2025 ᠤᠨ ᠤ᠋ ᠬᠦᠬᠡᠬᠤᠲᠠ ᠵᠢᠨ ᠤᠢ ᠰᠢᠭᠤᠢ ᠡᠪᠡᠰᠤᠨ ᠤ᠋ ᠠᠵᠤ ᠦᠢᠯᠡᠰ ᠤ᠋ᠨ ᠶᠡᠷᠦᠩᠬᠡᠢ ᠦᠷᠲᠡᠭ 110 ᠳ᠋ᠦᠩᠰᠢᠭᠤᠷ ᠲᠦᠭᠦᠷᠢᠭ ᠢ᠋ ᠳᠠᠪᠠᠪᠠ
2026-01-26 16:28:10
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

2025 ᠤᠨ ᠤ᠋ 12 ᠰᠠᠷ᠎ᠠ ᠵᠢᠨ ᠰᠡᠭᠦᠯᠴᠢ ᠪᠤᠯᠲᠠᠯ᠎ᠠ᠂ ᠬᠦᠬᠡᠬᠤᠲᠠ ᠵᠢᠨ ᠤᠢ ᠰᠢᠭᠤᠢ ᠡᠪᠡᠰᠤᠨ ᠤ᠋ ᠶᠡᠷᠦᠩᠬᠡᠢ ᠦᠢᠯᠡᠳᠭᠦᠨ ᠤ᠋ ᠦᠷᠲᠡᠭ 111.9 ᠳ᠋ᠦᠩᠰᠢᠭᠤᠷ ᠲᠦᠭᠦᠷᠢᠭ ᠬᠦᠷᠴᠤ᠂ 2024 ᠤᠨ ᠤ᠋ ᠤᠢ ᠰᠢᠭᠤᠢ ᠡᠪᠡᠰᠤᠨ ᠤ᠋ ᠠᠵᠤ ᠦᠢᠯᠡᠰ ᠤ᠋ᠨ ᠶᠡᠷᠦᠩᠬᠡᠢ ᠦᠷᠲᠡᠭ ᠲᠠᠢ ᠠᠳᠠᠯᠢᠳᠬᠠᠪᠠᠯ 8.64% ᠪᠡᠷ ᠨᠡᠮᠡᠭᠳᠡᠪᠡ᠃ ᠡᠭᠦᠨ ᠳ᠋ᠤ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤ᠋ᠨ ᠦᠢᠯᠡᠳᠭᠦᠨ ᠤ᠋ ᠦᠷᠲᠡᠭ ᠲᠤᠰ ᠲᠤᠰ 21.40 ᠳ᠋ᠦᠩᠰᠢᠭᠤᠷ ᠲᠦᠭᠦᠷᠢᠭ᠂ 55.30 ᠳ᠋ᠦᠩᠰᠢᠭᠤᠷ ᠲᠦᠭᠦᠷᠢᠭ ᠪᠠ 35.21 ᠳ᠋ᠦᠩᠰᠢᠭᠤᠷ ᠲᠦᠭᠦᠷᠢᠭ ᠪᠠᠢᠵᠤ᠂ ᠲᠤᠰ ᠲᠤᠰ 19.12%᠂ 49.42% ᠪᠠ 31.46% ᠶ᠋ᠢ ᠡᠵᠡᠯᠡᠪᠡ᠃

ᠬᠦᠬᠡᠬᠤᠲᠠ ᠵᠢᠨ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠡ 《ᠬᠦᠬᠡᠬᠤᠲᠠ ᠵᠢᠨ ᠤᠢ ᠰᠢᠭᠤᠢ ᠡᠪᠡᠰᠤᠨ ᠤ᠋ ᠠᠵᠤ ᠦᠢᠯᠡᠰ ᠤ᠋ᠨ ᠬᠦᠭᠵᠢᠯᠲᠡ ᠵᠢᠨ ᠲᠦᠯᠦᠪᠵᠢᠬᠦᠯᠭᠡ (2025 — 2030 ᠤᠨ)》 ᠶ᠋ᠢ ᠨᠠᠢᠷᠠᠭᠤᠯᠤᠨ ᠵᠤᠬᠢᠶᠠᠵᠤ᠂ ᠡᠪᠡᠰᠤᠨ ᠤ᠋ ᠦᠢᠯᠡᠰ᠂ ᠤᠢ ᠰᠢᠭᠤᠢ ᠡᠪᠡᠰᠤᠨ ᠤ᠋ ᠬᠢᠲᠠᠳ ᠡᠮ ᠤ᠋ᠨ ᠮᠠᠲᠸᠷᠢᠶᠠᠯ ᠤ᠋ᠨ ᠠᠵᠤ ᠦᠢᠯᠡᠰ᠂ ᠪᠤᠲᠠᠯᠢᠬ ᠮᠤᠳᠤᠨ ᠤ᠋ ᠡᠬᠢ ᠪᠠᠶᠠᠯᠢᠭ ᠢ᠋ ᠠᠰᠢᠭᠯᠠᠬᠤ ᠠᠵᠤ ᠦᠢᠯᠡᠰ᠂ ᠤᠢ ᠲᠤᠳᠤᠷᠠᠬᠢ ᠲᠡᠵᠢᠭᠡᠨ ᠦᠷᠡᠵᠢᠭᠦᠯᠬᠦ ᠠᠵᠤ ᠦᠢᠯᠡᠰ᠂ ᠤᠨᠴᠠᠯᠢᠭᠲᠤ ᠵᠢᠮᠢᠰ ᠤ᠋ᠨ ᠤᠢ ᠵᠢᠨ ᠠᠵᠤ ᠦᠢᠯᠡᠰ᠂ ᠤᠢ ᠮᠤᠳᠤᠨ ᠤ᠋ ᠦᠷ᠎ᠡ ᠴᠢᠬᠢ ᠴᠡᠴᠡᠭ ᠬᠤᠸᠠᠷ ᠤ᠋ᠨ ᠠᠵᠤ ᠦᠢᠯᠡᠰ᠂ ᠤᠢ ᠲᠤᠳᠤᠷᠠᠬᠢ ᠲᠠᠷᠢᠮᠠᠯ ᠤ᠋ᠨ ᠠᠵᠤ ᠦᠢᠯᠡᠰ᠂ ᠤᠢ ᠲᠤᠳᠤᠷᠠᠬᠢ ᠲᠡᠭᠦᠵᠤ ᠡᠳ᠋ᠰᠢᠭᠦᠯᠬᠦ ᠠᠵᠤ ᠦᠢᠯᠡᠰ᠂ ᠤᠢ ᠰᠢᠭᠤᠢ ᠡᠪᠡᠰᠤᠨ ᠤ᠋ ᠨᠡᠭᠦᠷᠡᠰᠦᠲᠦ᠋ᠷᠦᠭᠴᠢ ᠵᠢᠨ ᠬᠤᠷᠠᠮᠳᠤᠭᠤᠯᠭ᠎ᠠ ᠵᠢᠨ ᠠᠵᠤ ᠦᠢᠯᠡᠰ᠂ ᠠᠮᠢ ᠠᠬᠤᠢ ᠵᠢᠨ ᠵᠢᠭᠤᠯᠴᠢᠯᠠᠯ ᠪᠠ ᠡᠷᠡᠭᠦᠯᠵᠢᠯ ᠤ᠋ᠨ ᠠᠵᠤ ᠦᠢᠯᠡᠰ ᠢ᠋ ᠰᠢᠯᠢᠳᠡᠭᠵᠢᠭᠦᠯᠬᠦ ᠪᠡᠷ ᠳᠠᠮᠵᠢᠭᠤᠯᠤᠨ ᠠᠮᠢ ᠠᠬᠤᠢ ᠵᠢᠨ ᠦᠷ᠎ᠡ ᠠᠰᠢᠭ ᠪᠠ ᠠᠵᠤ ᠠᠬᠤᠢ ᠵᠢᠨ ᠦᠷ᠎ᠡ ᠠᠰᠢᠭ ᠤ᠋ᠨ ᠬᠤᠤᠰ ᠠᠮᠵᠢᠯᠲᠡ ᠶ᠋ᠢ ᠪᠡᠶᠡᠯᠡᠭᠦᠯᠪᠡ᠃ 2025 ᠤᠨ ᠳ᠋ᠤ᠂ ᠤᠨ ᠤ᠋ 17 ᠭᠤᠤᠯᠳᠠᠯᠭ᠎ᠠ ᠲᠠᠢ ᠲᠦᠷᠦᠯ ᠵᠦᠢᠯ ᠤ᠋ᠨ ᠨᠠᠢᠳᠠᠪᠤᠷᠢᠵᠢᠭᠤᠯᠤᠨ ᠬᠡᠷᠡᠭᠵᠢᠬᠦᠯᠬᠦ ᠶ᠋ᠢ ᠤᠷᠤᠭᠰᠢᠲᠠᠢ ᠠᠬᠢᠭᠤᠯᠤᠨ᠂ ᠳᠡᠭᠡᠳᠤ ᠱᠠᠲᠤᠨ ᠤ᠋ ᠨᠦᠬᠦᠪᠦᠷᠢ ᠪᠡᠯᠡ ᠮᠦᠩᠭᠦ ᠶ᠋ᠢ 3680 ᠲᠦᠮᠡᠨ ᠲᠦᠭᠦᠷᠢᠭ ᠴᠢᠷᠮᠠᠢᠨ ᠤᠯᠵᠤ᠂ ᠠᠵᠤ ᠦᠢᠯᠡᠰ ᠤ᠋ᠨ ᠬᠦᠭᠵᠢᠯᠲᠡ ᠵᠢᠨ ᠪᠤᠭᠤᠮᠢ ᠵᠢᠨ ᠠᠰᠠᠭᠤᠳᠠᠯ ᠢ᠋ ᠪᠦᠲᠦᠮᠵᠢᠲᠠᠢ ᠰᠢᠢᠳᠪᠦᠷᠢᠯᠡᠪᠡ᠃

2026 ᠤᠨ ᠤ᠋ ᠠᠵᠤ ᠦᠢᠯᠡᠰ ᠤ᠋ᠨ ᠲᠦᠷᠦᠯ ᠵᠦᠢᠯ ᠢ᠋ ᠤᠷᠢᠳᠴᠢᠯᠡᠨ ᠲᠦᠯᠦᠪᠵᠢᠭᠦᠯᠵᠤ᠂ 《ᠬᠦᠬᠡᠬᠤᠲᠠ ᠵᠢᠨ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠡ ᠤᠢ ᠰᠢᠭᠤᠢ ᠡᠪᠡᠰᠤᠨ ᠤ᠋ ᠠᠵᠤ ᠦᠢᠯᠡᠰ ᠤ᠋ᠨ ᠴᠢᠨᠠᠷ ᠰᠠᠢᠲᠠᠢ ᠬᠦᠭᠵᠢᠯᠲᠡ ᠳ᠋ᠤ ᠬᠦᠴᠦᠨ ᠨᠡᠮᠡᠷᠢᠯᠡᠬᠦ ᠠᠵᠢᠯᠯᠠᠭ᠎ᠠ ᠵᠢᠨ ᠲᠦᠰᠦᠯ》 ᠢ᠋ ᠳᠠᠷᠤᠮᠠᠯᠯᠠᠨ ᠲᠠᠷᠬᠠᠭᠠᠵᠤ᠂ 6 ᠲᠠᠯ᠎ᠠ ᠪᠡᠷ ᠠᠵᠤ ᠦᠢᠯᠡᠰ ᠲᠤ᠌ ᠦᠵᠡᠭᠦᠯᠬᠦ ᠳᠡᠮᠵᠢᠯᠭᠡ ᠪᠡᠨ ᠴᠢᠩᠭᠠᠳᠬᠠᠨ᠂ ᠪᠦᠬᠦ ᠬᠤᠲᠠ ᠵᠢᠨ 8 ᠰᠢᠯᠢᠳᠡᠭ ᠤᠢ ᠰᠢᠭᠤᠢ ᠡᠪᠡᠰᠤᠨ ᠤ᠋ ᠠᠵᠤ ᠦᠢᠯᠡᠰ ᠤ᠋ᠨ 28 ᠵᠦᠢᠯ ᠤ᠋ᠨ ᠪᠦᠲᠦᠬᠡᠭᠳᠡᠭᠦᠨ ᠢ᠋ ᠵᠤᠬᠢᠶᠠᠨ ᠪᠠᠢᠭᠤᠯᠵᠤ᠂ ᠨᠠᠨᠨᠢᠩ᠎ᠳᠤ ᠶᠠᠪᠤᠭᠳᠠᠭᠰᠠᠨ ᠳᠡᠯᠡᠬᠡᠢ ᠵᠢᠨ ᠤᠢ ᠮᠤᠳᠤᠨ ᠤ᠋ ᠶᠡᠬᠡ ᠬᠤᠷᠠᠯ ᠳ᠋ᠤ ᠤᠷᠤᠯᠴᠠᠭᠤᠯᠵᠤ᠂ 9 ᠳᠠᠭᠠᠭᠤᠯᠤᠭᠴᠢ ᠠᠵᠤ ᠠᠬᠤᠢᠯᠡᠯ ᠨᠡᠮᠡᠭᠳᠡᠨ᠂ 《ᠴᠡᠯᠡᠭᠡᠷ ᠤᠢ ᠰᠢᠭᠤᠢ ᠡᠪᠡᠰᠤᠨ ᠤ᠋ ᠰᠢᠯᠢᠳᠡᠭ ᠪᠦᠲᠦᠬᠡᠭᠳᠡᠭᠦᠨ》 ᠢ᠋ ᠤᠢ ᠰᠢᠭᠤᠢ ᠡᠪᠡᠰᠤᠨ ᠤ᠋ ᠪᠦᠲᠦᠬᠡᠭᠳᠡᠭᠦᠨ ᠤ᠋ ᠤᠷᠤᠨ ᠪᠦᠰᠡ ᠵᠢᠨ ᠨᠡᠢᠲᠡ ᠵᠢᠨ ᠬᠡᠷᠡᠭᠯᠡᠭᠡᠨ ᠤ᠋ ᠲᠦᠷᠦᠯ ᠲᠡᠮᠳᠡᠭ ᠲᠤ᠌ ᠭᠤᠶᠤᠴᠢᠯᠠᠨ ᠮᠡᠳᠡᠭᠦᠯᠵᠤ᠂ ᠬᠦᠬᠡᠬᠤᠲᠠ ᠵᠢᠨ ᠤᠷᠤᠨ ᠨᠤᠲᠤᠭ ᠤ᠋ᠨ ᠤᠢ ᠰᠢᠭᠤᠢ ᠡᠪᠡᠰᠤᠨ ᠤ᠋ ᠪᠦᠲᠦᠬᠡᠭᠳᠡᠭᠦᠨ ᠤ᠋ ᠨᠡᠷᠡᠲᠤ ᠲᠡᠮᠳᠡᠭ ᠢ᠋ ᠨᠡᠷᠡᠲᠤ ᠲᠡᠮᠳᠡᠭ ᠤ᠋ᠨ ᠰᠢᠰᠲᠸᠮ ᠳ᠋ᠤ ᠬᠠᠮᠤᠷᠤᠭᠤᠯᠤᠨ᠂ ᠪᠦᠲᠦᠬᠡᠭᠲᠡᠭᠦᠨ ᠤ᠋ ᠨᠡᠮᠡᠯᠲᠡ ᠦᠷᠲᠡᠭ ᠵᠢᠴᠢ ᠵᠠᠬ᠎ᠠ ᠳᠡᠯᠭᠡᠭᠦᠷ ᠤ᠋ᠨ ᠦᠷᠢᠰᠦᠯᠳᠦᠬᠦ ᠬᠦᠴᠦᠨ ᠢ᠋ ᠨᠡᠮᠡᠭᠳᠡᠭᠦᠯᠦᠭᠰᠡᠨ ᠪᠠᠢᠨ᠎ᠠ᠃ 

ᠤᠳᠤᠬᠠᠨ ᠪᠤᠯᠲᠠᠯ᠎ᠠ᠂ ᠬᠦᠬᠡᠬᠤᠲᠠ ᠳ᠋ᠤ ᠤᠢ ᠰᠢᠭᠤᠢ ᠡᠪᠡᠰᠤᠨ ᠤ᠋ ᠠᠵᠤ ᠠᠬᠤᠢᠯᠠᠯ 306᠂ ᠡᠯ᠎ᠡ ᠵᠦᠢᠯ ᠤ᠋ᠨ ᠤᠢ ᠰᠢᠭᠤᠢ ᠡᠪᠡᠰᠤᠨ ᠤ᠋ ᠲᠤᠰᠬᠠᠢ ᠬᠤᠷᠰᠢᠶ᠎ᠡ 52᠂ ᠤᠯᠤᠰ ᠪᠠ ᠦᠪᠡᠷᠲᠡᠭᠡᠨ ᠵᠠᠰᠠᠬᠤ ᠤᠷᠤᠨ ᠤ᠋ ᠭᠤᠤᠯᠳᠠᠯᠭ᠎ᠠ ᠲᠠᠢ ᠳᠠᠭᠠᠭᠤᠯᠤᠭᠴᠢ ᠠᠵᠤ ᠠᠬᠤᠢᠯᠠᠯ 13 ᠪᠠᠢᠵᠤ᠂ ᠬᠡᠪᠴᠢᠶᠡᠵᠢᠭᠰᠡᠨ ᠤᠢ ᠰᠢᠭᠤᠢ ᠡᠪᠡᠰᠤᠨ ᠤ᠋ ᠠᠵᠤ ᠦᠢᠯᠡᠰ ᠤ᠋ᠨ ᠰᠠᠭᠤᠷᠢᠨ᠎ᠢ 4 ᠪᠠᠢᠭᠤᠯᠤᠨ᠂ ᠨᠡᠷᠡᠲᠤ ᠤᠢ ᠰᠢᠭᠤᠢ ᠡᠪᠡᠰᠤᠨ ᠤ᠋ ᠠᠵᠤ ᠦᠢᠯᠡᠰ ᠤ᠋ᠨ ᠲᠦᠷᠦᠯ ᠲᠡᠮᠳᠡᠭ ᠢ᠋ 12 ᠪᠤᠢᠵᠢᠭᠤᠯᠪᠠ᠃ ᠠᠵᠤ ᠠᠬᠤᠢ ᠵᠢᠨ ᠤᠢ ᠵᠢᠨ ᠲᠠᠷᠢᠮᠠᠯ ᠤ᠋ᠨ ᠲᠠᠯᠠᠪᠠᠢ 86.2 ᠲᠦᠮᠡᠨ ᠮᠤ᠌᠂ ᠵᠢᠮᠢᠰ ᠤ᠋ᠨ ᠭᠠᠷᠤᠯᠲᠠ 5061.39 ᠲᠦᠮᠡᠨ ᠺᠢᠯᠦᠭᠷᠠᠮ᠎ᠳᠤ ᠬᠦᠷᠴᠤ᠂ ᠤᠢ ᠰᠢᠭᠤᠢ ᠡᠪᠡᠰᠤᠨ ᠤ᠋ ᠠᠵᠤ ᠦᠢᠯᠡᠰ ᠤ᠋ᠨ ᠶᠡᠷᠦᠩᠬᠡᠢ ᠦᠷᠲᠡᠭ 110 ᠳ᠋ᠦᠩᠰᠢᠭᠤᠷ ᠲᠦᠭᠦᠷᠢᠭ ᠢ᠋ ᠳᠠᠪᠠᠵᠤ᠂ ᠠᠮᠢ ᠠᠬᠤᠢ ᠦᠵᠡᠰᠬᠦᠯᠡᠩᠳᠤ ᠰᠠᠢᠬᠠᠨ᠂ ᠠᠷᠠᠳ ᠤ᠋ᠨ ᠠᠮᠢᠳᠤᠷᠠᠯ ᠪᠠᠶᠠᠨ ᠴᠢᠨᠡᠭᠡᠯᠢᠭ᠂ ᠠᠵᠤ ᠦᠢᠯᠡᠰ ᠦᠷᠨᠢᠭᠦᠨ ᠬᠦᠭᠵᠢᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号