《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠳᠡ ᠵᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠳᠦᠷᠢᠮ 》
ᠳᠤᠰ ᠲᠦᠷᠢᠮ ᠨᠡᠢᠲᠡ 7 ᠪᠦᠯᠦᠭ 59 ᠵᠦᠢᠯ᠎ᠲᠡᠶ᠃ ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠂ ᠢᠷᠡᠭᠡᠳᠦᠶ᠎ᠶ᠋ᠢᠨ ᠠᠵᠤ ᠦᠶ᠋ᠯᠡᠰ ᠵᠡᠷᠭᠡ ᠬᠦᠷᠢᠶᠡᠨ᠎ᠳᠡᠬᠢ ᠪᠠᠯᠠ ᠣᠷᠣᠭᠤᠯᠤᠯᠲᠠ ᠪᠠ ᠦᠶ᠋ᠯᠡᠰ ᠪᠤᠰᠭᠠᠬᠤ᠎ᠶ᠋ᠢ ᠳᠡᠮᠵᠢᠵᠦ᠍᠂ ᠠᠩᠬ᠎ᠠ ᠦᠶ᠋ᠯᠡᠰ ᠪᠤᠰᠭᠠᠬᠤ ᠬᠤᠭᠤᠴᠠᠭ᠎ᠠ᠂ ᠥᠨᠳᠥᠷ ᠦᠰᠦᠯᠲᠠ᠎ᠶ᠋ᠢᠨ ᠴᠢᠨᠠᠷᠲᠠᠶ᠂ ᠲᠤᠯᠭᠠᠭᠤᠷᠢᠯᠠᠬᠤ ᠴᠢᠨᠠᠷᠲᠠᠶ ᠱᠢᠨ᠎ᠡ ᠮᠡᠷᠭᠡᠵᠢᠯ᠂ ᠱᠢᠨ᠎ᠡ ᠠᠵᠤ ᠦᠶ᠋ᠯᠡᠰ᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠂ ᠱᠢᠨ᠎ᠡ ᠵᠠᠭ᠍ᠪᠤᠷ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠬᠥᠭ᠌ᠵᠢᠯᠲᠡ᠎ᠶ᠋ᠢ ᠭᠤᠤᠯᠳᠠᠯᠭ᠎ᠠ᠎ᠲᠠᠶ ᠳᠡᠮᠵᠢᠬᠦ᠌᠎ᠶ᠋ᠢᠨ ᠬᠠᠮᠲᠤ ᠲᠡᠭᠦᠨ᠎ᠳᠦ ᠠᠵᠤ ᠦᠶ᠋ᠯᠡᠰ᠎ᠦᠨ ᠲᠥᠷᠥ ᠶ᠋ᠢᠨ ᠪᠣᠳᠣᠯᠭ᠎ᠠ᠂ ᠦᠶ᠋ᠯᠡᠰ ᠪᠤᠰᠭᠠᠬᠤ ᠦᠶ᠋ᠯᠡᠴᠢᠯᠡᠭᠡ᠂ ᠬᠠᠮᠢᠶᠠᠷᠤᠯᠲᠠ᠎ᠶ᠋ᠢᠨ ᠯᠠᠪᠯᠠᠭ᠎ᠠ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠵᠡᠷᠭᠡ ᠲᠠᠯ᠎ᠠ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡ ᠬᠠᠩᠭᠠᠬᠤ ᠬᠡᠷᠡᠭ᠌ᠲᠡᠶ ᠭᠡᠵᠦ᠍ ᠱᠠᠭᠠᠷᠳᠠᠪᠠ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠳᠦᠷᠢᠮ》
ᠳᠤᠰ ᠲᠦᠷᠢᠮ ᠨᠡᠢᠲᠡ 8 ᠪᠦᠯᠦᠭ 59 ᠵᠦᠢᠯ᠎ᠲᠡᠶ᠃ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠎ᠳᠤ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠣᠷᠣᠱᠢᠵᠤ ᠪᠠᠢᠭ᠎ᠠ ᠭᠠᠵᠠᠷ ᠵᠦᠶ᠎ᠶ᠋ᠢᠨ ᠪᠠᠢᠷᠢᠯᠠᠯ᠂ ᠭᠠᠵᠠᠷ ᠱᠢᠷᠣᠶ᠎ᠶ᠋ᠢᠨ ᠲᠥᠷᠥᠯ ᠬᠡᠯᠪᠡᠷᠢ᠂ ᠤᠷᠭᠤᠮᠠᠯ᠎ᠤᠨ ᠬᠤᠴᠢᠯᠭ᠎ᠠ᠎ᠶ᠋ᠢᠨ ᠪᠠᠢᠳᠠᠯ᠂ ᠠᠭᠤᠷ ᠠᠮᠢᠰᠭᠤᠯ ᠪᠣᠯᠤᠨ ᠤᠰᠤᠨ᠎ᠤ ᠡᠬᠢ ᠪᠠᠶᠠᠯᠢᠭ᠎ᠤᠨ ᠪᠠᠢᠳᠠᠯ᠂ ᠭᠠᠵᠠᠷ ᠱᠢᠷᠣᠶ᠎ᠶ᠋ᠢᠨ ᠡᠯᠡᠰᠦᠷᠬᠡᠭ᠌ᠵᠢᠭ᠌ᠰᠡᠨ ᠬᠡᠮᠵᠢᠶ᠎ᠡ ᠵᠡᠷᠭᠡ ᠪᠠᠢᠭᠠᠯᠢ᠎ᠶ᠋ᠢᠨ ᠨᠥᠬᠥᠴᠡᠯ ᠵᠢᠴᠢ ᠲᠡᠭᠦᠨ᠎ᠦ ᠪᠠᠳᠠᠷᠠᠭᠤᠯᠵᠤ ᠪᠠᠢᠭ᠎ᠠ ᠠᠮᠢ ᠠᠬᠤᠶ᠂ ᠠᠵᠤ ᠠᠬᠤᠶ᠎ᠶ᠋ᠢᠨ ᠴᠢᠳᠠᠮᠵᠢ᠎ᠶ᠋ᠢ ᠦᠨᠳᠦᠰᠦᠯᠡᠨ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠲᠥᠷᠥᠯ ᠬᠤᠪᠢᠶᠠᠨ ᠬᠠᠮᠠᠭᠠᠯᠠᠬᠤ᠂ ᠶᠡᠷᠦᠩᠬᠡᠢᠯᠡᠨ ᠵᠠᠰᠠᠬᠤ ᠪᠠ ᠵᠦᠶ ᠵᠣᠬᠢᠰᠲᠠᠶ ᠠᠱᠢᠭ᠍ᠯᠠᠬᠤ ᠬᠡᠷᠡᠭ᠌ᠲᠡᠶ ᠭᠡᠵᠦ ᠲᠤᠬᠳᠠᠭᠠᠪᠠ᠃
《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠬᠢᠯᠢ᠎ᠶ᠋ᠢᠨ ᠬᠠᠮᠢᠶᠠᠷᠤᠯᠲᠠ᠎ᠶ᠋ᠢᠨ ᠲᠦᠷᠢᠮ》
ᠵᠠᠰᠠᠪᠤᠷᠢ ᠣᠷᠣᠭᠤᠯᠤᠭ᠍ᠰᠠᠨ᠎ᠤ ᠳᠠᠷᠠᠭᠠᠬᠢ ᠳᠤᠰ ᠲᠦᠷᠢᠮ ᠨᠡᠢᠲᠡ 5 ᠪᠦᠯᠦᠭ 40 ᠵᠦᠢᠯ᠎ᠲᠡᠶ᠃ ᠬᠢᠯᠢ᠎ᠶ᠋ᠢᠨ ᠡᠮᠦᠨ᠎ᠡ ᠵᠠᠬ᠎ᠠ᠎ᠶ᠋ᠢᠨ ᠭᠠᠵᠠᠷ ᠣᠷᠣᠨ᠎ᠳᠤ ᠮᠠᠯ ᠬᠠᠷᠢᠭᠤᠯᠬᠤ᠎ᠳᠤ ᠰᠦᠷᠦᠭ ᠳᠠᠭᠠᠵᠤ ᠬᠠᠮᠠᠭᠠᠯᠠᠬᠤ ᠬᠥᠮᠦᠨ᠎ᠲᠡᠶ ᠪᠠᠢᠵᠤ ᠂ ᠮᠠᠯ ᠤᠨᠤᠭ᠎ᠠ ᠬᠡᠷ᠎ᠦᠨ ᠲᠡᠵᠢᠭᠡᠪᠦᠷᠢ ᠬᠢᠯᠢ ᠳᠠᠪᠠᠬᠤ᠎ᠶ᠋ᠢ ᠰᠡᠷᠭᠡᠢᠯᠡᠵᠦ᠂ ᠬᠡᠷᠪᠡ ᠬᠢᠯᠢ ᠳᠠᠪᠠᠬᠤ ᠪᠠᠢᠳᠠᠯ ᠭᠠᠷᠪᠠᠯ᠂ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠪᠤᠶᠤ ᠴᠢᠯᠥᠭᠡᠯᠡᠬᠦ᠌ ᠴᠡᠷᠢᠭ᠎ᠦᠨ ᠬᠢᠯᠢ᠎ᠶ᠋ᠢᠨ ᠬᠠᠮᠠᠭᠠᠯᠠᠯᠲᠠ᠎ᠶ᠋ᠢᠨ ᠴᠡᠷᠢᠭ ᠠᠩᠭᠢ᠎ᠳᠤ ᠴᠠᠭ ᠲᠤᠬᠠᠶ᠎ᠳᠤᠨᠢ ᠮᠡᠳᠡᠭᠦᠯᠬᠦ᠌ ᠬᠡᠷᠡᠭ᠌ᠲᠡᠶ ᠂ ᠳᠤᠷ᠎ᠠ᠎ᠪᠠᠷ᠎ᠢᠶᠠᠨ ᠬᠢᠯᠢ ᠳᠠᠪᠠᠵᠤ ᠪᠤᠴᠠᠨ ᠢᠷᠡᠵᠦ᠍᠂ ᠨᠡᠬᠡᠨ ᠠᠪᠴᠢᠷᠠᠵᠤ᠌ ᠪᠣᠯᠬᠤ ᠦᠭᠡᠶ ᠭᠡᠵᠦ ᠲᠤᠬᠳᠠᠭᠠᠪᠠ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠳᠦᠷᠢᠮ 》
ᠵᠠᠰᠠᠪᠤᠷᠢ ᠣᠷᠣᠭᠤᠯᠤᠭ᠍ᠰᠠᠨ᠎ᠤ ᠳᠠᠷᠠᠭᠠᠬᠢ ᠳᠤᠰ ᠲᠦᠷᠢᠮ ᠨᠡᠢᠲᠡ 10 ᠪᠦᠯᠦᠭ 65 ᠵᠦᠢᠯ᠎ᠲᠡᠶ᠃ ᠬᠡᠷ ᠪᠦᠯᠢ᠎ᠶ᠋ᠢᠨ ᠲᠠᠷᠢᠶᠠᠯᠠᠩ᠎ᠤᠨ ᠲᠠᠯᠠᠪᠠᠶ᠂ ᠲᠠᠷᠢᠶᠠᠴᠢᠳ᠎ᠤᠨ ᠲᠤᠰᠭᠠᠶ ᠬᠣᠷᠱᠢᠶ᠎ᠠ ᠵᠡᠷᠭᠡ ᠱᠢᠨ᠎ᠡ ᠬᠡᠯᠪᠡᠷᠢ᠎ᠶ᠋ᠢᠨ ᠲᠠᠷᠢᠶᠠᠯᠠᠩ᠎ᠤᠨ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢᠨ ᠠᠮᠤ ᠪᠤᠳᠠᠭᠠᠨ᠎ᠤ ᠦᠶ᠋ᠯᠡᠳᠪᠦᠷᠢᠯᠡᠯ ᠡᠷᠭᠢᠯᠡᠬᠦ᠌᠎ᠶ᠋ᠢ ᠲᠡᠳᠬᠦᠨ ᠪᠣᠢᠵᠢᠭᠤᠯᠵᠤ᠂ ᠰᠠᠭᠤᠷᠢᠨ᠎ᠤ ᠪᠥᠲᠥᠭᠡᠨ ᠪᠠᠢᠭᠤᠯᠤᠯᠲᠠ᠂ ᠵᠠᠬᠢᠶᠠᠯᠠᠭ᠎ᠠ᠎ᠪᠠᠷ ᠳᠠᠷᠢᠬᠤ᠂ ᠬᠤᠳᠠᠯᠳᠤᠨ ᠠᠪᠬᠤ ᠵᠢᠴᠢ ᠪᠣᠯᠪᠠᠰᠤᠷᠠᠭᠤᠯᠬᠤ᠂ ᠬᠠᠳᠠᠭᠠᠯᠠᠬᠤ᠂ ᠡᠵᠡᠩᠨᠡᠨ ᠪᠣᠷᠣᠯᠠᠭᠤᠯᠬᠤ ᠦᠶ᠋ᠯᠡᠴᠢᠯᠡᠭᠡ ᠬᠠᠩᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠨ᠂ ᠠᠮᠤ ᠪᠤᠳᠠᠭᠠᠨ᠎ᠤ ᠦᠶ᠋ᠯᠡᠳᠪᠦᠷᠢᠯᠡᠯ ᠤ᠋ᠨ ᠡᠷᠴᠢᠮᠵᠢᠭᠰᠡᠨ ᠪᠠ ᠲᠤᠬᠢᠷᠠᠯᠴᠠᠬᠰᠠᠨ ᠬᠡᠪᠴᠢᠶᠡᠵᠢᠭᠦᠯᠦᠨ ᠡᠵᠡᠩᠨᠡᠬᠦ᠌᠎ᠶ᠋ᠢ ᠬᠡᠷᠡᠭ᠌ᠵᠢᠭᠦᠯᠦᠨ᠎ᠡ ᠭᠡᠵᠦ ᠲᠤᠷᠠᠳᠪᠠ᠃
《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠲᠦᠷᠢᠮ 》
ᠵᠠᠰᠠᠪᠤᠷᠢ ᠣᠷᠣᠭᠤᠯᠤᠭ᠍ᠰᠠᠨ᠎ᠤ ᠳᠠᠷᠠᠭᠠᠬᠢ ᠳᠤᠰ ᠲᠦᠷᠢᠮ ᠨᠡᠢᠳᠡ 10 ᠪᠦᠯᠦᠭ 76 ᠵᠦᠢᠯ ᠲᠠᠢ᠃ ᠡᠯ᠎ᠡ ᠲᠥᠷᠥᠯ᠎ᠦᠨ ᠡᠵᠡᠩᠨᠡᠭ᠌ᠴᠢ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠨᠠᠰᠤᠨ᠎ᠳᠤ ᠥᠯᠥ᠍ ᠭᠦᠷᠦᠭ᠌ᠰᠡᠳ ᠲᠸ᠋ ᠠᠷᠢᠬᠢ ᠲᠠᠮᠠᠬᠢ ᠬᠤᠳᠠᠯᠳᠤᠬᠤ ᠵᠡᠷᠭᠡ᠎ᠳᠦ ᠴᠠᠭᠠᠵᠠᠯᠠᠬᠤ ᠴᠢᠨᠠᠷᠲᠠᠶ ᠲᠣᠭ᠍ᠲᠠᠭᠠᠯ ᠭᠠᠷᠭᠠᠵᠤ᠂ ᠬᠡᠷ᠎ᠡᠴᠡ᠎ᠪᠡᠨ ᠰᠠᠯᠵᠤ ᠶᠠᠪᠤᠬᠰᠠᠨ᠂ ᠰᠥᠨᠢᠵᠢᠨ ᠬᠠᠷᠢᠬᠤ ᠥᠬᠡᠶ ᠪᠤᠶᠤ ᠮᠠᠭᠤ ᠦᠶ᠋ᠯᠡ ᠠᠵᠢᠯᠯᠠᠭ᠎ᠠ ᠲᠠᠶ ᠨᠠᠰᠤᠨ᠎ᠳᠤ ᠥᠯᠥ᠍ ᠭᠦᠷᠦᠭ᠌ᠰᠡᠳ᠎ᠢ ᠣᠯᠵᠤ ᠮᠡᠳᠡᠪᠡᠯ ᠠᠷᠠᠳ ᠢᠷᠭᠡᠳ᠎ᠦᠨ ᠮᠡᠳᠡᠬᠦᠯᠬᠦ ᠶ᠋ᠢ ᠵᠣᠷᠢᠭ᠍ᠵᠢᠭᠤᠯᠬᠤ ᠠᠯᠪᠠᠳᠠᠯᠭ᠎ᠠ᠎ᠶ᠋ᠢᠨ ᠮᠡᠳᠡᠭᠦᠯᠦᠯᠲᠡ᠎ᠶ᠋ᠢᠨ ᠵᠦᠶ᠋ᠯ ᠵᠤᠷᠪᠤᠰ ᠨᠡᠮᠡᠪᠡ; ᠰᠦᠯᠵᠢᠶᠡᠨ᠎ᠦ ᠬᠠᠮᠠᠭᠠᠯᠠᠯᠲᠠ᠎ᠶ᠋ᠢ ᠴᠢᠩᠭᠠᠳᠭᠠᠵᠤ᠂ ᠨᠠᠰᠤᠨ᠎ᠳᠤ ᠦᠯᠦ᠍ ᠬᠦᠷᠦᠭ᠌ᠰᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠳᠤ ᠠᠱᠢᠭ᠍ᠲᠠᠢ ᠰᠦᠯᠵᠢᠶᠡᠨ᠎ᠦ ᠣᠷᠣᠨ ᠵᠠᠢ᠎ᠶ᠋ᠢ ᠪᠤᠢ ᠪᠣᠯᠭᠠᠬᠤ ᠶ᠋ᠢ ᠤᠯᠠᠮ ᠨᠢᠭᠡ ᠠᠯᠬᠤᠮ ᠴᠢᠬᠤᠯᠠᠴᠢᠯᠠᠵᠤ᠂ ᠨᠠᠰᠤᠨ ᠳᠤ ᠦᠯᠦ᠍ ᠬᠦᠷᠦᠭ᠌ᠰᠡᠳ ᠦᠨ ᠰᠦᠯᠵᠢᠶᠡᠨ᠎ᠦ ᠬᠠᠮᠠᠭᠠᠯᠠᠯᠲᠠ᠎ᠶ᠋ᠢᠨ ᠠᠵᠢᠯ᠎ᠤᠨ ᠱᠢᠰᠲ᠋ᠧᠮ᠎ᠢ ᠪᠦᠷᠢᠨᠱᠢᠬᠦᠯᠬᠦ᠌ ᠵᠢ ᠱᠠᠭᠠᠷᠳᠠᠵᠠᠢ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠳᠦᠷᠢᠮ 》
ᠳᠤᠰ ᠲᠦᠷᠢᠮ ᠨᠡᠢᠲᠡ 5 ᠪᠦᠯᠦᠭ 46 ᠵᠦᠢᠯ᠎ᠲᠡᠶ᠃ ᠡᠯ᠎ᠠ ᠱᠠᠳᠤᠨ ᠤ᠋ ᠠᠷᠠᠳ ᠤ᠋ᠨ ᠵᠠᠰᠠᠭ ᠤ᠋ᠨ ᠤᠷᠳᠤᠨ ᠲᠤᠰ ᠵᠠᠰᠠᠬ ᠵᠠᠬᠢᠷᠭᠠᠨ ᠤ᠋ ᠤᠷᠤᠨ ᠤ᠋ ᠪᠠᠨ ᠲᠠᠭᠤ ᠵᠢᠨ ᠤᠷᠴᠢᠨ ᠲᠤᠭᠤᠷᠢᠨ ᠤ᠋ ᠶᠠᠰᠤ ᠴᠢᠨᠠᠷ ᠲᠸ᠋ ᠬᠠᠷᠢᠭᠤᠴᠠᠬᠤ ᠬᠡᠷᠡᠭᠳᠡᠢ ᠭᠡᠵᠦ ᠲᠤᠬᠳᠠᠭᠠᠪᠠ᠃ ᠠᠵᠤ ᠦᠢᠯᠡᠳᠪᠦᠷᠢ᠂ ᠪᠠᠷᠢᠯᠭ᠎ᠠ᠎ᠶ᠋ᠢᠨ ᠠᠵᠢᠯ᠂ ᠵᠠᠮ ᠬᠠᠷᠢᠯᠴᠠᠭ᠎ᠠ ᠲᠡᠭᠡᠭᠡᠪᠦᠷᠢ᠂ ᠨᠡᠢᠭᠡᠮ᠎ᠤᠨ ᠠᠮᠢᠳᠤᠷᠠᠯ ᠵᠡᠷᠭᠡ ᠭᠤᠤᠯᠳᠠᠯᠭ᠎ᠠ᠎ᠲᠠᠢ ᠬᠦᠷᠢᠶ᠎ᠡ ᠴᠠᠷᠠᠭᠠᠨ᠎ᠤ ᠲᠠᠭᠤ ᠱᠤᠤᠬᠢᠶᠠᠨ᠎ᠤ ᠲᠤᠬᠠᠢ ᠲᠣᠰ ᠲᠣᠰ ᠲᠣᠭ᠍ᠲᠠᠭᠠᠯ ᠭᠠᠷᠭᠠᠪᠠ᠃ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ ᠪᠠ ᠤᠯᠤᠰ᠎ᠤᠨ ᠨᠢᠭᠡᠳᠦᠯᠳᠡᠢ ᠱᠢᠯᠭᠠᠯᠳᠠ ᠵᠡᠷᠭᠡ ᠣᠨᠴᠠᠭᠠᠶ ᠴᠠᠭ ᠬᠤᠭᠤᠴᠠᠭᠠᠨ᠎ᠳᠤ ᠲᠠᠭᠤ ᠱᠤᠤᠭᠢᠶᠠᠨ ᠤ᠋ ᠬᠢᠵᠠᠭᠠᠷᠯᠠᠯ ᠤ᠋ᠨ ᠤᠷᠤᠨ ᠪᠦᠰᠨ ᠵᠢ ᠴᠠᠭ ᠲᠤᠬᠠᠢ ᠳ᠋ᠤᠨᠢ ᠵᠠᠭᠠᠬᠯᠠᠨ ᠲᠤᠭᠳᠠᠭᠠᠬᠤ ᠵᠢᠨ ᠬᠠᠮᠳᠤ ᠵᠠᠷᠯᠠᠨ ᠨᠡᠢᠳᠡᠯᠡᠬᠦ ᠬᠡᠷᠡᠭᠳᠡᠢ ᠭᠡᠵᠦ ᠲᠤᠳᠤᠷᠬᠠᠢᠯᠠᠪᠠ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠢᠶᠠᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠳᠦᠷᠢᠮ》
ᠳᠤᠰ ᠲᠦᠷᠢᠮ ᠨᠡᠢᠲᠡ 7 ᠪᠦᠯᠦᠭ 38 ᠵᠦᠢᠯ᠎ᠲᠡᠶ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠤᠯᠤᠰ᠎ᠢᠶᠠᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠬᠥᠳᠡᠯᠭᠡᠭᠡᠨ᠎ᠦ ᠵᠥᠪᠯᠡᠯ ᠪᠠᠢᠭᠤᠯᠵᠤ᠂ ᠪᠥᠬᠥ᠌ ᠣᠷᠣᠨ᠎ᠤ ᠤᠯᠤᠰ᠎ᠢᠶᠠᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠎ᠶ᠋ᠢ ᠬᠠᠷᠢᠭᠤᠴᠠᠵᠤ᠂ ᠡᠷᠡᠭᠦᠯ ᠡᠩᠬᠡ ᠥᠪᠥᠷ ᠮᠣᠩᠭᠣᠯ᠎ᠤᠨ ᠠᠵᠢᠯᠯᠠᠭ᠎ᠠ᠎ᠶ᠋ᠢ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠬᠠᠮᠢᠶ᠎ᠠ ᠪᠥᠬᠥᠶ ᠴᠢᠬᠤᠯᠠ ᠶᠡᠬᠡ ᠵᠦᠶ᠋ᠯᠡᠰ᠎ᠢ ᠵᠣᠬᠢᠴᠠᠭᠤᠯᠤᠨ ᠱᠢᠶ᠋ᠳᠪᠦᠷᠢᠯᠡᠨ᠎ᠡ᠃ ᠡᠭᠦᠨ᠎ᠦ ᠬᠠᠮᠲᠤ᠂ ᠠᠷᠠᠳ ᠢᠷᠭᠡᠳ᠎ᠦᠨ ᠤᠯᠤᠰ᠎ᠢᠶᠠᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠠᠵᠢᠯᠯᠠᠭ᠎ᠠ᠎ᠳᠤ ᠢᠳᠡᠪᠬᠢᠲᠡᠶ ᠣᠷᠣᠯᠴᠠᠬᠤ᠎ᠶ᠋ᠢ ᠵᠣᠷᠢᠭ᠍ᠵᠢᠭᠤᠯᠤᠨ ᠳᠡᠮᠵᠢᠵᠦ᠍ ᠂ ᠣᠯᠠᠨ ᠨᠡᠢᠲᠡ᠎ᠶ᠋ᠢᠨ ᠲᠠᠯᠠᠪᠤᠷ᠎ᠤᠨ ᠡᠷᠡᠭᠦᠯ ᠬᠠᠮᠠᠭᠠᠯᠠᠯ᠎ᠢ ᠬᠠᠮᠠᠭᠠᠯᠠᠨ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠮᠠᠶᠢᠭ᠎ᠢ ᠦᠶ᠋ᠯᠡᠳᠦᠯᠭᠡᠵᠢᠭᠦᠯᠵᠦ᠍ ᠂ ᠡᠷᠡᠭᠦᠯ ᠮᠡᠨᠳᠦ᠍᠎ᠶ᠋ᠢᠨ ᠬᠡᠪ ᠪᠣᠯᠪᠠᠰᠤᠷᠠᠯ᠎ᠤᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ ᠭᠡᠵᠦ ᠲᠤᠬᠳᠠᠭᠠᠪᠠ᠃
《ᠬᠥᠬᠡᠬᠣᠲᠠ᠎ᠶ᠋ᠢᠨ ᠠᠵᠢᠯ ᠣᠯᠭᠣᠯᠲᠠ᠎ᠶ᠋ᠢ ᠠᠬᠢᠭᠤᠯᠬᠤ ᠲᠦᠷᠢᠮ》
ᠳᠤᠰ ᠲᠦᠷᠢᠮ ᠨᠡᠢᠲᠡ 8 ᠪᠦᠯᠦᠭ 57 ᠵᠦᠶ᠋ᠯ᠎ᠲᠡᠶ᠃ ᠬᠤᠳᠠ᠂ ᠬᠣᠱᠢᠭᠤ ᠱᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠲᠡᠷᠢᠭᠦᠨ ᠬᠠᠷᠠᠯᠲᠠ ᠪᠣᠯᠭᠠᠵᠤ᠂ ᠵᠣᠬᠢᠶᠠᠨ ᠪᠠᠢᠭᠤᠯᠤᠯᠳᠠ ᠵᠢᠨ ᠤᠳᠤᠷᠢᠳᠤᠯᠭ᠎ᠠ᠎ᠪᠠᠨ ᠴᠢᠩᠭᠠᠳᠭᠠᠵᠤ᠂ ᠲᠤᠰ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠠᠵᠢᠯ ᠣᠯᠭᠣᠯᠲᠠ᠎ᠶ᠋ᠢ ᠠᠬᠢᠭᠤᠯᠬᠤ ᠠᠵᠢᠯ᠎ᠢ ᠠᠬᠢᠭᠤᠯᠵᠤ᠂ ᠬᠥᠳᠡᠯᠮᠦᠷᠢᠴᠢᠳ᠎ᠦᠨ ᠪᠡᠶ᠎ᠡ᠎ᠪᠡᠨ ᠳᠠᠭᠠᠭᠠᠵᠤ ᠠᠵᠢᠯ ᠰᠣᠩᠭᠣᠬᠤ᠂ ᠵᠠᠬ᠎ᠠ ᠳᠡᠯᠭᠡᠭᠦᠷ᠎ᠢᠶᠡᠷ ᠠᠵᠢᠯ ᠣᠯᠭᠣᠯᠲᠠ᠎ᠶ᠋ᠢ ᠲᠤᠬᠢᠷᠠᠭᠤᠯᠬᠤ ᠂ ᠵᠠᠰᠠᠭ᠎ᠤᠨ ᠣᠷᠳᠣᠨ᠎ᠠᠴᠠ ᠠᠵᠢᠯ ᠣᠯᠭᠣᠯᠲᠠ᠎ᠶ᠋ᠢ ᠠᠬᠢᠭᠤᠯᠬᠤ ᠪᠠ ᠦᠢᠯᠡᠰ ᠪᠤᠰᠭᠠᠬᠤ᠎ᠶ᠋ᠢ ᠵᠣᠷᠢᠭ᠍ᠵᠢᠭᠤᠯᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠵᠡᠮᠳᠡᠭ᠌ᠴᠦᠳ ᠵᠡᠷᠭᠡ ᠭᠣᠣᠯᠳᠠᠯᠭ᠎ᠠ᠎ᠲᠠᠶ ᠬᠥᠮᠦᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍ ᠂ ᠤᠨᠤᠴᠠᠳᠠᠢ ᠬᠠᠪᠰᠤᠷᠤᠨ ᠲᠡᠳᠬᠦᠬᠦ᠌᠎ᠶ᠋ᠢ ᠬᠡᠷᠡᠭ᠌ᠵᠢᠭᠦᠯᠵᠦ᠍᠂ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠬᠤ ᠬᠡᠷᠡᠭᠳᠡᠢ ᠭᠡᠵᠦ ᠲᠤᠳᠤᠷᠬᠠᠢᠯᠠᠪᠠ᠃
《ᠪᠠᠶᠠᠨᠨᠠᠭᠤᠷ ᠬᠣᠲᠠ᠎ᠶ᠋ᠢᠨ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠤᠰᠤ ᠬᠡᠷᠡᠭ᠌ᠯᠡᠬᠦ᠌ ᠬᠠᠮᠢᠶᠠᠷᠤᠯᠲᠠ᠎ᠶ᠋ᠢᠨ ᠲᠦᠷᠢᠮ》
ᠳᠤᠰ ᠲᠦᠷᠢᠮ ᠨᠡᠢᠲᠡ 28 ᠵᠤᠢᠯ ᠲᠠᠢ᠃ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤᠨ᠎ᠤ ᠡᠬᠢ ᠪᠠᠶᠠᠯᠢᠭ᠎ᠢ ᠠᠷᠪᠢᠴᠢ ᠡᠷᠴᠢᠮᠯᠢᠭ ᠠᠱᠢᠭ᠍ᠯᠠᠬᠤ ᠪᠠ ᠲᠠᠷᠢᠶᠠᠯᠠᠩ᠎ᠤᠨ ᠤᠨᠠᠯᠳᠠ᠎ᠶ᠋ᠢ ᠨᠡᠮᠡᠭ᠌ᠳᠡᠭᠦᠯᠵᠦ᠍ ᠦᠷ᠎ᠡ ᠠᠱᠢᠭ ᠢ ᠨᠡᠮᠡᠭ᠌ᠳᠡᠭᠦᠯᠬᠦ᠌ ᠶ᠋ᠢ ᠠᠬᠢᠭᠤᠯᠬᠤ ᠲᠦᠷᠢᠮ ᠲᠣᠭ᠍ᠲᠠᠭᠠᠯ ᠤ᠋ᠨ ᠬᠣᠭᠣᠰᠣᠨ᠎ᠢ ᠨᠥᠬᠥᠪᠥᠷᠢᠯᠡᠭ᠌ᠰᠡᠨ ᠵᠢᠡᠷ ᠪᠠᠷᠠᠬᠤ ᠥᠬᠡᠶ᠂ ᠬᠠᠲᠤᠨ ᠭᠤᠤᠯ᠎ᠤᠨ ᠰᠠᠪᠠ ᠭᠠᠵᠠᠷ ᠴᠢᠨᠠᠭ᠍ᠰᠢᠯᠠᠪᠠᠯ ᠪᠥᠬᠥ᠌ ᠤᠯᠤᠰ᠎ᠤᠨ ᠣᠨᠴᠠ ᠲᠣᠮᠣ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠳᠤ ᠨᠠᠩ ᠥᠨᠳᠥᠷ ᠲᠦᠪᠱᠢᠨ ᠪᠥᠬᠥᠶ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠤᠰᠤ ᠬᠡᠷᠡᠭ᠌ᠯᠡᠬᠦ᠌ ᠬᠠᠮᠢᠶᠠᠷᠤᠯᠲᠠ ᠶ᠋ᠢᠨ ᠱᠢᠰᠲ᠋ᠧᠮ ᠢ ᠪᠠᠢᠭᠤᠯᠬᠤ ᠳᠤ ᠬᠠᠤᠯᠢ᠎ᠪᠠᠷ ᠵᠠᠰᠠᠬᠤ ᠵᠠᠬᠪᠤᠷᠬᠠᠩᠭᠠᠭ᠍ᠰᠠᠨ ᠪᠠᠢᠨ᠎ᠠ᠃