ᠬᠢᠩᠭᠠᠨ ᠠᠢᠮᠠᠭ ᠠᠷᠠᠳ᠎ᠲᠤ ᠳᠥᠭᠥᠮ ᠦᠵᠡᠭᠦᠯᠵᠦ ᠵᠦᠷᠢᠴᠡᠯ ᠵᠠᠭᠤᠷᠠᠯᠳᠤᠭᠠᠨ ᠢ᠋ ᠰᠢᠢᠳᠪᠤᠷᠢᠯᠡᠬᠦ ᠵᠢᠬᠰᠠᠭᠠᠯ ᠤ᠋ᠨ ᠭᠠᠵᠠᠷ ᠢ᠋ ᠬᠦᠴᠦᠯᠡᠨ ᠪᠠᠢᠭᠤᠯᠤᠨ᠎ᠠ
2026-01-26 11:00:49
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆


ᠶᠠᠷᠦᠡᠭᠭᠡᠢᠯᠡᠨ ᠵᠠᠰᠠᠬᠤ ᠲᠦᠪ ᠤ᠋ᠨ ᠵᠢᠷᠤᠮᠵᠢᠭᠤᠯᠬᠤ ᠪᠠᠢᠭᠤᠯᠤᠯᠳᠠ ᠵᠢ ᠠᠬᠢᠭᠤᠯᠬᠤ ᠦᠢᠯᠡᠳᠦᠯᠭᠡ ᠵᠢᠨ ᠰᠢᠷᠢᠰ ᠮᠡᠳᠡᠭᠡᠯᠡᠯ ②


ᠡᠬᠢ ᠪᠠᠶᠠᠯᠢᠭ᠎ᠢ ᠡᠮᠬᠢᠯᠡᠨ ᠨᠡᠢᠳᠭᠡᠵᠦ᠂ ᠵᠦᠷᠢᠴᠡᠯ ᠵᠠᠭᠤᠷᠠᠯᠳᠤᠭᠠᠨ ᠢ᠋ ᠦᠨᠳᠦᠷ ᠪᠦᠳᠦᠮᠵᠢᠳᠡᠢ ᠰᠢᠢᠳᠪᠤᠷᠢᠯᠡᠪᠡ

《ᠡᠢᠮᠦ᠍ ᠲᠦᠷᠭᠡᠨ ᠱᠢᠢᠳᠪᠦᠷᠢᠯᠡᠨ᠎ᠠ ᠭᠡᠵᠦ᠍ ᠪᠤᠳᠤᠵᠤ ᠣᠯᠤᠭ᠍ᠰᠠᠨ ᠦᠬᠡᠢ᠂ ᠶᠡᠷᠦᠩᠬᠡᠢᠯᠡᠨ ᠵᠠᠰᠠᠬᠤ ᠲᠥᠪ ᠦᠨᠡᠬᠡᠷ ᠤᠯᠠᠨ ᠲᠦᠮᠡᠨ᠎ᠳᠦ ᠪᠣᠳᠠᠲᠦ ᠶᠠᠪᠤᠳᠠᠯ ᠬᠢᠵᠦ᠍ ᠥᠭ᠌ᠴᠦ ᠪᠠᠢᠨ᠎ᠠ》 ᠭᠡᠵᠦ ᠤᠯᠠᠭᠠᠨᠬᠣᠲᠠ᠎ᠶ᠋ᠢᠨ ᠶᠡᠷᠦᠩᠬᠡᠢᠯᠡᠨ ᠵᠠᠰᠠᠬᠤ ᠲᠥᠪ᠎ᠲᠦ ᠬᠤᠳᠠ᠎ᠶ᠋ᠢᠨ ᠠᠷᠠᠳ ᠯᠦ᠍ ᠠᠪᠠᠬᠠᠢ ᠪᠠᠶᠠᠷᠳᠠᠢᠬᠠᠨ ᠬᠡᠯᠡᠨ᠎ᠠ᠃ ᠯᠦ᠍ ᠠᠪᠠᠬᠠᠶ ᠨᠢᠭᠡ ᠬᠠᠭᠤᠴᠢᠨ ᠲᠡᠷᠭᠡ ᠬᠤᠳᠠᠯᠳᠤᠨ ᠠᠪᠴᠠᠢ᠂ ᠳᠡᠯᠭᠡᠭᠦᠷ᠎ᠦᠨ ᠡᠵᠡᠨ ᠵᠥᠪᠬᠡᠨ ᠬᠥᠳᠡᠯᠭᠡᠭᠦᠷ᠎ᠦᠨ ᠲᠠᠭ᠍ᠯᠠᠭ᠎ᠠ᠎ᠶ᠋ᠢ ᠰᠣᠯᠢᠵᠤ ᠥᠩᠭᠡᠷᠡᠪᠡ ᠭᠡᠵᠦ ᠬᠡᠯᠡᠵᠡᠢ᠃ ᠯᠦ᠍ ᠠᠪᠠᠬᠠᠶ ᠲᠡᠷᠭᠡ ᠰᠣᠯᠢᠬᠤ ᠦᠶ᠎ᠡ᠎ᠳᠦ ᠰᠠᠶᠢ ᠭᠠᠷ ᠳᠠᠮᠵᠢᠭ᠍ᠰᠠᠨ ᠲᠡᠷᠭᠡ ᠨᠢ ᠬᠦᠨᠳᠦ ᠨᠣᠴᠢᠲᠠᠶ ᠡᠨᠳᠡᠯ ᠳ᠋ᠤ ᠤᠴᠠᠷᠠᠵᠦ ᠦᠡᠭᠭᠡᠷᠡᠭᠰᠡᠨ᠎ᠢ ᠣᠯᠵᠤ ᠮᠡᠳᠡᠵᠡᠶ᠃ ᠵᠠᠭᠠᠯᠳᠤᠯᠭ᠎ᠠ᠎ᠶ᠋ᠢ ᠣᠯᠤᠭ᠍ᠰᠠᠨ᠎ᠤ ᠳᠠᠷᠠᠭ᠎ᠠ᠂ ᠶᠡᠷᠦᠩᠬᠡᠢᠯᠡᠨ ᠵᠠᠰᠠᠬᠤ ᠲᠥᠪ ᠳᠠᠷᠤᠶ ᠲᠦᠷᠭᠡᠨ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠡᠬᠢᠯᠡᠭᠦᠯᠵᠦ᠍᠂ ᠬᠡᠷᠡᠭ᠌ᠯᠡᠭ᠌ᠴᠢᠳ᠎ᠦᠨ ᠡᠷᠬᠡ ᠠᠱᠢᠭ᠎ᠢ ᠬᠠᠮᠠᠭᠠᠯᠠᠬᠤ ᠲᠥᠪ ᠲᠦᠷᠦᠭᠦᠯᠡᠨ᠂ ᠱᠢᠭᠦᠬᠦ᠌ ᠬᠣᠷᠢᠶ᠎ᠠ᠂ ᠪᠠᠢᠴᠠᠭᠠᠬᠤ ᠬᠣᠷᠢᠶ᠎ᠠ ᠵᠢᠴᠢ ᠬᠠᠤᠯᠢᠴᠢ ᠬᠠᠮᠲᠤ᠎ᠪᠠᠷ ᠣᠷᠣᠯᠴᠠᠵᠤ᠂ ᠬᠠᠷᠢᠭᠤᠴᠠᠯᠭ᠎ᠠ᠎ᠶ᠋ᠢ  ᠮᠠᠰᠢ ᠲᠦᠷᠭᠡᠨ ᠲᠣᠳᠣᠷᠬᠠᠢᠯᠠᠪᠠ᠃

ᠠᠰᠠᠭᠤᠳᠠᠯ᠎ᠢ ᠦᠨᠳᠦᠷ ᠪᠦᠳᠦᠮᠵᠢᠳᠡᠢ ᠱᠢᠢᠳᠪᠦᠷᠢᠯᠡᠬᠰᠡᠨ ᠵᠠᠩᠭᠢᠯᠠᠭ᠎ᠠ ᠨᠢ ᠡᠬᠢ ᠪᠠᠶᠠᠯᠢᠭ᠎ᠢ ᠡᠮᠬᠢᠯᠡᠨ ᠨᠡᠢᠳᠭᠡᠭᠰᠡᠨ᠎ᠳᠦ ᠪᠤᠢ᠃ ᠠᠢᠮᠠᠭ᠂ ᠬᠣᠱᠢᠭᠤ᠂ ᠱᠢᠶᠠᠩ ᠭᠤᠷᠪᠠᠨ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠦᠨ ᠪᠠᠢᠩᠭᠤ ᠰᠠᠭᠤᠭ᠎ᠠ ᠰᠠᠯᠠᠭ᠎ᠠ ᠮᠥᠴᠢᠷ ᠬᠠᠮᠵᠢᠯᠴᠠᠨ ᠠᠵᠢᠯᠯᠠᠪᠠ;  ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠵᠢᠨ 800 ᠭᠠᠷᠤᠶ ᠺᠠᠳ᠋ᠷ ᠴᠠᠭ᠍ᠳᠠᠭ᠎ᠠ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠵᠥᠷᠢᠴᠡᠯ ᠵᠠᠭᠤᠷᠠᠯᠳᠤᠭᠠᠨ᠎ᠢ ᠵᠢᠭ᠍ᠰᠠᠭᠠᠨ ᠪᠠᠢᠴᠠᠭᠠᠬᠤ ᠪᠠ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠠᠵᠢᠯ᠎ᠢ ᠥᠷᠨᠢᠭᠦᠯᠪᠡ; ᠱᠢᠭᠦᠨ ᠲᠠᠰᠤᠯᠬᠤ ᠪᠠᠢᠭᠤᠯᠭ᠎ᠠ ᠪᠦᠬᠦ᠌ ᠣᠷᠣᠨ ᠎ᠳᠤ ᠲᠦᠷᠦᠭᠦᠯᠡᠨ ᠠᠷᠠᠳ᠎ᠤᠨ ᠱᠢᠭᠦᠬᠦ᠌ ᠬᠣᠷᠢᠶ᠎ᠠ ᠵᠢᠨ ᠬᠡᠷᠡᠭ᠎ᠦᠨ ᠵᠢᠱ᠌ᠢᠶ᠎ᠡ᠎ᠶ᠋ᠢᠨ ᠬᠥᠮᠥᠷᠭᠡ᠂ ᠵᠠᠭᠤᠷᠠᠯᠳᠤᠭᠠᠨ᠎ᠢ ᠤᠯᠠᠨ ᠡᠱᠢᠴᠢᠯᠡᠨ ᠱᠢᠢᠳᠪᠦᠷᠢᠯᠡᠬᠦ᠌ ᠬᠡᠷᠡᠭ᠎ᠦᠨ ᠵᠢᠱ᠌ᠢᠶ᠎ᠡ᠎ᠶ᠋ᠢᠨ ᠬᠥᠮᠥᠷᠭᠡ᠎ᠶ᠋ᠢ ᠰᠦᠪᠡᠭ᠌ᠴᠢᠯᠡᠨ ᠬᠡᠷᠡᠭ᠌ᠯᠡᠵᠦ᠍᠂ ᠬᠠᠤᠯᠢ ᠴᠠᠭᠠᠵᠠ ᠵᠢᠨ ᠡᠶᠡᠳᠡᠭᠦᠯᠭᠡ᠎ᠳᠦ ᠲᠤᠯᠭᠠᠭᠤᠷᠢᠯᠠᠯ ᠬᠠᠩᠭᠠᠪᠠ; ᠪᠠᠢᠴᠠᠭᠠᠬᠤ ᠪᠠᠢᠭᠤᠯᠭ᠎ᠠ ᠶᠡᠷᠦᠩᠬᠡᠢᠯᠡᠨ ᠵᠠᠰᠠᠬᠤ ᠲᠥᠪ᠎ᠦᠨ ᠬᠦᠯᠢᠶᠡᠨ ᠠᠪᠬᠤ ᠴᠣᠩᠬᠣᠪᠴᠢ᠎ᠶ᠋ᠢ ᠪᠦᠬᠦᠨ᠎ᠢ ᠬᠠᠮᠤᠷᠬᠤ᠎ᠶ᠋ᠢ ᠪᠡᠶᠡᠯᠡᠭᠦᠯᠵᠦ᠍᠂ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ᠂ ᠵᠥᠷᠢᠴᠡᠯ ᠵᠠᠭᠤᠷᠠᠯᠳᠤᠭᠠᠨ᠎ᠢ ᠨᠠᠮᠳᠠᠭᠤᠯᠬᠤ ᠨᠢᠭᠡ ᠴᠣᠭ᠍ᠴᠠᠵᠢᠭᠤᠯᠤᠭ᠍ᠰᠠᠨ ᠪᠠᠢᠴᠠᠭᠠᠬᠤ ᠦᠢᠯᠡᠴᠢᠯᠡᠭᠡᠨ᠎ᠦ ᠲᠠᠪᠴᠠᠩ᠎ᠢ ᠪᠠᠢᠭᠤᠯᠪᠠ; ᠬᠠᠤᠯᠢ ᠴᠠᠭᠠᠵᠠ ᠵᠢᠨ ᠵᠠᠰᠠᠭ ᠵᠠᠬᠢᠷᠭᠠᠨ᠎ᠤ ᠪᠠᠢᠭᠤᠯᠭ᠎ᠠ ᠤᠯᠠᠨ ᠲᠦᠮᠡᠨ᠎ᠳᠦ ᠳᠥᠭᠥᠮ ᠳᠥᠲᠡ ᠪᠥᠭᠡᠳ ᠥᠨᠳᠥᠷ ᠪᠦᠲᠦᠮᠵᠢᠲᠡᠢ ᠡᠶᠡᠳᠡᠭᠦᠯᠬᠡ᠂ ᠵᠠᠰᠠᠭ ᠵᠠᠬᠢᠷᠭᠠᠨ᠎ᠢᠶᠠᠷ ᠲᠠᠬᠢᠨ ᠵᠥᠪᠯᠡᠬᠦ᠌ ᠂ ᠠᠯᠪᠠᠨ ᠭᠡᠷᠡᠴᠢᠯᠡᠭᠡ ᠬᠢᠬᠦ᠌ ᠵᠡᠷᠭᠡ ᠬᠠᠤᠯᠢ ᠴᠠᠭᠠᠵᠠ᠎ᠶ᠋ᠢᠨ ᠦᠢᠯᠡᠴᠢᠯᠡᠭᠡ ᠬᠠᠩᠭᠠᠪᠠ; ᠵᠠᠬᠢᠳᠠᠯ ᠰᠤᠷᠪᠤᠯᠵᠢᠯᠠᠯ᠎ᠤᠨ ᠰᠠᠯᠠᠭ᠎ᠠ ᠮᠥᠴᠢᠷ᠎ᠨᠢ ᠲᠣᠰ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠲᠦ ᠤᠷᠤᠨ ᠰᠠᠭᠤᠵᠤ ᠂ ᠵᠦᠷᠢᠴᠠᠯ ᠵᠠᠭᠤᠷᠠᠯᠳᠤᠭᠠᠨ ᠢ᠋ 《ᠨᠢᠭᠡ ᠯᠡ ᠭᠠᠵᠠᠷ᠎ᠲᠤ ᠬᠦᠢᠴᠡᠳᠭᠡᠬᠦ》 ᠎ᠶ᠋ᠢ ᠦᠨᠡᠨ ᠬᠦ᠌ ᠪᠡᠶᠡᠯᠡᠭᠦᠯᠪᠡ᠃

ᠤᠷᠤᠨ ᠪᠦᠰᠠ ᠠᠯᠤᠰᠯᠠᠬᠰᠠᠨ ᠵᠦᠷᠢᠴᠡᠯ ᠵᠠᠭᠤᠷᠠᠯᠳᠤᠭᠠᠨ ᠢ᠋ ᠮᠦᠨ ᠦᠨᠳᠦᠷ ᠪᠦᠳᠦᠮᠵᠢᠳᠡᠢ ᠰᠢᠢᠳᠪᠤᠷᠢᠯᠡᠨ᠎ᠠ᠃  2025 ᠤᠨ ᠤ᠋ ᠡᠬᠢ᠎ᠪᠡᠷ᠂ ᠵᠠᠯᠠᠢᠳ ᠬᠣᠱᠢᠭᠤᠨ᠎ᠤ ᠱᠢᠨ ᠯᠢᠨ ᠪᠠᠯᠭᠠᠰᠤᠨ᠎ᠤ 97 ᠲᠠᠷᠢᠶᠠᠴᠢᠨ ᠡᠷᠦᠬᠡ ᠳ᠋ᠤ ᠨᠢᠭᠡᠨ ᠺᠤᠮᠫᠠᠨᠢ 200 ᠲᠦᠮᠡᠨ ᠲᠥᠭᠥᠷᠢᠭ᠎ᠦᠨ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠰᠦᠶ᠋ᠳᠭᠡᠯ ᠥᠷᠢᠲᠦᠪᠡ᠂ ᠬᠡᠷᠡᠭ᠎ᠲᠦ ᠬᠣᠯᠪᠣᠭ᠍ᠳᠠᠭ᠍ᠰᠠᠨ ᠺᠣᠮᠫᠠᠨᠢ ᠨᠢ ᠰᠸᠴᠤᠸᠠᠨ ᠮᠤᠵᠢ ᠳ᠋ᠤ ᠪᠠᠢᠵᠤ᠂ ᠱᠢᠨ ᠯᠢᠨ ᠪᠠᠯᠭᠠᠰᠤᠨ᠎ᠤ ᠶᠡᠷᠦᠩᠬᠡᠢᠯᠡᠨ ᠵᠠᠰᠠᠬᠤ ᠲᠥᠪ᠎ᠡᠴᠨ ᠪᠠᠢᠳᠠᠯ᠎ᠢ᠋ ᠲᠡᠭᠡᠭᠰᠢ ᠮᠡᠳᠡᠭᠦᠯᠦᠭ᠌ᠰᠡᠨ᠎ᠦ ᠳᠠᠷᠠᠭ᠎ᠠ᠂ ᠵᠠᠯᠠᠢᠳ ᠬᠣᠱᠢᠭᠤᠨ᠎ᠤ ᠶᠡᠷᠦᠩᠬᠡᠢᠯᠡᠨ ᠵᠠᠰᠠᠬᠤ ᠲᠥᠪ ᠨᠢ 《ᠲᠠᠪᠤᠨ ᠱᠠᠲᠤᠨ᠎ᠤ ᠵᠠᠬᠢᠳᠠᠯ ᠰᠤᠷᠪᠤᠯᠵᠢᠯᠠᠯ ᠢ᠋ ᠣᠷᠣᠯᠠᠨ ᠭᠦᠶ᠋ᠴᠡᠳᠭᠡᠬᠦ᠌ 》 ᠲᠣᠭ᠍ᠲᠠᠴᠠ᠎ᠶ᠋ᠢ ᠡᠬᠢᠯᠡᠭᠦᠯᠵᠦ᠍ ᠂ ᠱᠢᠭᠦᠬᠦ᠌ ᠬᠣᠷᠢᠶ᠎ᠠ᠂ ᠵᠠᠬᠢᠳᠠᠯ ᠰᠤᠷᠪᠤᠯᠵᠢᠯᠠᠯ ᠤ᠋ᠨ ᠲᠣᠪᠴᠢᠶ᠎ᠠ ᠨᠢ ᠮᠤᠵᠢ ᠠᠯᠤᠰᠯᠠᠨ ᠵᠣᠬᠢᠴᠠᠭᠤᠯᠵᠦ᠂ ᠵᠥᠪᠬᠡᠨ 14 ᠡᠳᠦᠷ᠎ᠲᠦ ᠦᠷᠢᠳᠦᠭᠰᠡᠨ ᠪᠠᠯᠠ ᠮᠥᠩᠭᠥ᠎ᠶ᠋ᠢ ᠲᠠᠩᠰᠠᠨ᠎ᠳᠤ ᠣᠷᠣᠭᠤᠯᠵᠠᠶ᠃

ᠡᠳᠦᠭᠡ᠂ ᠬᠢᠩᠭᠠᠨ ᠠᠢᠮᠠᠭ ᠨᠢᠭᠡᠨᠲᠡ ᠳᠥᠷᠪᠡᠨ ᠱᠠᠲᠤᠨ᠎ᠤ ᠬᠣᠯᠪᠣᠭᠠᠯᠠᠨ ᠬᠥᠳᠡᠯᠦᠯᠴᠡᠬᠦ᠌ ᠱᠢᠰᠲ᠋ᠧᠮ᠎ᠢ ᠪᠦᠷᠢᠯᠳᠦᠭᠦᠯᠵᠦ᠂ ᠠᠢᠮᠠᠭ᠎ᠤᠨ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠨᠢ ᠵᠢᠯᠣᠭᠣᠳᠤᠨ ᠲᠣᠬᠢᠷᠠᠭᠤᠯᠵᠦ᠂ ᠨᠠᠷᠢᠨ ᠪᠤᠳᠤᠯᠢᠶᠠᠨᠲᠠᠶ᠂ ᠣᠷᠣᠨ ᠪᠦᠰᠡ ᠠᠯᠤᠰᠯᠠᠭ᠍ᠰᠠᠨ ᠵᠠᠭᠤᠷᠠᠯᠳᠤᠭᠠᠨ ᠢ᠋ ᠰᠢᠢᠳᠪᠤᠷᠢᠯᠨᠨ᠎ᠠ; ᠬᠣᠱᠢᠭᠤ ᠱᠢᠶᠠᠨ ᠬᠣᠲᠠ᠎ᠶ᠋ᠢᠨ ᠶᠡᠷᠦᠩᠬᠡᠢᠯᠡᠨ ᠵᠠᠰᠠᠬᠤ ᠲᠥᠪ᠎ᠨᠢ 《ᠲᠥᠪᠯᠡᠷᠡᠭᠦᠯᠦᠨ ᠭᠦᠶ᠋ᠴᠡᠳᠭᠡᠬᠦ᠌》 ᠪᠠ 《ᠨᠢᠭᠡ ᠥᠷᠲᠡᠭᠡᠴᠢᠯᠡᠭᠰᠡᠨ ᠮᠠᠶᠢᠭ》 ᠵᠢᠡᠷ ᠨᠠᠮᠳᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ᠎ᠠ; ᠱᠢᠶᠠᠩ ᠪᠠᠯᠭᠠᠰᠤ ᠵᠡᠭᠡᠯᠢ ᠭᠤᠳᠤᠮᠵᠢ᠎ᠶ᠋ᠢᠨ ᠶᠡᠷᠦᠩᠬᠡᠢᠯᠡᠨ ᠵᠠᠰᠠᠬᠤ ᠲᠥᠪ ᠨᠢ ᠠᠶᠤᠯ ᠲᠦᠭ᠌ᠰᠢᠭᠦᠷᠢ᠎ᠶ᠋ᠢ ᠴᠤᠬᠤᠢᠯᠳᠠ ᠵᠢᠨ ᠬᠤᠭᠤᠴᠠᠭᠠᠨ ᠳ᠋ᠤ ᠰᠢᠢᠳᠪᠤᠷᠢᠯᠡᠬᠦ ᠎ᠪᠡᠷ ᠬᠦᠴᠦᠯᠡᠨ᠎ᠡ ; ᠲᠣᠰᠭᠣᠨ ᠨᠡᠢᠭᠡᠮ ᠲᠣᠭᠣᠷᠢᠭ《ᠨᠢᠭᠡᠳᠦᠭᠡᠷ ᠰᠡᠷᠭᠡᠢᠯᠡᠯᠲᠡ᠎ᠶ᠋ᠢᠨ ᠱᠤᠭᠤᠮ》᠎ᠢ᠋  ᠪᠡᠬᠢᠵᠢᠭᠦᠯᠵᠦ᠍᠂ ᠦᠨᠳᠦᠰᠦᠨ ᠱᠠᠲᠤᠨ᠎ᠤ ᠪᠢᠴᠢᠯ ᠵᠠᠰᠠᠯᠲᠠ᠎ᠶ᠋ᠢ ᠪᠠᠢᠭᠤᠯᠤᠨ ᠬᠦᠴᠦᠷᠬᠡᠭ᠌ᠵᠢᠭᠦᠯᠦᠨ᠎ᠠ᠃


ᠠᠵᠢᠯ  ᠤ᠋ᠨ  ᠴᠤᠪᠤᠷᠠᠯ  ᠢ᠋  ᠰᠢᠯᠢᠳᠡᠭᠵᠢᠬᠦᠯᠵᠦ᠂  ᠦᠢᠯᠡᠴᠢᠯᠡᠭᠡ  ᠵᠢ  ᠬᠡᠷᠡᠭ᠌ᠴᠡᠭᠡ  ᠱᠠᠭᠠᠷᠳᠠᠯᠭ᠎ᠠ  ᠶ᠋ᠢᠨ  ᠡᠮᠦᠨ᠎ᠡ   ᠶᠠᠪᠤᠭᠤᠯᠪᠡ

ᠬᠢᠩᠭᠠᠨ ᠠᠢᠮᠠᠭ ᠰᠢᠨ᠎ᠠ ᠴᠠᠭ ᠦᠶ᠎ᠠ ᠵᠢᠨ 《ᠹᠸᠡᠭᠴᠢᠶᠤᠤ ᠵᠢᠨ ᠲᠤᠷᠰᠢᠯᠭ᠎ᠠ》 ᠵᠢ ᠭᠦᠨᠵᠡᠭᠡᠢ ᠦᠢᠯᠡᠳᠦᠯᠭᠡᠵᠢᠬᠦᠯᠵᠦ᠂ 《ᠭᠠᠷᠠᠭ ᠪᠦᠷᠢ ᠦᠵᠡᠬᠦ ᠂ ᠡᠷᠦᠭᠡ ᠪᠤᠯᠭᠠᠨ ᠳ᠋ᠤ ᠬᠦᠷᠬᠦ᠂ ᠠᠢᠯ ᠲᠣᠰᠭᠣᠨ ᠵᠢᠡᠷ ᠭᠦᠨᠵᠡᠭᠡᠢᠷᠡᠬᠦ᠌》ᠠᠵᠢᠯ᠎ᠤᠨ ᠠᠷᠭ᠎ᠠ᠎ᠶ᠋ᠢ ᠬᠡᠷᠡᠭᠯᠡᠨ᠂ ᠵᠥᠷᠢᠴᠡᠯ ᠵᠠᠭᠤᠷᠠᠯᠳᠤᠭᠠᠨ᠎ᠢ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠦ᠂ ᠪᠦᠬᠦᠨ᠎ᠢ ᠶᠡᠷᠦᠩᠬᠡᠢᠯᠡᠨ ᠵᠠᠰᠠᠬᠤ ᠲᠥᠪ᠎ᠲᠦ ᠲᠠᠡᠭᠰᠠᠯᠠᠨ ᠣᠷᠣᠭᠤᠯᠵᠦ᠂ ᠲᠤᠰ ᠲᠥᠪ᠎ᠨᠢ ᠲᠠᠬᠢᠭᠠᠳ ᠱᠢᠨᠵᠢᠯᠡᠬᠦ᠌ ᠤᠬᠠᠭᠠᠨᠴᠢ᠎ᠪᠠᠷ ᠬᠤᠪᠢᠶᠠᠨ ᠰᠢᠢᠳᠪᠤᠷᠢᠯᠡᠨ᠎ᠠ᠃

ᠶᠠᠪᠤᠴᠠ᠎ᠶ᠋ᠢ ᠳᠥᠭᠥᠮᠴᠢᠯᠡᠬᠦ᠌ ᠪᠣᠯ ᠥᠨᠳᠥᠷ ᠪᠦᠲᠦᠮᠵᠢᠲᠡᠶ ᠦᠶ᠋ᠯᠡᠴᠢᠯᠡᠭᠡ᠎ᠶ᠋ᠢ ᠪᠡᠶᠡᠯᠡᠭᠦᠯᠬᠦ᠌᠎ᠶ᠋ᠢᠨ ᠵᠠᠩᠭᠢᠯᠠᠭ᠎ᠠ ᠮᠥᠨ᠃ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠶᠡᠷᠦᠩᠬᠡᠢᠯᠡᠨ ᠵᠠᠰᠠᠬᠤ ᠲᠥᠪ᠎ᠦᠨ ᠡᠶᠡᠳᠡᠭᠦᠯᠬᠦ᠌ ᠲᠠᠰᠤᠭ᠎ᠲᠤ᠂ ᠱᠢᠭᠦᠬᠦ᠌ ᠬᠣᠷᠢᠶ᠎ᠠ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ᠎ᠶ᠋ᠢᠨ ᠠᠵᠢᠯᠲᠠᠨ ᠠᠳᠠᠯ ᠠᠬᠤᠶ᠎ᠶ᠋ᠢᠨ ᠰᠦᠶ᠋ᠳᠭᠡᠯ ᠥᠷᠢᠲᠦᠭᠰᠡᠨ ᠵᠠᠭᠤᠷᠠᠯᠳᠤᠭᠠᠨ᠎ᠢ ᠬᠠᠮᠲᠤᠷᠠᠨ ᠱᠢᠶ᠋ᠳᠪᠦᠷᠢᠯᠡᠨ᠎ᠠ᠃ 《ᠶᠡᠷᠦᠡᠭᠭᠡᠢᠯᠡᠨ ᠵᠠᠰᠠᠬᠤ ᠲᠥᠪ᠎ᠡᠴᠡ ᠪᠢᠳᠡᠨ᠎ᠳᠦ 18 ᠲᠦᠮᠡ ᠱᠢᠬᠠᠮ ᠲᠥᠭᠥᠷᠢᠭ᠎ᠢ᠋ ᠡᠭᠡᠭᠦᠯᠦᠨ ᠠᠪᠴᠢᠷᠠᠵᠤ ᠦᠭᠪᠡ ᠂ ᠠᠵᠢᠯ᠎ᠤᠨ ᠶᠠᠪᠤᠴᠠ ᠲᠦᠷᠭᠡᠨ ᠮᠦᠷᠳᠡᠭᠡᠨ ᠦᠷ᠎ᠡ ᠪᠦᠲᠦᠮᠵᠢ ᠥᠨᠳᠥᠷ ᠪᠠᠢᠨ᠎ᠠ》 ᠭᠡᠵᠦ ᠠᠳᠠᠯ ᠠᠬᠤᠶ᠎ᠶ᠋ᠢᠨ ᠺᠣᠮᠫᠠᠨᠢ᠎ᠶ᠋ᠢᠨ ᠬᠠᠷᠢᠭᠤᠴᠠᠯᠭᠠᠳᠠᠨ ᠬᠡᠯᠡᠨ᠎ᠠ᠃ ᠢᠢᠮᠦᠷᠬᠦᠦ《ᠡᠭᠦᠳᠡᠨ ᠡᠮᠨᠡᠯᠭᠡ᠎ᠶ᠋ᠢᠨ ᠮᠠᠶᠢᠭ》ᠤ᠋ᠨ ᠲᠣᠭ᠍ᠲᠠᠴᠠ᠎ᠨᠢ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ 《ᠭᠥᠯᠢᠶᠡᠨ ᠱᠢᠶ᠋ᠳᠪᠦᠷᠢᠯᠡᠬᠦ᠌ ᠡᠬᠡ ᠲᠠᠩᠰᠠ ᠪᠠᠢᠭᠤᠯᠬᠤ᠂ ᠬᠤᠭᠤᠴᠠᠭ᠎ᠠ ᠤᠢᠷᠠᠳᠤᠬᠤ ᠰᠠᠨᠠᠭᠤᠯᠤᠮᠵᠢ᠂ ᠬᠤᠭᠤᠴᠠᠭ᠎ᠠ ᠬᠡᠲᠦᠷᠡᠭᠦᠯᠦᠨ ᠱᠠᠯᠠᠪᠳᠠᠭᠤᠯᠤᠨ ᠭᠦᠶ᠋ᠴᠡᠳᠭᠡᠯᠭᠡᠬᠦ᠌ ᠂ ᠬᠠᠷᠢᠭᠤ ᠰᠤᠷᠪᠤᠯᠵᠢᠯᠠᠯ᠎ᠢ ᠭᠦᠶ᠋ᠴᠡᠳᠭᠡᠵᠦ᠍ ᠳᠠᠭᠤᠰᠭᠠᠬᠤ 》 ᠪᠢᠲᠡᠭᠦᠦ ᠴᠠᠭᠠᠷᠢᠭ᠎ᠤᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠦᠶ᠋ᠯᠡᠴᠢᠯᠡᠭᠡ᠎ᠶ᠋ᠢ ᠢᠮᠠᠭ᠍ᠲᠠ ᠬᠡᠷᠡᠭ᠌ᠴᠡᠭᠡ ᠱᠠᠭᠠᠷᠳᠠᠯᠭ᠎ᠠ᠎ᠶ᠋ᠢᠨ ᠡᠮᠦᠨ᠎ᠡ ᠶᠠᠪᠤᠭᠤᠯᠪᠠ᠃

ᠡᠬᠦᠨ ᠤ᠋ ᠬᠠᠮᠳᠤ᠂ ᠬᠢᠩᠭᠠᠨ ᠠᠢᠮᠠᠭ 《 ᠭᠥᠯᠢᠶᠡᠨ ᠠᠪᠴᠤ᠌ ᠱᠢᠶ᠋ᠳᠪᠦᠷᠢᠯᠡᠬᠦ᠌ — ᠬᠤᠪᠢᠶᠠᠨ ᠲᠣᠬᠢᠷᠠᠭᠤᠯᠬᠤ — ᠰᠢᠢᠳᠪᠤᠷᠢᠯᠡᠨ ᠨᠠᠮᠳᠠᠭᠤᠯᠬᠤ — ᠱᠠᠯᠠᠪᠳᠠᠭᠤᠯᠤᠨ ᠭᠦᠶ᠋ᠴᠡᠳᠭᠡᠬᠦ᠌ 》ᠪᠠᠷᠢᠮᠵᠢᠶᠠᠵᠢᠬᠰᠠᠨ ᠴᠤᠪᠤᠷᠠᠯ᠎ᠢ ᠪᠠᠢᠭᠤᠯᠪᠠ᠃ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ 《 ᠨᠢᠭᠡ ᠥᠷᠲᠡᠭᠡᠴᠢᠯᠡᠭᠰᠡᠨ ᠮᠠᠶᠢᠭ 》 ᠵᠢᠡᠷ ᠪᠦᠬᠦᠨ ᠎ᠢ ᠭᠥᠯᠢᠶᠡᠨ ᠠᠪᠴᠤ᠌᠂ ᠲᠥᠷᠥᠯ ᠵᠤᠢᠯ ᠢ᠋ ᠨᠢ ᠦᠨᠳᠦᠰᠦᠯᠡᠨ  ᠬᠤᠪᠢᠶᠠᠷᠢᠯᠠᠨ ᠰᠢᠢᠳᠪᠦᠷᠢᠯᠡᠨ᠎ᠡ;  ᠭᠦᠶ᠋ᠴᠡᠳᠭᠡᠬᠦ᠌ ᠰᠠᠯᠠᠭ᠎ᠠ ᠮᠥᠴᠢᠷ᠎ᠨᠢ ᠤᠷᠢᠳ ᠵᠢᠡᠷ  ᠡᠶᠡᠳᠡᠭᠦᠯᠵᠦ᠍᠂ ᠦᠷ᠎ᠡ ᠳ᠋ᠦᠩ᠎ᠦᠨ ᠮᠡᠳᠡᠭ᠌ᠳᠡᠯ ᠤ᠋ᠨ ᠪᠢᠴᠢᠭ᠎ᠢ ᠴᠠᠭ ᠲᠤᠬᠠᠶ᠎ᠳᠤᠨᠢ ᠣᠯᠭᠣᠵᠤ᠂ ᠦᠷ᠎ᠡ ᠳ᠋ᠦᠩ᠎ᠢ᠎ᠨᠢ ᠵᠡᠷᠭᠡ᠎ᠳᠦᠨᠢ ᠬᠠᠷᠢᠭᠤ ᠲᠤᠰᠭᠠᠨ᠎ᠠ; ᠶᠡᠷᠦᠡᠭᠭᠡᠢᠯᠡᠨ ᠵᠠᠰᠠᠬᠤ ᠲᠥᠪ ᠶᠠᠰᠤ ᠴᠢᠨᠠᠷ ᠦᠷ᠎ᠡ ᠪᠦᠲᠦᠮᠵᠢ᠎ᠶ᠋ᠢ ᠦᠨᠡᠯᠡᠨ ᠵᠢᠱ᠌ᠢᠵᠦ᠍ ᠂ ᠬᠡᠮ ᠰᠤᠭᠤᠭ᠎ᠢ ᠰᠡᠷᠭᠡᠢᠯᠡᠨ ᠠᠷᠢᠯᠭᠠᠨ᠎ᠠ᠃

ᠲᠦᠴᠢᠦᠸᠠᠨ ᠱᠢᠶᠠᠨ᠎ᠤ ᠬᠥᠯᠥᠰᠥᠨ ᠠᠵᠢᠯᠴᠢᠨ ᠹᠦ᠋ ᠣᠪᠣᠭ᠍ᠲᠤ ᠬᠠᠭᠠᠰ ᠵᠢᠯ᠎ᠦᠨ ᠴᠠᠯᠢᠩ ᠵᠢᠡᠨ ᠤᠯᠵᠤ ᠲᠡᠢᠯᠬᠦ ᠦᠭᠡᠢ᠂ ᠱᠢᠶᠠᠨ᠎ᠤ ᠶᠡᠷᠦᠩᠬᠡᠢᠯᠡᠨ ᠵᠠᠰᠠᠬᠤ ᠲᠥᠪ᠎ᠡᠴᠨ ᠲᠤᠰᠠᠯᠠᠮᠵᠢ ᠬᠦᠰᠡᠭᠰᠡᠨ ᠤ᠋ ᠳᠠᠷᠠᠭ᠎ᠠ᠂ ᠲᠣᠰ ᠲᠥᠪ ᠲᠡᠷᠡ ᠳᠠᠷᠤᠶ᠎ᠳᠤᠨᠢ《ᠴᠠᠯᠢᠩ ᠢ᠋ ᠨᠢ ᠪᠤᠴᠠᠭᠠᠬᠤ》 ᠪᠡᠯᠡᠳᠭᠡᠯ ᠲᠥᠰᠦᠯ᠎ᠢ ᠡᠬᠢᠯᠡᠭᠦᠯᠪᠡ᠄ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠬᠠᠷᠭᠤᠭᠤᠯᠤᠨ ᠪᠠᠢᠴᠠᠭᠠᠵᠤ᠂ ᠨᠡᠢᠲᠡ᠎ᠶ᠋ᠢᠨ ᠠᠰᠠᠷᠠᠮᠵᠢ᠎ᠶ᠋ᠢᠨ ᠬᠠᠤᠯᠢᠴᠢ ᠬᠠᠤᠯᠢ ᠲᠦᠷᠢᠮ ᠤ᠋ᠨ ᠲᠤᠯᠭᠠᠭᠤᠷᠢᠯᠠᠯ ᠬᠠᠩᠭᠠᠵᠤ᠂ ᠳᠠᠷᠠᠭ᠎ᠠ ᠡᠳᠦᠷ ᠨᠢ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠲᠠᠶ ᠪᠣᠯᠵᠣᠨ ᠶᠠᠷᠢᠯᠴᠠᠪᠠ᠃ ᠭᠤᠷᠪᠠᠨ ᠡᠭᠡᠯᠵᠢ᠎ᠵᠢᠨ ᠵᠥᠪᠳᠡᠯᠴᠡᠬᠦ᠌᠎ᠪᠡᠷ ᠳᠠᠮᠵᠢᠨ᠂ ᠠᠵᠤ ᠠᠬᠤᠢᠯᠠᠯ 3 ᠡᠳᠦᠷ᠎ᠦᠨ ᠳᠣᠲᠣᠷ᠎ᠠ ᠥᠷᠢᠲᠦᠵᠦ᠍ ᠪᠠᠢᠭ᠎ᠠ ᠴᠠᠯᠢᠩ᠎ᠢ ᠪᠤᠴᠠᠭᠠᠪᠠ᠃

ᠬᠢᠩᠭᠠᠨ ᠠᠢᠮᠠᠭ ᠵᠥᠷᠢᠴᠡᠯ ᠵᠠᠭᠤᠷᠠᠯᠳᠤᠭᠠᠨ᠎ᠢ ᠱᠢᠢᠳᠪᠦᠷᠢᠯᠡᠬᠦ᠌ ᠪᠣᠳᠠᠲᠦ ᠦᠢᠯᠡᠳᠦᠯᠭᠡ ᠳᠤᠮᠳᠠ᠂ ᠡᠩ᠎ᠦᠨ ᠵᠠᠭᠤᠷᠠᠯᠳᠤᠭᠠᠨ᠎ᠢ ᠠᠷᠠᠳ᠎ᠤᠨ ᠡᠶᠡᠳᠡᠭᠦᠯᠬᠡ ᠵᠢᠨ ᠵᠣᠬᠢᠶᠠᠨ ᠪᠠᠢᠭᠤᠯᠤᠯᠲᠠ᠂ ᠬᠠᠤᠯᠢ ᠴᠠᠭᠠᠵᠠ᠎ᠶ᠋ᠢᠨ ᠠᠵᠢᠯᠲᠠᠨ ᠵᠡᠷᠭᠡ ᠲᠤᠰᠭᠠᠢ ᠮᠡᠷᠭᠡᠵᠢᠯ᠎ᠦᠨ ᠬᠥᠮᠦᠰ ᠤᠷᠢᠳ᠎ᠢᠶᠠᠷ ᠡᠶᠡᠳᠡᠭᠦᠯᠦᠨ᠎ᠠ; ᠬᠠᠮᠢᠶ᠎ᠠ ᠪᠦᠬᠦᠢ ᠰᠠᠯᠠᠭ᠎ᠠ ᠮᠥᠴᠢᠷ᠎ᠡᠴᠡ ᠪᠣᠳᠠᠲᠠᠶ ᠱᠢᠶ᠋ᠳᠪᠦᠷᠢᠯᠡᠬᠦ᠌ ᠴᠢᠬᠤᠯᠠᠲᠠᠶ ᠪᠠᠢᠪᠠᠯ᠂ ᠴᠠᠭ ᠲᠤᠬᠠᠶ᠎ᠳᠤᠨᠢ ᠬᠤᠪᠢᠶᠠᠷᠢᠯᠠᠨ ᠶᠠᠪᠤᠭᠤᠯᠵᠤ᠂ ᠬᠤᠭᠤᠴᠠᠭ᠎ᠠ ᠬᠢᠵᠠᠭᠠᠷᠯᠠᠨ ᠬᠦᠢᠴᠡᠳᠭᠡᠯᠭᠡᠨ᠎ᠠ; ᠣᠯᠠᠨ ᠰᠠᠯᠠᠭ᠎ᠠ ᠮᠥᠴᠢᠷ ᠬᠠᠮᠲᠤᠷᠠᠨ ᠱᠢᠶ᠋ᠳᠪᠦᠷᠢᠯᠡᠬᠦ᠌ ᠴᠢᠬᠤᠯᠠᠲᠠᠶ ᠪᠠᠢᠪᠠᠯ᠂ ᠡᠯ᠎ᠡ ᠰᠠᠯᠠᠭ᠎ᠠ ᠮᠥᠴᠢᠷ᠎ᠦᠨ ᠵᠥᠷᠢᠴᠡᠯ ᠵᠠᠭᠤᠷᠠᠯᠳᠤᠭᠠᠨ ᠎ᠢ ᠰᠢᠢᠳᠪᠤᠷᠢᠯᠡᠬᠦ ᠡᠬᠦᠷᠭᠡ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠬᠠᠮᠲᠤᠷᠠᠨ ᠰᠢᠢᠳᠪᠤᠷᠢᠯᠡᠬᠦ᠎ᠶ᠋ᠢ ᠠᠬᠢᠭᠤᠯᠤᠨ᠎ᠠ᠃ 2025 ᠤᠨ ᠳ᠋ᠤ᠂ ᠪᠥᠬᠥ᠌ ᠠᠢᠮᠠᠭ᠎ᠤᠨ ᠡᠶᠡᠳᠡᠭᠦᠯᠬᠡ᠂ ᠬᠥᠨᠳᠡᠯᠡᠨ᠎ᠡᠴᠡ ᠲᠠᠰᠤᠯᠬᠤ ᠵᠡᠷᠭᠡ ᠠᠷᠭ᠎ᠠ ᠮᠠᠶᠢᠭ᠎ᠢᠶᠠᠷ ᠱᠢᠶ᠋ᠳᠪᠦᠷᠢᠯᠡᠭ᠌ᠰᠡᠨ ᠵᠠᠭᠤᠷᠠᠯᠳᠤᠭᠠᠨ᠎ᠨᠢ 96.3 % ᠳ᠋ᠤ ᠬᠦᠷᠴᠡᠶ᠃


ᠪᠥᠬᠥ᠌ ᠶᠠᠪᠤᠴᠠ᠎ᠶ᠋ᠢ ᠱᠠᠯᠠᠪᠳᠠᠭᠤᠯᠤᠨ  ᠱᠢᠶ᠋ᠳᠪᠦᠷᠢᠯᠡᠭᠦᠯᠵᠦ᠍ ᠂  ᠪᠣᠳᠠᠲᠤ  ᠦᠷ᠎ᠡ  ᠪᠦᠲᠦᠮᠵᠢ  ᠪᠡᠷ  ᠠᠷᠠᠳ ᠎ᠤᠨ  ᠰᠡᠳᠬᠢᠯ  ᠢ᠋  ᠤᠯᠪᠡ

ᠣᠢᠷ᠎ᠠ᠎ᠳᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠡᠮᠳᠤ ᠵᠢᠨ ᠭᠤᠤᠯ ᠰᠤᠮᠤ᠎ᠶ᠋ᠢᠨ ᠶᠡᠷᠦᠩᠬᠡᠢᠯᠡᠨ ᠵᠠᠰᠠᠬᠤ ᠲᠥᠪ 40 ᠭᠠᠷᠤᠶ ᠵᠢᠯ ᠦᠷᠭᠦᠯᠵᠢᠯᠡᠭ᠌ᠰᠡᠨ ᠲᠠᠷᠢᠶᠠᠨ ᠭᠠᠵᠠᠷ᠎ᠤᠨ ᠵᠠᠭᠠᠭ᠎ᠤᠨ ᠵᠠᠭᠤᠷᠠᠯᠳᠤᠭᠠᠨ᠎ᠢ ᠠᠮᠵᠢᠯᠲᠠ ᠲᠠᠶ ᠱᠢᠶ᠋ᠳᠪᠦᠷᠢᠯᠡᠪᠡ᠃ ᠡᠨᠡ ᠵᠠᠭᠤᠷᠠᠯᠳᠤᠭᠠᠨ ᠨᠢ 1984 ᠣᠨ᠎ᠠᠴᠠ ᠡᠬᠢᠯᠡᠵᠦ᠍᠂ ᠭᠠᠴᠠᠭᠠᠨ᠎ᠤ ᠠᠷᠠᠳ᠎ᠤᠨ ᠲᠠᠷᠢᠶᠠᠨ ᠭᠠᠵᠠᠷ ᠵᠢᠡᠨ ᠥᠷᠭᠡᠳᠭᠡᠨ ᠲᠠᠷᠢᠬᠰᠠᠨ᠎ᠠᠴᠠ ᠪᠣᠯᠵᠤ᠂ ᠳᠠᠬᠢᠨ ᠳᠠᠪᠲᠠᠨ ᠵᠥᠷᠢᠴᠡᠯ ᠡᠭᠦᠰᠪᠡ᠃ ᠰᠤᠮᠤ᠎ᠶ᠋ᠢᠨ ᠶᠡᠷᠦᠩᠬᠡᠢᠯᠡᠨ ᠵᠠᠰᠠᠬᠤ ᠲᠥᠪ᠎ᠨᠢ ᠣᠯᠠᠨ ᠲᠠᠯ᠎ᠠ᠎ᠲᠠᠶ ᠬᠣᠯᠪᠣᠭᠠᠯᠠᠨ ᠲᠤᠬᠠᠶ᠎ᠶ᠋ᠢᠨ ᠭᠠᠵᠠᠷ᠎ᠲᠤᠨᠢ ᠬᠠᠢᠨ ᠪᠠᠢᠴᠠᠭᠠᠵᠤ᠂ ᠭᠤᠷᠪᠠᠳᠠᠬᠢ ᠡᠲᠡᠭᠡᠳ᠎ᠦᠨ GPS ᠮᠡᠷᠭᠡᠵᠢᠯ᠎ᠢ᠋ ᠠᠰᠢᠬᠯᠠᠨ ᠲᠠᠷᠢᠶᠠᠨ ᠭᠠᠵᠠᠷ ᠤ᠋ᠨ ᠵᠠᠭᠠᠭ ᠬᠢᠵᠠᠭᠠᠷ ᠢ᠋ ᠵᠢᠷᠤᠵᠤ ᠲᠡᠮᠳᠡᠭᠯᠡᠬᠦ᠎ᠶ᠋ᠢᠨ ᠬᠠᠮᠲᠤ ᠂ ᠳᠠᠭᠠᠭᠠᠴᠢᠯᠠᠭᠤᠯᠬᠤ ᠠᠵᠢᠯ᠎ᠤᠨ ᠳᠤᠭᠤᠢᠯᠠᠩ᠎ᠢ ᠵᠣᠬᠢᠶᠠᠨ ᠪᠠᠢᠭᠤᠯᠵᠤ᠂ 918 ᠮᠥ᠍ ᠲᠠᠷᠢᠶᠠᠨ ᠭᠠᠵᠠᠷ᠎ᠢ 68 ᠬᠤᠪᠢ ᠬᠤᠪᠢᠶᠠᠵᠤ᠂ ᠪᠥᠬᠥ᠌ ᠶᠠᠪᠤᠴᠠ᠎ᠳᠤ ᠬᠢᠨᠠᠯᠲᠠ ᠲᠠᠯᠪᠢᠵᠤ ᠰᠢᠪᠠᠭ᠎ᠠ ᠰᠤᠭᠤᠯᠵᠤ ᠡᠷᠦᠬᠡ ᠵᠢ ᠲᠣᠭ᠍ᠲᠠᠭᠠᠪᠠ᠃ ᠡᠷᠬᠡ ᠲᠡᠭ᠌ᠰᠢ ᠲᠥᠪ ᠭᠣᠣᠯᠴᠢ ᠪᠡᠷ ᠰᠢᠢᠳᠪᠤᠷᠢᠯᠡᠭᠰᠡᠨ ᠦᠷ᠎ᠡ ᠳ᠋ᠦᠩ ᠨᠢ ᠲᠣᠰᠭᠣᠨ᠎ᠤ ᠠᠷᠠᠳ ᠤ᠋ᠨ ᠰᠡᠳᠬᠢᠯ ᠢ᠋ ᠤᠯᠵᠠᠢ᠃

ᠤᠯᠠᠨ ᠵᠢᠯ ᠤ᠋ᠨ ᠵᠦᠷᠢᠴᠡᠯ ᠵᠠᠭᠤᠷᠠᠯᠳᠤᠭᠠᠨ ᠢ᠋ ᠰᠠᠢᠳᠤᠷ ᠰᠢᠢᠳᠪᠤᠷᠢᠯᠡᠭᠰᠡᠨ ᠨᠢ ᠬᠢᠩᠭᠠᠨ ᠠᠢᠮᠠᠭ᠎ᠤᠨ 《ᠲᠡᠰ ᠳᠠᠷᠠᠭᠠᠯᠠᠯ᠎ᠢ ᠱᠠᠯᠠᠪᠳᠠᠭᠤᠯᠬᠤ᠂ ᠦᠷ᠎ᠡ ᠳ᠋ᠦᠩ᠎ᠢ ᠱᠠᠯᠠᠪᠳᠠᠭᠤᠯᠬᠤ᠂ ᠲᠤᠯᠭᠠᠭᠤᠷᠢᠯᠠᠯ᠎ᠢ ᠴᠢᠩᠭᠠᠳᠭᠠᠬᠤ》ᠭᠤᠷᠪᠠᠨ ᠲᠠᠯ᠎ᠠ ᠪᠠᠲᠤᠯᠠᠭ᠎ᠠ᠎ᠠᠴᠠ ᠢᠷᠡᠯᠲᠡ᠎ᠲᠡᠶ ᠶᠤᠮ᠃ ᠲᠡᠰ ᠳᠠᠷᠠᠭᠠᠯᠠᠯ᠎ᠢ ᠱᠠᠯᠠᠪᠳᠠᠭᠤᠯᠬᠤ᠂ ᠬᠦᠴᠢᠷᠳᠡᠯ᠎ᠦᠨ ᠬᠡᠮᠵᠢᠶ᠎ᠡ᠂ ᠲᠦᠭ᠌ᠰᠢᠭᠦᠷᠢ᠎ᠶ᠋ᠢᠨ ᠵᠡᠷᠭᠡ ᠳᠡᠰ᠎ᠢ ᠦᠨᠳᠦᠰᠦᠯᠡᠨ᠂ ᠬᠣᠱᠢᠭᠤ ᠱᠢᠶᠠᠨ᠂ ᠱᠢᠶᠠᠩ ᠪᠠᠯᠭᠠᠰᠤ ᠪᠣᠯᠤᠨ ᠬᠣᠱᠢᠭᠤᠨ᠎ᠤ ᠱᠢᠭᠤᠳ ᠬᠠᠷᠢᠶ᠎ᠠ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠲᠣᠰᠭᠣᠨ ᠨᠡᠢᠭᠡᠮ ᠲᠣᠭᠣᠷᠢᠭ ᠲᠤᠰ ᠲᠤᠰ ᠬᠠᠷᠢᠭᠤᠴᠠᠵᠤ᠂  ᠵᠦᠷᠢᠴᠡᠯ ᠵᠠᠭᠤᠷᠠᠯᠳᠤᠭᠠᠨ ᠢ᠋ ᠨᠠᠮᠳᠠᠭᠤᠯᠬᠤ ᠴᠠᠭ ᠬᠤᠭᠤᠴᠠᠭ᠎ᠠ᠎ᠶ᠋ᠢ ᠲᠣᠳᠣᠷᠬᠠᠢᠯᠠᠨ᠂ ᠲᠤᠰᠭᠠᠶ ᠬᠥᠮᠦᠨ ᠴᠠᠭ ᠲᠤᠬᠠᠶ᠎ᠳᠤᠨᠢ ᠱᠠᠯᠠᠪᠳᠠᠭᠤᠯᠤᠨ ᠱᠢᠶ᠋ᠳᠪᠦᠷᠢᠯᠡᠨ᠎ᠠ᠃ ᠦᠷ᠎ᠡ ᠳ᠋ᠦᠩ᠎ᠢ ᠱᠠᠯᠠᠪᠳᠠᠭᠤᠯᠬᠤ᠂   《 1 ᠂ 4᠂ 13 ᠭᠠᠷᠠᠭ》 ᠤ᠋ᠨ ᠬᠠᠷᠢᠭᠤ ᠰᠤᠷᠪᠤᠯᠵᠢᠯᠠᠬᠤ ᠲᠣᠭ᠍ᠲᠠᠴᠠ᠎ᠶ᠋ᠢ ᠪᠠᠢᠭᠤᠯᠵᠤ᠂ ᠣᠯᠠᠨ ᠲᠦᠮᠡᠨ ᠰᠡᠳᠭᠢᠯ ᠬᠠᠨᠤᠮᠵᠢ ᠥᠬᠡᠶ ᠪᠤᠯ ᠳᠠᠬᠢᠨ ᠱᠢᠶ᠋ᠳᠪᠦᠷᠢᠯᠡᠨ᠎ᠠ᠂ ᠬᠢᠡᠭᠭᠠᠨ ᠠᠢᠮᠠᠭ᠎ᠤᠨ ᠨᠠᠮ᠎ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ  ᠬᠤᠷᠢᠶ᠎ᠠ ᠡᠴᠨ ᠵᠠᠬᠢᠳᠠᠯ ᠰᠤᠷᠪᠤᠯᠵᠢᠯᠠᠯ ᠤ᠋ᠨ ᠬᠡᠷᠡᠭ᠎ᠢ ᠦᠨᠡᠯᠡᠨ ᠪᠠᠢᠴᠠᠭᠠᠵᠤ᠂ ᠨᠢᠳᠤᠨᠤᠨ 421 ᠬᠤᠪᠢ ᠬᠠᠤᠯᠢ᠎ᠳᠤ ᠬᠣᠯᠪᠣᠭ᠍ᠳᠠᠭ᠍ᠰᠠᠨ ᠵᠠᠷᠭᠤ᠎ᠳᠤ ᠬᠣᠯᠪᠣᠭ᠍ᠳᠠᠭ᠍ᠰᠠᠨ ᠵᠠᠬᠢᠳᠠᠯ ᠰᠤᠷᠪᠤᠯᠵᠢᠯᠠᠯ ᠤ᠋ᠨ ᠬᠡᠷᠡᠭ᠎ᠢ ᠰᠤᠳᠤᠯᠤᠨ ᠮᠠᠭᠠᠳᠯᠠᠵᠤ᠂ ᠬᠦᠴᠢᠷ ᠲᠦᠪᠡᠭ᠌ᠲᠡᠶ ᠬᠡᠷᠡᠭ ᠎ᠢ ᠬᠠᠤᠯᠢ ᠲᠣᠭ᠍ᠲᠠᠭᠠᠯ ᠶᠣᠰᠣᠭᠠᠷ ᠱᠢᠶ᠋ᠳᠪᠦᠷᠢᠯᠡᠬᠦ᠌᠎ᠶ᠋ᠢ ᠪᠠᠲᠤᠯᠠᠪᠠ᠃ ᠲᠤᠯᠭᠠᠭᠤᠷᠢᠯᠠᠯ᠎ᠢᠶᠠᠨ ᠴᠢᠩᠭᠠᠳᠭᠠᠬᠤ ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠨ ᠵᠠᠰᠠᠬᠤ ᠪᠠ ᠲᠤᠤᠷᠵᠢᠭᠰᠠᠨ ᠮᠡᠳᠡᠭᠡ ᠵᠠᠩᠭᠢ᠎ᠶ᠋ᠢᠨ ᠲᠠᠪᠴᠠᠩ᠎ᠳᠤ ᠲᠦᠱᠢᠭ᠌ᠯᠡᠨ᠂ ᠬᠦᠰᠡᠯ ᠱᠠᠭᠠᠷᠳᠠᠯᠭ᠎ᠠ᠎ᠶ᠋ᠢ 《 ᠰᠦᠯᠵᠢᠶᠡᠨ ᠳᠡᠭᠡᠷ᠎ᠡ ᠲᠤᠱᠢᠶᠠᠬᠤ᠂ ᠠᠬᠢᠴᠠ᠎ᠶ᠋ᠢ ᠪᠠᠢᠴᠠᠭᠠᠨ ᠯᠠᠪᠯᠠᠬᠤ᠂ ᠲᠣᠭ᠎ᠠ ᠪᠠᠷᠢᠮᠲᠠ ᠪᠡᠷ ᠤᠷᠢᠳᠴᠢᠯᠠᠨ ᠰᠡᠷᠡᠮᠵᠢᠯᠡᠭᠦᠯᠬᠦ᠌ 》 ᠶ᠋ᠢ ᠪᠡᠶᠡᠯᠡᠭᠦᠯᠵᠦ᠂ ᠦᠶ᠋ᠯᠡᠴᠢᠯᠡᠭᠡ᠎ᠶ᠋ᠢ ᠨᠠᠩ ᠣᠶᠤᠨᠴᠢ ᠂ ᠨᠠᠩ ᠥᠨᠳᠥᠷ ᠪᠦᠲᠦᠮᠵᠢᠲᠡᠶ ᠪᠣᠯᠭᠠᠪᠠ᠃

《ᠪᠢᠳᠡ ᠱᠢᠨ᠎ᠡ ᠴᠠᠭ ᠦᠶ᠎ᠡ᠎ᠶ᠋ᠢᠨ 〈 ᠹᠸᠩᠴᠢᠶᠣᠤ᠎ᠶ᠋ᠢᠨ ᠲᠤᠷᠱᠢᠯᠭ᠎ᠠ〉 ᠵᠢ ᠦᠷᠭᠦᠯᠵᠢᠯᠡᠨ ᠦᠢᠯᠡᠳᠦᠯᠭᠡᠵᠢᠭᠦᠯᠵᠦ᠍᠂ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠬᠰᠠᠨ᠂ ᠪᠣᠳᠠᠲᠤ ᠪᠠᠢ᠌ᠯᠳᠤᠭᠠᠨ ᠤ᠋ ᠪᠠᠢᠭᠤᠯᠤᠯᠲᠠ᠎ᠶ᠋ᠢ ᠠᠮᠵᠢᠵᠤ᠂  ᠵᠥᠷᠢᠴᠡᠯ ᠵᠠᠭᠤᠷᠠᠯᠳᠤᠭᠠᠨ ᠢ᠋ 〈ᠨᠢᠭᠡ ᠯᠡ ᠭᠠᠵᠠᠷ᠎ᠲᠤ ᠱᠢᠢᠳᠪᠦᠷᠢᠯᠡᠬᠦ᠌〉 ᠵᠢ ᠴᠢᠷᠮᠠᠢᠨ ᠪᠡᠶᠡᠯᠡᠭᠦᠯᠦᠨ᠎ᠡ》 ᠭᠡᠵᠦ᠍ ᠬᠢᠩᠭᠠᠨ ᠠᠢᠮᠠᠭ᠎ᠤᠨ ᠶᠡᠷᠦᠩᠬᠡᠢᠯᠡᠨ ᠵᠠᠰᠠᠬᠤ ᠲᠥᠪ᠎ᠦᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号