ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ ᠮᠠᠨ ᠤ᠋ ᠤᠷᠤᠨ ᠨᠢᠬᠡᠨᠳᠡ 《1 + 1 + N》 ᠣᠶᠤᠨᠴᠢ ᠲᠠᠷᠢᠶᠠᠯᠠᠩ ᠤ᠋ᠨ ᠴᠠᠭ ᠠᠭᠤᠷ ᠤ᠋ᠨ ᠦᠶ᠋ᠯᠡᠴᠢᠯᠡᠭᠡᠨ ᠤ᠋ ᠵᠠᠭ᠍ᠪᠤᠷ ᠢ᠋ ᠪᠦᠷᠢᠯᠳᠦᠬᠦᠯᠵᠤ᠂ ᠣᠶᠤᠨᠴᠢ ᠲᠠᠷᠢᠶᠠᠯᠠᠩ ᠤ᠋ᠨ ᠴᠠᠭ ᠠᠭᠤᠷ ᠤ᠋ᠨ ᠦᠶ᠋ᠯᠡᠴᠢᠯᠡᠭᠡᠨ ᠤ᠋ ᠦᠢᠯᠡᠳᠬᠦᠨ ᠤ᠋ ᠴᠢᠳᠠᠮᠵᠢ ᠢ᠋ᠢ ᠲᠡᠭᠦᠯᠳᠡᠷᠵᠢᠭᠦᠯᠤᠨ᠂ ᠪᠥᠬᠥ᠌ ᠣᠷᠣᠨ ᠳ᠋ᠤ ᠮᠠᠯ ᠠᠵᠤ ᠠᠬᠤᠶ ᠲᠠᠷᠢᠶᠠᠯᠠᠡᠭ ᠤ᠋ᠨ ᠴᠠᠭ ᠠᠭᠤᠷ ᠤ᠋ᠨ ᠭᠠᠮᠱᠢᠭ ᠤ᠋ᠨ ᠲᠦᠭ᠌ᠰᠢᠭᠦᠷᠢ ᠢ᠋ᠢ ᠰᠡᠷᠡᠮᠵᠢᠯᠡᠭᠦᠯᠬᠦ᠌ ᠲᠤᠬᠠᠢᠯᠠᠭ᠍ᠰᠠᠨ ᠠᠵᠢᠯ ᠤ᠋ᠨ ᠵᠢᠯᠣᠭᠣᠳᠣᠯᠭ᠎ᠠ ᠥᠷᠨᠢᠭᠦᠯᠵᠤ᠂ 2025 ᠤᠨ ᠳ᠋ᠤ 8 ᠲᠦᠮᠡ ᠭᠠᠷᠤᠶ ᠬᠥᠮᠦᠨ ᠳ᠋ᠤ ᠥᠪᠡᠷᠮᠢᠴᠡ ᠴᠠᠭ ᠠᠭᠤᠷ ᠤ᠋ᠨ ᠦᠶ᠋ᠯᠡᠴᠢᠯᠡᠭᠡ ᠬᠠᠩᠭᠠᠨ᠂ ᠲᠠᠷᠢᠶᠠᠯᠠᠩ ᠤ᠋ᠨ ᠴᠠᠭ ᠠᠭᠤᠷ ᠤ᠋ᠨ ᠦᠶ᠋ᠯᠡᠴᠢᠯᠡᠭᠡᠨ ᠤ᠋ 《ᠡᠴᠦᠰ ᠤ᠋ᠨ ᠨᠢᠭᠡ ᠺᠢᠯᠣᠮᠧᠲ᠋ᠷ》 ᠢ᠋ ᠨᠡᠪᠲᠡᠷᠡᠭᠦᠯᠪᠠ᠃
ᠮᠠᠨ ᠤ᠋ ᠤᠷᠤᠨ ᠴᠠᠭ ᠠᠭᠤᠷ ᠤ᠋ᠨ ᠦᠢᠯᠡᠴᠢᠯᠡᠭᠡᠨ ᠤ᠋ ᠠᠵᠢᠯ ᠤ᠋ᠨ ᠬᠠᠮᠳᠤᠷᠠᠯ ᠬᠦᠴᠦᠨ ᠢ᠋ ᠪᠦᠷᠢᠯᠳᠦᠬᠦᠯᠵᠤ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠭᠣᠨ᠂ ᠳᠠᠭᠠᠳᠭᠠᠯ᠂ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠤᠭᠡ ᠢ᠋ᠢᠨ ᠬᠠᠮᠲᠤᠷᠠᠯᠴᠠᠭ᠎ᠠ ᠢ᠋ᠢ ᠭᠦᠨᠵᠡᠭᠡᠢᠷᠡᠭᠦᠯᠵᠦ᠍᠂ ᠬᠠᠨᠳᠤᠯᠭᠠᠲᠤ ᠴᠢᠨᠠᠷᠲᠠᠶ ᠦᠶ᠋ᠯᠡᠴᠢᠯᠡᠭᠡ ᠥᠷᠨᠢᠭᠦᠯᠤᠨ᠂ ᠲᠠᠷᠢᠶᠠᠯᠠᠩ ᠤ᠋ᠨ ᠦᠶ᠋ᠯᠡᠳᠪᠦᠷᠢᠯᠡᠯ ᠳ᠋ᠡᠬᠢ ᠴᠠᠭ ᠠᠭᠤᠷ ᠤ᠋ᠨ ᠦᠶ᠋ᠯᠡᠴᠢᠯᠡᠭᠡᠨ ᠤ᠋ ᠢᠳᠡᠪᠬᠢ ᠦᠶ᠋ᠯᠡᠳᠦᠯ ᠢ᠋ ᠭᠦᠶ᠋ᠴᠡᠳ ᠪᠠᠳᠠᠷᠠᠭᠤᠯᠪᠠ᠃ ᠳᠤᠮᠳᠠᠳᠤ ᠤᠯᠤᠰ ᠤ᠋ᠨ ᠠᠷᠠᠳ ᠤ᠋ᠨ ᠡᠳ᠋ ᠬᠥᠷᠥᠩᠭᠡ ᠢ᠋ᠢᠨ ᠳᠠᠭᠠᠳᠭᠠᠯ ᠤ᠋ᠨ ᠥᠪᠥᠷ ᠮᠣᠩᠭᠣᠯ ᠳ᠋ᠡᠬᠢ ᠬᠤᠪᠢᠶᠠᠷᠢ ᠺᠣᠮᠫᠠᠨᠢ ᠲᠠᠢ ᠪᠠᠢᠯᠳᠤᠬᠤ ᠪᠣᠳᠣᠯᠭ᠎ᠠ ᠢ᠋ᠢᠨ ᠬᠠᠮᠲᠤᠷᠠᠯᠴᠠᠭ᠎ᠠ ᠥᠷᠨᠢᠭᠦᠯᠵᠦ᠍᠂ ᠤᠷᠢᠳᠴᠢᠯᠠᠨ ᠰᠡᠷᠡᠮᠵᠢᠯᠡᠭᠦᠯᠬᠦ᠌ ᠮᠡᠳᠡᠭᠡ ᠵᠠᠩᠭᠢ ᠢ᠋ᠢ ᠣᠨᠣᠪᠴᠢᠲᠠᠶ ᠨᠡᠢᠲᠡᠯᠡᠬᠦ᠌᠂ ᠲᠣᠭ᠎ᠠ ᠪᠠᠷᠢᠮᠲᠠ ᠲᠣᠭ᠍ᠲᠠᠭᠠᠬᠤ᠂ ᠲᠦᠭ᠌ᠰᠢᠭᠦᠷᠢ ᠢ᠋ᠢᠨ ᠬᠡᠮᠵᠢᠶ᠎ᠡ ᠢ᠋ᠢ ᠪᠠᠭᠠᠰᠭᠠᠬᠤ ᠬᠠᠮᠢᠶᠠᠷᠤᠯᠲᠠ ᠵᠡᠷᠭᠡ ᠲᠠᠯ᠎ᠠ ᠡᠴᠡ ᠴᠠᠭ ᠠᠭᠤᠷ ᠬᠢᠭᠡᠳ ᠳᠠᠭᠠᠳᠭᠠᠯ ᠤ᠋ᠨ ᠦᠶ᠋ᠯᠡᠴᠢᠯᠡᠭᠡᠨ ᠤ᠋ ᠭᠦᠨᠵᠡᠭᠡᠶ ᠠᠭᠤᠰᠤᠯᠴᠠᠯᠢ ᠠᠬᠢᠭᠤᠯᠪᠠ᠃ ᠪᠠᠰᠠ ᠦᠶ᠋ᠯᠡᠴᠢᠯᠡᠭᠡᠨ ᠤ᠋ ᠠᠷᠭ᠎ᠠ ᠵᠠᠮ ᠢ᠋ ᠥᠷᠭᠡᠵᠢᠭᠦᠯᠵᠦ᠍᠂ ᠭᠤᠤᠯ ᠪᠣᠯᠬᠤ ᠵᠠᠭᠤᠴᠢᠯᠠᠭᠤᠷ ᠤ᠋ᠨ ᠤᠬᠠᠭᠤᠯᠭ᠎ᠠ ᠢ᠋ᠢᠨ ᠦᠶ᠋ᠯᠡᠳᠦᠯ ᠢ᠋ ᠢᠳᠡᠪᠬᠢᠲᠡᠶ ᠪᠠᠳᠠᠷᠠᠭᠤᠯᠤᠨ᠂ ᠴᠠᠭ ᠠᠭᠤᠷ ᠤ᠋ᠨ ᠱᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠲᠡᠢᠯᠤᠮᠵᠢ ᠢ᠋ᠢ ᠱᠢᠩᠭᠡᠭᠡᠨ ᠦᠶ᠋ᠯᠡᠳᠬᠦ ᠵᠡᠷᠭᠡ ᠣᠯᠠᠨ ᠠᠷᠭ᠎ᠠ ᠵᠠᠮ ᠢ᠋ᠢᠡᠷ ᠲᠠᠷᠢᠶᠠᠯᠠᠩ ᠤ᠋ᠨ ᠦᠶ᠋ᠯᠡᠳᠪᠦᠷᠢᠯᠡᠯ ᠢ᠋ ᠵᠢᠯᠣᠭᠣᠳᠴᠤ᠌᠂ ᠲᠠᠷᠢᠶᠠᠯᠠᠩ ᠤ᠋ᠨ ᠦᠢᠯᠡᠳᠪᠦᠷᠢᠯᠡᠯ ᠳ᠋ᠤ ᠴᠠᠭ ᠠᠭᠤᠷ ᠤ᠋ᠨ ᠪᠠᠲᠤᠯᠠᠭ᠎ᠠ ᠬᠠᠡᠭᠭᠠᠵᠤ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号