᠨ ᠳᠡᠯᠭᠡᠷᠡᠭᠦᠯᠬᠦ᠌ ᠡᠷᠴᠢᠮ᠎ᠢᠶᠡᠨ ᠨᠡᠮᠡᠭ᠌ᠳᠡᠭᠦᠯᠵᠦ᠍᠂ ᠱᠢᠨ᠎ᠡ ᠵᠠᠭᠤᠴᠢᠯᠠᠭᠤᠷ᠎ᠤᠨ ᠲᠠᠪᠴᠠᠩ᠂ ᠵᠢᠭᠤᠯᠴᠢᠯᠠᠯ᠎ᠤᠨ ᠦᠵᠡᠰᠭᠦᠯᠡᠩ ᠵᠡᠷᠭᠡ ᠣᠯᠠᠨ ᠵᠦᠶ᠋ᠯ᠎ᠦᠨ ᠠᠷᠭ᠎ᠠ ᠵᠠᠮ᠎ᠢ ᠠᠱᠢᠭ᠍ᠯᠠᠨ᠂ ᠮᠥᠰᠥ᠍ ᠴᠠᠰᠤᠨ᠎ᠤ ᠨᠠᠭᠠᠳᠤᠮ᠎ᠤᠨ ᠣᠨᠴᠠᠯᠢᠭ᠍ᠲᠤ ᠠᠵᠢᠯᠯᠠᠭ᠎ᠠ ᠬᠢᠭᠡᠳ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠥᠷᠭᠡᠨ᠎ᠢᠶᠡᠷ ᠤᠬᠠᠭᠤᠯᠵᠤ᠂ ᠨᠡᠷ᠎ᠡ ᠠᠯᠳᠠᠷᠱᠢᠯ ᠪᠠ ᠨᠥᠯᠥᠭᠡᠯᠡᠬᠦ᠌ ᠬᠦᠴᠦᠨ᠎ᠵᠢᠡᠨ ᠳᠡᠭᠡᠭ᠌ᠰᠢᠯᠡᠭᠦᠯᠪᠡᠯ ᠵᠤᠬᠢᠨ᠎ᠠ᠃ ᠵᠢᠭᠤᠯᠴᠢᠯᠠᠯ᠎ᠤᠨ ᠰᠠᠭᠤᠷᠢ ᠲᠦᠬᠦᠭᠡᠷᠦᠮᠵᠢ᠎ᠪᠡᠨ ᠲᠡᠭᠦᠯᠳᠡᠷᠵᠢᠭᠦᠯᠵᠦ᠍᠂ ᠵᠠᠮ ᠬᠠᠷᠢᠯᠴᠠᠭ᠎ᠠ᠂ ᠬᠣᠨᠣᠭ ᠪᠠᠭᠤᠳᠠᠯ᠂ ᠢᠳᠡᠭᠡᠨ ᠤᠮᠳᠠᠭᠠᠨ ᠵᠡᠷᠭᠡ ᠰᠠᠭᠤᠷᠢ ᠲᠦᠬᠦᠭᠡᠷᠦᠮᠵᠢ᠎ᠶ᠋ᠢᠨ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠦᠢᠯᠡᠴᠢᠯᠡᠭᠡᠨ᠎ᠦ ᠶᠠᠰᠤ ᠴᠢᠨᠠᠷ᠎ᠢᠶᠠᠨ ᠳᠡᠭᠡᠭ᠌ᠰᠢᠯᠡᠭᠦᠯᠵᠦ᠍᠂ ᠵᠢᠭᠤᠯᠴᠢᠯᠠᠭ᠍ᠰᠠᠳ᠎ᠲᠤ ᠳᠥᠭᠥᠮ ᠳᠥᠲᠡ ᠲᠠᠭᠠᠯᠠᠮᠵᠢᠲᠠᠶ ᠵᠢᠭᠤᠯᠴᠢᠯᠠᠯ᠎ᠤᠨ ᠣᠷᠴᠢᠨ ᠲᠣᠭᠣᠷᠢᠨ ᠬᠠᠩᠭᠠᠪᠠᠯ ᠵᠤᠬᠢᠨ᠎ᠠ᠃ ᠠᠵᠢᠯᠯᠠᠭ᠎ᠠ᠎ᠶ᠋ᠢᠨ ᠱᠢᠨ᠎ᠡ᠎ᠶ᠋ᠢ ᠡᠭᠦᠳᠬᠦ᠌ ᠬᠢᠭᠡᠳ ᠵᠦᠷᠢᠶᠡᠴᠢᠯᠡᠭ᠌ᠰᠡᠨ ᠬᠥᠭ᠌ᠵᠢᠯᠲᠡ᠎ᠶ᠋ᠢ ᠴᠢᠬᠤᠯᠠᠴᠢᠯᠠᠵᠤ᠂ ᠡᠯ᠎ᠡ ᠭᠠᠵᠠᠷ᠎ᠤᠨ ᠰᠣᠶᠣᠯ᠎ᠤᠨ ᠡᠬᠢ ᠪᠠᠶᠠᠯᠢᠭ᠎ᠢ ᠭᠦᠨᠵᠡᠭᠡᠶ ᠠᠭᠤᠳᠠᠯᠤᠨ᠂ ᠲᠤᠬᠠᠶ᠎ᠶ᠋ᠢᠨ ᠭᠠᠵᠠᠷ᠎ᠤᠨ ᠥᠪᠡᠷᠮᠢᠴᠡ ᠴᠢᠨᠠᠷ ᠪᠠ ᠲᠠᠲᠠᠬᠤ ᠬᠦᠴᠦᠨ ᠪᠦᠬᠦᠢ ᠲᠥᠷᠥᠯ ᠵᠦᠶ᠋ᠯ᠎ᠢ ᠡᠬᠦᠳᠴᠦ᠂ ᠪᠦᠬᠦ ᠠᠷᠠᠳ᠎ᠤᠨ ᠤᠷᠤᠯᠴᠠᠭ᠎ᠠ ᠵᠢ ᠲᠠᠢᠴᠢᠯᠠᠪᠠᠯ ᠵᠤᠬᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号