ᠰᠤᠷᠪᠤᠯᠵᠢᠯᠠᠭᠴᠢ ᠤᠷᠠᠳ ᠪᠣᠭᠣᠮᠲᠠᠠ᠋ᠴᠠ ᠣᠢᠯᠠᠭᠠᠭᠰᠠᠨ᠎ᠢ᠋ᠶ᠋ᠠᠷ᠂ 2025 ᠣᠨ᠎ᠳ᠋ᠤ᠌ ᠪᠠᠶᠠᠨᠨᠠᠭᠤᠷ ᠬᠣᠲᠠ᠎ᠶ᠋ᠢᠨ ᠲᠠᠷᠢᠶᠠᠯᠠᠩ᠎ᠤ᠋ᠨ ᠪᠦᠲᠦᠭᠡᠭᠳᠡᠬᠦᠨᠦ᠌ ᠭᠠᠳᠠᠭᠠᠳᠤ ᠭᠠᠷᠭᠠᠯᠲᠠ᠎ᠶᠢᠨ ᠭᠡᠮᠵᠢᠶ᠎ᠡ 86.3 ᠳ᠋ᠦᠩᠰᠢᠭᠤᠷ ᠲᠥᠭᠥᠷᠢᠭ᠎ᠲᠦ᠍ ᠬᠦᠷᠴᠦ᠂ ᠳᠡᠭᠡᠷ᠎ᠡ ᠵᠢᠯ᠎ᠦ᠋ᠨ ᠠᠳᠠᠯᠢ ᠬᠤᠭᠤᠴᠠᠭᠠᠨ᠎ᠤ᠋ ᠬᠢ᠎ᠡᠴᠡ 15.8% ᠪᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ᠎ᠤ᠋ ᠲᠠᠷᠢᠶᠠᠯᠠᠩ᠎ᠤ᠋ᠨ ᠪᠦᠲᠦᠭᠡᠭᠳᠡᠬᠦᠨᠦ᠌ ᠭᠠᠳᠠᠭᠠᠳᠤ ᠭᠠᠷᠭᠠᠯᠲᠠ᠎ᠶ᠋ᠢᠨ ᠶᠡᠷᠦᠩᠬᠡᠢ ᠬᠡᠮᠵᠢᠶ᠎ᠡ᠎ᠶ᠋ᠢᠨ 62% ᠢ᠋ ᠡᠵᠡᠯᠡᠵᠦ᠂ 17 ᠵᠢᠯ ᠳᠠᠷᠠᠭᠠᠯᠠᠨ ᠪᠦᠬᠦ ᠣᠷᠣᠨᠳ᠋ᠦ᠍ ᠲᠦᠷᠦᠭᠦᠯᠡᠪᠡ᠃
ᠪᠠᠶᠠᠨᠨᠠᠭᠤᠷ ᠬᠣᠲᠠ᠎ᠶ᠋ᠢᠨ ᠬᠠᠩᠭᠢᠨ ᠬᠣᠢᠲᠤ ᠬᠤᠰᠢᠭᠤᠨ᠎ᠤ᠋ ︽ᠱᠠᠮᠪᠠ᠎ᠵᠢᠨ ᠦᠨᠦᠷ ᠠᠮᠲᠠ︾ ᠢᠳᠡᠭᠡᠨ᠎ᠦ᠌ ᠠᠵᠤ ᠦᠢᠯᠡᠰ᠎ᠦ᠋ᠨ ᠬᠦᠷᠢᠶᠡᠯᠡᠩᠳ᠋ᠦ᠍ ᠬᠦᠷᠬᠦ᠎ᠳᠤ᠂ ᠢ ᠳᠧ ᠫᠦ ᠷᠦᠢ ᠲᠥᠪᠡᠳ ᠬᠠᠰᠢ᠎ᠶ᠋ᠢᠨ ᠢᠳᠡᠭᠡᠨ᠎ᠦ᠌ ᠬᠢᠵᠠᠭᠠᠷᠲᠤ ᠺᠣᠮᠫᠠᠨᠢ᠎ᠶ᠋ᠢᠨ ᠣᠶᠤᠨᠴᠢᠯᠠᠭᠰᠠᠨ ᠦᠢᠯᠡᠳᠪᠦᠷᠢᠯᠡᠯ᠎ᠦ᠋ᠨ ᠲᠠᠰᠤᠭ ᠶᠠᠭ ᠪᠦᠬᠦ ᠬᠦᠴᠦ ᠪᠡᠷ ᠵᠠᠬᠢᠶᠠᠯᠠᠭ᠎ᠠ᠎ᠶᠢᠨ ᠪᠠᠷᠠᠭ᠎ᠠ ᠪᠠᠨ ᠦᠢᠯᠡᠳᠪᠦᠷᠢᠯᠡᠵᠦ ᠪᠠᠢᠪᠠ᠃ ᠰᠤᠷᠭᠤᠭ ᠤᠯᠠᠭᠠᠨ ᠥᠩᠭᠡ ᠲᠡᠢ ᠲᠥᠪᠡᠳ ᠬᠠᠰᠢ᠎ᠶ᠋ᠢᠨ ᠨᠤᠬᠤᠰᠢ ᠨᠢ ᠤᠷᠲᠤ ᠳᠠᠮᠵᠢᠭᠤᠯᠬᠤ ᠬᠣᠭᠣᠯᠠᠢ᠎ᠪᠠᠷ 56 ᠮᠧᠲ᠋ᠷ ᠥᠨᠳᠥᠷ ᠰᠦᠷᠴᠢᠮᠡᠯ ᠬᠠᠳᠠᠭᠠᠬᠤ ᠰᠤᠪᠤᠷᠭ᠎ᠠ᠎ᠳᠤ ᠬᠦᠷᠭᠡᠭᠳᠡᠨ ᠤᠰᠤ ᠦᠭᠡᠢᠳᠡᠭᠦᠯᠵᠦ᠂ ᠬᠠᠨᠲᠠ᠎ᠶᠢᠨ ᠬᠡᠯᠪᠡᠷᠢ ᠡᠴᠡ ᠨᠤᠨᠲᠠᠭ ᠬᠡᠯᠪᠡᠷᠢᠲᠡᠢ ᠪᠣᠯᠵᠤ ᠬᠤᠪᠢᠷᠠᠪᠠ᠃ ᠲᠤᠷᠭᠢᠯᠲᠠ᠎ᠶ᠋ᠢᠨ ᠤᠷᠤᠰᠤᠮᠠᠯ ᠤᠷᠤ ᠳᠡᠭᠡᠷ᠎ᠡ ᠵᠥᠭᠡᠯᠡᠨ ᠨᠠᠷᠢᠨ ᠲᠥᠪᠡᠳ ᠬᠠᠰᠢ᠎ᠶ᠋ᠢᠨ ᠨᠤᠨᠲᠠᠭ ᠨᠢ ᠤᠯᠠᠪᠤᠷ ᠥᠩᠭᠡᠲᠡᠢ ᠨᠡᠭᠦᠳᠡᠯ ᠡᠯᠡᠰᠦ ᠮᠡᠲᠦ ᠲᠤᠭᠤᠯᠭᠠᠨ ᠴᠠᠭᠠᠰᠤᠨ ᠤᠭᠤᠲᠠᠨᠳ᠋ᠤ᠌ ᠰᠠᠪᠠᠯᠠᠭᠳᠠᠨᠠ ᠁
《ᠮᠠᠨ᠎ᠤ ᠺᠣᠮᠫᠠᠨᠢ ᠨᠢᠳᠤᠨᠤᠨ᠎ᠤ 10 ᠰᠠᠷᠠᠳ᠋ᠤ᠌ ᠠᠰᠢᠭᠯᠠᠯᠲᠠᠳ᠋ᠤ᠌ ᠣᠷᠣᠵᠤ᠂ ᠲᠡᠷᠡ ᠲᠠᠷᠤᠢ 2000 ᠲᠤᠨ ᠭᠠᠳᠠᠭᠠᠳᠤ᠎ᠳᠤ ᠭᠠᠷᠭᠠᠬᠤ ᠵᠠᠬᠢᠶᠠᠯᠠᠭ᠎ᠠ᠎ᠶ᠋ᠢ ᠬᠦᠯᠢᠶᠡᠨ ᠠᠪᠤᠭᠰᠠᠨ ᠪᠠᠢᠨ᠎ᠠ᠃ ᠣᠳᠣᠬᠠᠨ᠎ᠳ᠋ᠤ᠌ 15 ᠤᠯᠤᠰ ᠣᠷᠣᠨ᠎ᠤ᠋ ᠬᠡᠷᠡᠭᠯᠡᠭᠴᠢᠳᠲᠡᠢ ᠬᠠᠷᠢᠴᠠᠭ᠎ᠠ ᠪᠠᠢᠭᠤᠯᠵᠤ᠂ ᠪᠦᠲᠦᠭᠡᠭᠳᠡᠬᠦᠨ ᠨᠢ ᠧᠦ᠋ᠷᠣᠫᠠ ᠠᠮᠧᠷᠢᠺᠠ ᠪᠣᠯᠤᠨ ᠳᠤᠮᠳᠠᠳᠤ ᠳᠣᠷᠣᠨᠠᠲᠤ ᠣᠷᠣᠨ᠎ᠳ᠋ᠤ᠌ ᠪᠣᠷᠣᠯᠠᠭᠤᠯᠤᠭᠳᠠᠵᠤ᠂ ᠲᠥᠮᠦᠰᠦᠨ ᠬᠡᠷᠴᠢᠮᠡᠯ᠂ ᠪᠢᠩᠭᠠᠨ᠂ ᠬᠠᠯᠠᠭᠤᠨ ᠲᠣᠭᠣᠭᠠᠨᠤ᠋ ᠨᠠᠢᠷᠠᠯᠭ᠎ᠠ᠂ ᠫᠢᠽᠠ᠎ᠶᠢᠨ ᠡᠭᠡᠳᠡᠩ ᠵᠡᠷᠭᠡ᠎ᠶᠢᠨ ᠠᠮᠲᠠᠯᠠᠭᠴᠢ ᠪᠤᠯᠪᠠ᠃ ᠺᠣᠮᠫᠠᠨᠢ ᠨᠢ ᠠᠰᠢᠭᠯᠠᠯᠲᠠᠳ᠋ᠤ᠌ ᠣᠷᠣᠭᠰᠠᠨᠤ᠋ ᠳᠠᠷᠠᠭ᠎ᠠ᠂ ᠵᠢᠯ᠎ᠳ᠋ᠦ᠍ 50 ᠭᠠᠷᠤᠢ ᠲᠦᠮᠡᠨ ᠲᠤᠨ ᠲᠥᠪᠡᠳ ᠬᠠᠰᠢ ᠬᠡᠷᠡᠭᠰᠡᠵᠦ᠂ ᠡᠷᠭᠢᠨ ᠲᠣᠭᠣᠷᠢᠨ᠎ᠳᠤ 6 ᠲᠦᠮᠡᠨ ᠮᠦ᠍ ᠲᠥᠪᠡᠳ ᠬᠠᠰᠢ ᠳᠠᠷᠢᠬᠤ᠎ᠶ᠋ᠢ ᠲᠡᠢᠴᠢᠯᠡᠵᠡᠢ᠃ ᠵᠢᠯ᠎ᠳ᠋ᠦ᠍ ᠤᠯᠠᠭᠠᠨ ᠲᠥᠪᠡᠳ ᠬᠠᠰᠢ᠎ᠶ᠋ᠢᠨ ᠨᠤᠨᠳᠠᠭ 1.8 ᠲᠦᠮᠡᠨ ᠲᠤᠨ ᠦᠢᠯᠡᠳᠪᠦᠷᠢᠯᠡᠵᠦ᠂ ᠦᠢᠯᠡᠳᠬᠦᠨ᠎ᠦ᠌ ᠥᠷᠲᠡᠭ ᠨᠢ 4.5 ᠳ᠋ᠦᠩᠰᠢᠭᠤᠷ ᠲᠥᠭᠥᠷᠢᠭ᠎ᠲᠦ᠍ ᠬᠦᠷᠴᠦ᠂ ᠪᠦᠬᠦ ᠪᠥᠮᠪᠥᠷᠴᠡᠭᠦ᠋ᠨ ᠲᠥᠪᠡᠳ ᠬᠠᠰᠢ᠎ᠶ᠋ᠢᠨ ᠨᠤᠨᠲᠠᠭ᠎ᠤ᠋ᠨ 30%᠎ᠤᠨ ᠵᠠᠬ᠎ᠠ ᠲᠡᠯᠭᠡᠭᠦᠷ᠎ᠢ ᠡᠵᠡᠯᠡᠵᠦ ᠪᠣᠢ》 ᠭᠡᠮᠡᠨ ᠺᠣᠮᠫᠠᠨᠢ᠎ᠶ᠋ᠢᠨ ᠬᠠᠷᠢᠭᠤᠴᠠᠯᠭᠠᠲᠠᠨ ᠯᠢᠦ ᠾᠦᠢ ᠯᠢᠩ ᠲᠠᠨᠢᠯᠴᠠᠭᠤᠯᠤᠨ᠎ᠠ᠃
ᠪᠠᠶᠠᠨᠨᠠᠭᠤᠷ ᠬᠣᠲᠠ ᠪᠣᠷᠣᠲᠣᠬᠣᠶ᠎ᠵᠢᠨ ᠲᠠᠯ᠎ᠠ ᠭᠠᠵᠠᠷ᠎ᠤ᠋ᠨ ᠥᠷᠥᠴᠡᠨᠳ᠋ᠤ᠌ ᠪᠠᠢᠷᠢᠰᠢᠵᠤ᠂ 1300 ᠭᠠᠷᠤᠢ ᠲᠦᠮᠡᠨ ᠮᠦ᠍ ᠴᠢᠨᠠᠷ ᠰᠠᠢᠲᠠᠢ ᠲᠠᠷᠢᠶᠠᠨ ᠭᠠᠵᠠᠷ ᠪᠠ 7900 ᠭᠠᠷᠤᠢ ᠲᠦᠮᠡᠨ ᠮᠦ᠍ ᠪᠠᠢᠭᠠᠯᠢ᠎ᠶ᠋ᠢᠨ ᠮᠠᠯᠵᠢᠯ᠎ᠤ᠋ᠨ ᠲᠠᠯᠠᠪᠠᠢ᠎ᠲᠠᠢ᠂ ᠤᠰᠤ ᠬᠥᠷᠥᠰᠥ ᠭᠡᠷᠡᠯ ᠢᠯᠴᠢ᠎ᠶ᠋ᠢᠨ ᠨᠥᠬᠥᠴᠡᠯ᠂ ᠲᠠᠷᠢᠶᠠᠯᠠᠩ ᠮᠠᠯ ᠠᠵᠤ ᠠᠬᠤᠢ᠎ᠶ᠋ᠢᠨ ᠡᠬᠢ ᠪᠠᠶᠠᠯᠢᠭ ᠳᠠᠪᠠᠭᠤᠯᠢᠭ ᠲᠠᠢ ᠪᠠᠢᠳᠠᠭ᠃ ᠲᠤᠰ ᠬᠣᠲᠠ ᠪᠣᠯ ᠪᠦᠬᠦ ᠤᠯᠤᠰ᠎ᠤ᠋ᠨ ᠬᠠᠮᠤᠭ᠎ᠤ᠋ᠨ ᠲᠣᠮᠣ ᠣᠷᠭᠠᠨᠢᠭ ᠲᠦᠭᠦᠬᠡᠢ ᠰᠦ᠂ ᠨᠠᠷᠠᠨ ᠬᠤᠸᠠᠷ᠎ᠤ᠋ᠨ ᠦᠷ᠎ᠡ᠂ ᠤᠰᠤ ᠦᠭᠡᠢᠳᠡᠭᠦᠯᠦᠭᠰᠡᠨ ᠢᠳᠡᠰᠢᠨ ᠨᠣᠭᠣᠭ᠎ᠠ᠎ᠶ᠋ᠢᠨ ᠦᠢᠯᠡᠳᠪᠦᠷᠢᠯᠡᠯ᠎ᠦ᠋ᠨ ᠰᠠᠭᠤᠷᠢᠨ᠂ ᠪᠦᠬᠦ ᠤᠯᠤᠰ᠎ᠤ᠋ᠨ ᠬᠠᠮᠤᠭ᠎ᠤ᠋ᠨ ᠲᠣᠮᠣ ᠨᠣᠣᠰᠣ ᠦᠭᠡᠢ ᠨᠣᠤᠯᠤᠭᠤᠷᠢ᠋ ᠬᠤᠪᠢᠶᠠᠨ ᠰᠠᠮᠨᠠᠬᠤ ᠰᠠᠭᠤᠷᠢᠨ᠂ ᠪᠦᠬᠦ ᠤᠯᠤᠰ᠎ᠤ᠋ᠨ ᠬᠣᠶᠠᠳᠤᠭᠠᠷ ᠲᠣᠮᠣ ᠲᠥᠪᠡᠳ ᠬᠠᠰᠢ᠎ᠶ᠋ᠢᠨ ᠲᠦᠭᠦᠬᠡᠢ ᠮᠠᠲ᠋ᠧᠷᠢᠶᠠᠯ ᠦᠢᠯᠡᠳᠪᠦᠷᠢᠯᠡᠬᠦ ᠪᠠ ᠲᠥᠪᠡᠳ ᠬᠠᠰᠢ᠎ᠶ᠋ᠢᠨ ᠦᠢᠯᠡᠳᠬᠦᠨᠢ᠋ ᠪᠣᠯᠪᠠᠰᠤᠷᠠᠭᠤᠯᠬᠤ ᠰᠠᠭᠤᠷᠢᠨ᠂ ᠪᠦᠬᠦ ᠤᠯᠤᠰ᠎ᠤ᠋ᠨ ᠭᠠᠵᠠᠷ᠎ᠤᠨ ᠳᠡᠰ᠎ᠦ᠋ᠨ ᠬᠣᠲᠠ᠎ᠶ᠋ᠢᠨ ᠳᠤᠮᠳᠠ ᠳᠥᠷᠪᠡᠨ ᠤᠯᠠᠷᠢᠯ᠎ᠤ᠋ᠨ ᠲᠡᠩᠴᠡᠭᠦᠷᠢᠲᠡᠢ ᠪᠣᠷᠣᠯᠠᠭᠤᠯᠭ᠎ᠠ᠎ᠶ᠋ᠢᠨ ᠬᠡᠮᠵᠢᠶ᠎ᠡ᠎ᠪᠡᠷ ᠬᠠᠮᠤᠭ᠎ᠤ᠋ᠨ ᠶᠡᠬᠡ ᠠᠯᠠᠰᠢᠨ ᠬᠣᠨᠢ ᠲᠡᠵᠢᠭᠡᠨ ᠦᠷᠡᠵᠢᠭᠦᠯᠵᠦ ᠪᠣᠯᠪᠠᠰᠤᠷᠠᠭᠤᠯᠬᠤ ᠰᠠᠭᠤᠷᠢᠨ ᠪᠠᠢᠵᠤ᠂ ᠲᠡᠭᠦᠨ᠎ᠦ᠌ ᠲᠠᠷᠢᠶᠠᠯᠠᠩ᠎ᠤ᠋ᠨ ᠪᠦᠲᠦᠭᠡᠭᠳᠡᠬᠦᠨ ᠨᠢ 100 ᠭᠠᠷᠤᠢ ᠤᠯᠤᠰ ᠪᠠ ᠭᠠᠵᠠᠷ ᠣᠷᠣᠨ᠎ᠳ᠋ᠤ᠌ ᠪᠣᠷᠣᠯᠠᠭᠤᠯᠤᠭᠳᠠᠵᠤ ᠪᠣᠢ᠃
《ᠨᠠᠷᠢᠯᠢᠭ ᠪᠣᠯᠪᠠᠰᠤᠷᠠᠭᠤᠯᠤᠭᠰᠠᠨ ᠲᠥᠪᠡᠳ ᠬᠠᠰᠢ᠎ᠶ᠋ᠢᠨ ᠨᠤᠨᠲᠠᠭ ᠡᠴᠡ ᠭᠠᠳᠠᠨ᠎ᠠ᠂ ᠨᠢᠳᠤᠨᠤᠨ ᠪᠠᠶᠠᠨᠨᠠᠭᠤᠷ ᠬᠣᠲᠠ᠎ᠶ᠋ᠢᠨ ᠬᠠᠲᠠᠭᠠᠭᠰᠠᠨ ᠦᠬᠡᠷᠦ᠋ᠨ ᠮᠢᠬ᠎ᠠ᠂ ᠯᠠᠩᠭᠤᠸᠠ᠎ᠶ᠋ᠢᠨ ᠦᠷ᠎ᠡ᠎ᠶ᠋ᠢᠨ ᠲᠣᠰᠣ᠂ ᠬᠠᠲᠠᠭᠠᠭᠰᠠᠨ ᠴᠢᠪᠠᠭ᠎ᠠ᠂ ᠲᠣᠮᠣ ᠨᠠᠢ᠍ᠮᠠᠯᠵᠢ᠂ ᠦᠵᠦᠮᠦ᠋ᠨ ᠨᠠᠪᠴᠢ᠂ ᠰᠢᠬᠢᠷ ᠯᠠᠵᠤᠤ᠎ᠶᠢᠨ ᠯᠠᠰᠠ᠎ᠲᠤ ᠢᠳᠡᠭᠡᠨ᠂ ᠪᠦᠷᠢᠨ ᠲᠣᠰᠣᠲᠤ ᠲᠡᠮᠡᠭᠡᠨ ᠰᠦᠨ ᠲᠠᠯᠬ᠎ᠠ ᠵᠡᠷᠭᠡ ᠣᠨᠴᠠᠯᠢᠭᠲᠤ ᠲᠠᠷᠢᠶᠠᠯᠠᠩ᠎ᠤ᠋ᠨ ᠪᠦᠲᠦᠭᠡᠭᠳᠡᠬᠦᠨ ᠴᠦ᠍ ᠵᠠᠯᠭᠠᠭ᠎ᠠ ᠪᠡᠷ ᠤᠯᠤᠰ᠎ᠤ᠋ᠨ ᠡᠭᠦᠳᠡ᠎ᠡᠴᠡ ᠭᠠᠷᠴᠤ᠂ ᠭᠠᠳᠠᠭᠠᠳᠤ᠎ᠶ᠋ᠢᠨ ᠵᠠᠬ᠎ᠠ ᠳᠡᠯᠭᠡᠭᠦᠷᠢ᠋ ᠢᠳᠡᠪᠬᠢᠲᠡᠢ ᠨᠡᠭᠡᠭᠡᠵᠦ᠂ ᠭᠠᠳᠠᠭᠠᠳᠤ᠎ᠳ᠋ᠤ᠌ ᠭᠠᠷᠭᠠᠭᠰᠠᠨ ᠲᠠᠷᠢᠶᠠᠯᠠᠩ᠎ᠤ᠋ᠨ ᠪᠦᠲᠦᠭᠡᠭᠳᠡᠬᠦᠨᠦ᠌ ᠲᠥᠷᠥᠯ ᠵᠦᠢᠯ 90 ᠲᠥᠷᠥᠯ ᠪᠣᠢ》 ᠭᠡᠵᠦ ᠤᠷᠠᠳ ᠪᠣᠭᠣᠮᠲᠠ᠎ᠶ᠋ᠢᠨ ᠪᠠᠢᠴᠠᠭᠠᠬᠤ ᠰᠠᠯᠠᠭᠠᠨᠤ᠋ ᠳᠠᠷᠤᠭ᠎ᠠ ᠵᠠᠩ ᠵᠢᠩ ᠬᠡᠯᠡᠨ᠎ᠡ᠃