ᠰᠠᠷ᠎ᠠ ᠰᠢᠨ᠎ᠠ ᠤᠢᠷᠠᠳᠤᠬᠤ ᠵᠢ ᠳᠠᠭᠠᠯᠳᠤᠨ᠂ ᠬᠤᠸᠠᠷ ᠫᠤᠤᠵᠢᠩ ᠤ᠋ᠨ ᠪᠣᠷᠣᠯᠠᠭᠤᠯᠭ᠎ᠠ ᠢᠳᠡ ᠭᠦᠭ ᠲᠠᠢ ᠬᠤᠭᠤᠴᠠᠭᠠᠨ ᠳ᠋ᠠᠭᠠᠨ ᠤᠷᠤᠯ᠎ᠠ᠃ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠠᠮᠤᠷ ᠲᠦᠪᠱᠢᠨ᠎ᠦ ᠰᠠᠨᠠᠭᠤᠯᠤᠮᠵᠢ ᠨᠡᠢᠲᠡᠯᠡᠵᠦ᠍᠂ ᠵᠢᠷᠬᠢᠶ᠎ᠠ ᠵᠢᠨ ᠨᠠᠢᠵᠠ᠎ᠶ᠋ᠢᠨ ᠲᠣᠭᠣᠷᠢᠭ ᠵᠡᠷᠭᠡ ᠰᠦᠯᠵᠢᠶᠡᠨ᠎ᠦ ᠲᠠᠪᠴᠠᠩ᠎ᠳᠤ ᠬᠤᠸᠠᠷ ᠫᠤᠤᠵᠢᠩ ᠢ᠋ ᠬᠠᠤᠯᠢ ᠪᠤᠰᠤ᠎ᠪᠠᠷ ᠪᠣᠷᠣᠯᠠᠭᠤᠯᠬᠤ ᠵᠠᠷ ᠮᠡᠳᠡᠭᠡ᠂ ᠬᠤᠸᠠᠷ ᠫᠤᠤᠵᠢᠩ ᠤ᠋ᠨ ᠵᠠᠷ ᠮᠡᠳᠡᠭᠡ ᠳᠠᠮᠵᠢᠭᠤᠯᠤᠨ ᠲᠠᠷᠬᠠᠭᠠᠬᠤ ᠨᠢ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ ᠡᠭᠦᠷᠭᠡᠯᠡᠵᠦ᠍᠂ ᠦᠶ᠋ᠯᠡ ᠪᠠᠢᠳᠠᠯ ᠨᠢ ᠬᠦᠨᠳᠦ ᠨᠣᠴᠢᠲᠠᠶ ᠪᠠᠢᠪᠠᠯ ᠶᠠᠯᠠᠳᠤ ᠠᠵᠢᠯᠯᠠᠭ᠎ᠠ ᠪᠣᠯᠵᠣ ᠮᠡᠳᠡᠨ᠎ᠠ ᠭᠡᠵᠦ᠍ ᠰᠠᠨᠠᠭᠤᠯᠪᠠ᠃
《ᠬᠤᠸᠠᠷ ᠫᠤᠤᠵᠢᠩ᠎ᠤᠨ ᠠᠮᠤᠷ ᠲᠦᠪᠰᠢᠨ ᠤ᠋ ᠬᠠᠮᠢᠶᠠᠷᠤᠯᠲᠠ᠎ᠶ᠋ᠢᠨ ᠲᠦᠷᠢᠮ》᠎ᠤ᠋ᠨ ᠲᠣᠭ᠍ᠲᠠᠭᠠᠯ᠎ᠢ ᠦᠨᠳᠦᠰᠦᠯᠡᠪᠡᠯ᠂ ᠵᠥᠪᠱᠢᠶᠡᠷᠡᠯ ᠣᠯᠤᠭ᠍ᠰᠠᠨ ᠦᠭᠡᠢ᠎ᠪᠡᠷ ᠬᠤᠸᠠᠷ ᠫᠤᠤᠵᠢᠩ᠎ᠢ ᠦᠢᠯᠡᠳᠪᠦᠷᠢᠯᠡᠵᠦ᠍ ᠡᠵᠡᠩᠨᠡᠭ᠌ᠰᠡᠨ ᠪᠠᠢᠪᠠᠯ᠂ ᠬᠠᠤᠯᠢ ᠪᠤᠰᠤ ᠠᠵᠢᠯᠯᠠᠭ᠎ᠠ᠎ᠶ᠋ᠢ ᠨᠢ ᠵᠠᠷᠯᠢᠭ᠍ᠳᠠᠨ ᠵᠣᠭ᠍ᠰᠣᠭᠠᠵᠤ᠂ 2 ᠲᠦᠮᠡᠨ ᠲᠥᠭᠥᠷᠢᠭ᠎ᠡᠴᠡ ᠳᠡᠭᠡᠭ᠌ᠰᠢ 10 ᠲᠦᠮᠡᠨ ᠲᠥᠭᠥᠷᠢᠭ᠎ᠡᠴᠡ ᠳᠣᠭᠣᠭ᠍ᠰᠢ ᠵᠣᠭᠣᠰ᠎ᠢᠶᠠᠷ ᠲᠣᠷᠭᠠᠬᠤ᠎ᠪᠠᠷ ᠱᠢᠢᠳᠭᠡᠬᠦ᠌ ᠪᠥᠭᠡᠳ ᠡᠳ᠋ ᠪᠣᠳᠠᠰ ᠵᠢᠴᠢ ᠬᠠᠤᠯᠢ᠎ᠶ᠋ᠢ ᠵᠥᠷᠢᠴᠡᠵᠦ᠍ ᠣᠯᠤᠭ᠍ᠰᠠᠨ ᠣᠯᠵᠠ ᠠᠱᠢᠭ᠎ᠢ ᠨᠢ ᠬᠤᠷᠢᠶᠠᠮᠵᠢᠯᠡᠨ ᠠᠪᠤᠨ᠎ᠠ᠃ ᠵᠥᠪᠱᠢᠶᠡᠷᠡᠯ ᠥᠬᠡᠶ᠎ᠪᠡᠷ ᠬᠤᠸᠠᠷ ᠫᠤᠤᠵᠢᠩ ᠲᠡᠭᠡᠭᠡᠪᠦᠷᠢᠯᠡᠭ᠌ᠰᠡᠨ ᠪᠣᠯ 1 ᠲᠦᠮᠡᠨ ᠲᠥᠭᠥᠷᠢᠭ᠎ᠡᠴᠡ ᠳᠡᠭᠡᠭ᠌ᠰᠢ 5 ᠲᠦᠮᠡᠨ ᠲᠥᠭᠥᠷᠢᠭ᠎ᠡᠴᠡ ᠳᠣᠭᠣᠭ᠍ᠰᠢ ᠵᠣᠭᠣᠰ᠎ᠢᠶᠠᠷ ᠲᠣᠷᠭᠠᠬᠤ᠎ᠶ᠋ᠢᠨ ᠬᠠᠮᠲᠤ ᠡᠳ᠋ ᠪᠣᠳᠠᠰ᠎ᠢ ᠨᠢ ᠬᠣᠷᠢᠶᠠᠮᠵᠢᠯᠠᠡ ᠠᠪᠤᠨ᠎ᠠ ᠬᠡᠵᠦ ᠲᠤᠬᠳᠠᠭᠠᠪᠠ᠃
ᠡᠢᠮᠦᠷᠬᠦᠸ᠋ ᠦᠢᠯᠡ ᠠᠵᠢᠯᠯᠠᠭ᠎ᠠ ᠨᠢ ᠪᠠᠰᠠ ᠡᠷᠡᠭᠦᠦ᠍᠎ᠶ᠋ᠢᠨ ᠬᠠᠤᠯᠢ᠎ᠳᠤ ᠬᠠᠯᠳᠠᠵᠤ ᠮᠡᠳᠡᠨ᠎ᠠ᠃ ᠵᠢᠷᠬᠢᠶ᠎ᠠ ᠵᠢᠨ ᠨᠠᠢᠵᠢ᠎ᠶ᠋ᠢᠨ ᠲᠣᠭᠣᠷᠢᠭ᠎ᠢᠶᠠᠷ ᠳᠠᠮᠵᠢᠨ ᠬᠤᠸᠠᠷ ᠫᠤᠤᠵᠢᠩ ᠬᠤᠳᠠᠯᠳᠤᠬᠰᠠᠨ ᠬᠡᠮᠵᠢᠶ᠎ᠡ ᠨᠢ ᠨᠡᠯᠢᠶᠡᠳ ᠶᠡᠬᠡ ᠪᠣᠯ ᠬᠠᠤᠯᠢ ᠪᠤᠰᠤ᠎ᠪᠠᠷ ᠡᠵᠡᠩᠨᠡᠭ᠌ᠰᠡᠨ ᠶᠠᠯᠠᠳᠤ ᠲᠣᠭᠠᠴᠠᠭ᠍ᠳᠠᠨᠠ᠃ ᠡᠷᠡᠭᠦᠦ᠍᠎ᠶ᠋ᠢᠨ ᠬᠠᠤᠯᠢ᠎ᠶ᠋ᠢᠨ ᠲᠤᠬᠳᠠᠭᠠᠯ ᠢ᠋ ᠦᠨᠳᠦᠰᠦᠯᠡᠪᠡᠯ᠂ ᠦᠢᠯᠡ ᠪᠠᠢᠳᠠᠯ ᠨᠢ ᠬᠦᠨᠳᠦ ᠨᠣᠴᠢᠲᠠᠢ ᠪᠠᠢᠪᠠᠯ᠂ ᠲᠠᠪᠤᠨ ᠵᠢᠯ᠎ᠡᠴᠡ ᠳᠣᠭᠣᠭ᠍ᠰᠢ ᠬᠤᠭᠤᠴᠠᠭ᠎ᠠ᠎ᠲᠠᠶ ᠬᠣᠷᠢᠬᠤ ᠪᠤᠶᠤ ᠬᠣᠷᠢᠵᠤ ᠬᠥᠳᠡᠯᠮᠦᠷᠢᠯᠡᠭᠦᠯᠬᠦ᠌ᠪᠡᠷ ᠱᠢᠢᠳᠭᠡᠵᠦ᠍ ᠂ ᠵᠣᠭᠣᠰ᠎ᠢᠶᠠᠷ ᠲᠣᠷᠭᠠᠬᠤ᠎ᠪᠠᠷ ᠨᠡᠢᠯᠡᠭᠦᠯᠦᠨ ᠱᠢᠢᠳᠭᠡᠨᠠ; ᠤᠢ᠍ᠢᠯᠠ ᠪᠠᠢᠳᠠᠯ ᠨᠢ ᠣᠨᠴᠠᠭᠠᠢ ᠬᠦᠨᠳᠦ ᠨᠣᠴᠢᠲᠠᠢ ᠪᠠᠢᠪᠠᠯ᠂ ᠲᠠᠪᠤᠨ ᠵᠢᠯ᠎ᠡᠴᠡ ᠳᠡᠭᠡᠭ᠌ᠰᠢ ᠬᠤᠭᠤᠴᠠᠭ᠎ᠠ᠎ᠲᠠᠶ ᠬᠣᠷᠢᠬᠤ᠎ᠪᠠᠷ ᠱᠢᠢᠳᠭᠡᠵᠦ᠍᠂ ᠵᠣᠭᠣᠰ᠎ᠢᠶᠠᠷ ᠲᠣᠷᠭᠠᠬᠤ ᠪᠤᠶᠤ ᠡᠳ᠋ ᠬᠦᠷᠦᠩᠭᠡ᠎ᠶ᠋ᠢ ᠨᠢ ᠬᠤᠷᠢᠶᠠᠵᠤ ᠠᠪᠬᠤ᠎ᠪᠠᠷ ᠨᠡᠢᠯᠡᠭᠦᠯᠦᠨ ᠱᠢᠢᠳᠭᠡᠨᠠ᠃
ᠣᠨᠴᠠᠭᠠᠢᠯᠠᠨ ᠠᠩᠬᠠᠷᠬᠤ ᠴᠢᠬᠤᠯᠠᠲᠠᠶ ᠨᠢ ᠬᠠᠮᠢᠶ᠎ᠠ ᠪᠦᠬᠦᠢ ᠪᠣᠷᠣᠯᠠᠭᠤᠯᠭ᠎ᠠ᠎ᠶ᠋ᠢᠨ ᠵᠠᠷ ᠮᠡᠳᠡᠭᠡ ᠵᠢ ᠳᠠᠮᠵᠢᠭᠤᠯᠤᠬᠰᠠᠨ ᠪᠠᠢᠪᠠᠯ ᠪᠠᠰᠠ ᠬᠠᠷᠢᠭᠤᠴᠠᠯᠭ᠎ᠠ ᠡᠭᠦᠷᠭᠡᠯᠡᠨ᠎ᠠ᠃ ᠪᠣᠷᠣᠯᠠᠭᠤᠯᠤᠬᠰᠠᠨ ᠬᠤᠸᠠᠷ ᠫᠤᠤᠵᠢᠩ ᠨᠢ ᠠᠰᠠᠭᠤᠳᠠᠯ ᠭᠠᠷᠪᠠᠯ᠂ ᠬᠤᠳᠠᠯᠳᠤᠭ᠍ᠴᠢ ᠪᠠ ᠳᠠᠮᠵᠢᠭᠤᠯᠤᠨ ᠲᠠᠷᠬᠠᠭᠠᠭ᠍ᠴᠢ ᠡᠴᠨ ᠴᠥᠮ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ ᠨᠡᠭᠡᠮᠵᠢᠯᠡᠨ᠎ᠠ᠃ ᠣᠯᠠᠨ ᠲᠦᠮᠡᠨ ᠵᠤᠬᠢᠰᠳᠠᠢ ᠠᠷᠭ᠎ᠠ ᠵᠠᠮ᠎ᠢᠶᠠᠷ ᠬᠤᠸᠠᠷ ᠫᠤᠤᠵᠢᠩ ᠬᠤᠳᠠᠯᠳᠤᠨ ᠠᠪᠬᠤ᠎ᠶ᠋ᠢᠨ ᠬᠠᠮᠲᠤ ᠫᠤᠤᠵᠢᠩ ᠲᠠᠯᠪᠢᠬᠤ ᠲᠣᠭ᠍ᠲᠠᠭᠠᠯ᠎ᠢ ᠴᠢᠩᠭ᠎ᠠ ᠵᠢᠷᠤᠮᠯᠠᠨ᠂ ᠠᠮᠤᠷ ᠲᠦᠪᠱᠢᠨ᠎ᠢ ᠪᠠᠲᠤᠯᠠᠬᠤ ᠴᠢᠬᠤᠯᠠᠳᠠᠢ᠃