ᠣᠢᠷ᠎ᠠ᠎ᠳᠤ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠪᠠᠢᠩᠭᠤ᠎ᠶᠢᠨ ᠬᠤᠷᠠᠯ᠎ᠠᠴᠠ ᠡᠳ᠋᠎ᠦᠨ ᠵᠠᠰᠠᠭ ᠪᠠ ᠮᠥᠩᠭᠥᠨ ᠭᠦᠢᠯᠭᠡᠭᠡᠨ᠎ᠦ ᠲᠦᠷᠦ ᠵᠢᠨ ᠪᠣᠳᠣᠯᠭ᠎ᠠ ᠵᠢ ᠬᠠᠮᠵᠢᠯᠴᠠᠭᠤᠯᠤᠨ ᠬᠦᠴᠦᠯᠡᠵᠦ ᠳᠣᠲᠣᠭᠠᠳᠤ ᠬᠡᠷᠡᠭᠴᠡᠭᠡ᠎ᠶᠢ ᠠᠬᠢᠭᠤᠯᠬᠤ ᠬᠠᠮ ᠲᠥᠷᠥ᠎ᠶᠢᠨ ᠪᠣᠳᠣᠯᠭ᠎ᠠ᠎ᠶᠢ ᠪᠠᠢᠷᠢᠯᠠᠭᠤᠯᠤᠨ ᠬᠡᠷᠡᠭᠵᠢᠭᠦᠯᠪᠡ᠂ ᠬᠤᠷᠠᠯ᠎ᠠᠴᠠ ᠡᠨᠡ ᠬᠦ᠌ ᠬᠠᠮ ᠲᠥᠷᠥ᠎ᠶᠢᠨ ᠪᠣᠳᠣᠯᠭ᠎ᠠ ᠪᠣᠯ 《ᠪᠦᠲᠦᠮᠵᠢᠲᠡᠶ ᠬᠡᠷᠡᠭᠴᠡᠭᠡ᠎ᠶᠢ ᠥᠷᠭᠡᠳᠬᠡᠵᠦ᠂ ᠬᠣᠷᠸ᠎ᠠ ᠲᠣᠬᠢᠷᠠᠭᠤᠯᠭ᠎ᠠ ᠡᠵᠡᠮᠳᠡᠯ᠎ᠦᠨ ᠰᠢᠨ᠎ᠡ᠎ᠶᠢ ᠡᠭᠦᠳᠬᠦ》 ᠴᠢᠬᠤᠯᠠ ᠠᠷᠭ᠎ᠠ ᠬᠡᠮᠵᠢᠶ᠎ᠡ ᠮᠥᠨ ᠭᠡᠵᠦ ᠲᠣᠳᠣᠷᠬᠠᠢ ᠵᠢᠭᠠᠵᠤ ᠭᠠᠷᠭᠠᠨ᠂ ᠡᠳ᠋᠎ᠦᠨ ᠵᠠᠰᠠᠭ᠎ᠤᠨ ᠲᠥᠷᠥ᠎ᠶᠢᠨ ᠪᠣᠳᠣᠯᠭ᠎ᠠ ᠬᠢᠭᠡᠳ ᠮᠥᠩᠭᠥᠨ ᠭᠦᠢᠯᠭᠡᠭᠡᠨ᠎ᠦ ᠲᠥᠷᠥ᠎ᠶᠢᠨ ᠪᠣᠳᠣᠯᠭ᠎ᠠ᠎ᠶᠢᠨ ᠬᠠᠮᠵᠢᠯᠴᠠᠨ ᠬᠣᠯᠪᠤᠭᠠᠯᠠᠨ ᠬᠥᠳᠡᠯᠦᠯᠴᠡᠬᠦ᠎ᠶᠢ ᠴᠢᠩᠭᠠᠳᠬᠠᠵᠤ᠂ ᠲᠥᠷᠥ᠎ᠶᠢᠨ ᠪᠣᠳᠣᠯᠭ᠎ᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠡᠢᠭᠡᠮ᠎ᠦᠨ ᠬᠥᠷᠥᠩᠭᠡ᠎ᠶᠢᠨ ᠬᠡᠷᠡᠭᠯᠡᠭᠡ᠎ᠶᠢ ᠠᠬᠢᠭᠤᠯᠬᠤ᠂ ᠪᠡᠯᠡ ᠣᠷᠣᠭᠤᠯᠤᠯᠲᠠ᠎ᠶᠢ ᠥᠷᠭᠡᠳᠬᠡᠬᠦ᠎ᠳᠦ ᠣᠷᠣᠯᠴᠠᠬᠤ᠎ᠶᠢ ᠬᠥᠲᠥᠯᠥᠨ ᠵᠢᠯᠤᠭᠣᠳᠬᠤ ᠬᠡᠷᠡᠭᠲᠡᠢ ᠭᠡᠵᠦ ᠱᠠᠭᠠᠷᠳᠠᠪᠠ᠃ ᠲᠣᠰ ᠤᠳᠠᠭᠠᠨ᠎ᠤ ᠲᠥᠷᠥ᠎ᠶᠢᠨ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢᠨ ᠰᠢᠰᠲᠧᠮ ᠨᠢ ᠪᠥᠬᠥ ᠲᠠᠯ᠎ᠠ᠎ᠶᠢᠨ ᠪᠠᠢᠵᠤ᠂ ᠰᠠᠭᠤᠭᠠᠯᠢ ᠠᠷᠠᠳ᠎ᠤᠨ ᠬᠡᠷᠡᠭᠯᠡᠭᠡ᠎ᠶᠢ ᠠᠬᠢᠭᠤᠯᠬᠤ᠎ᠶᠢ ᠪᠣᠳᠣᠯᠬᠢᠯᠠᠭᠰᠠᠨ ᠮᠥᠷᠲᠡᠭᠡᠨ ᠪᠠᠰᠠ ᠠᠷᠠᠳ᠎ᠤᠨ ᠪᠡᠯᠡ ᠣᠷᠣᠭᠤᠯᠤᠯᠲᠠ᠎ᠶᠢ ᠬᠦᠴᠦᠯᠡᠨ ᠳᠡᠮᠵᠢᠪᠡ᠃ ᠬᠠᠮ ᠠᠷᠭ᠎ᠠ ᠬᠡᠮᠵᠢᠶ᠎ᠡ᠎ᠨᠦᠭᠦᠳ ᠨᠢ ᠡᠳ᠋᠎ᠦᠨ ᠵᠠᠰᠠᠭ ᠬᠢᠭᠡᠳ ᠮᠥᠩᠭᠥᠨ ᠭᠦᠢᠯᠭᠡᠭᠡᠨ᠎ᠦ ᠲᠦᠷᠦ ᠵᠢᠨ ᠪᠣᠳᠣᠯᠭ᠎ᠠ ᠬᠠᠷᠢᠯᠴᠠᠨ ᠲᠤᠯᠭᠠᠭᠤᠷᠢᠯᠠᠵᠤ᠂ ᠬᠠᠮᠵᠢᠯᠴᠠᠨ ᠬᠦᠴᠦᠯᠡᠬᠦ ᠲᠦᠷᠦ᠎ᠶᠢᠨ ᠪᠣᠳᠣᠯᠭ᠎ᠠ᠎ᠶᠢᠨ ᠪᠠᠢᠷᠢᠰᠢᠯ᠎ᠢ ᠪᠤᠢ ᠪᠣᠯᠭᠠᠵᠤ᠂ ᠬᠡᠷᠡᠭᠯᠡᠭᠡ ᠵᠢᠨᠬᠡᠷᠡᠭᠴᠡᠭᠡᠶᠢᠨ ᠨᠡᠮᠡᠭᠳᠡᠬᠦ ᠪᠠ ᠪᠡᠯᠡ ᠣᠷᠣᠭᠤᠯᠤᠯᠲᠠ᠎ᠶᠢᠨ ᠬᠡᠷᠡᠭᠴᠡᠭᠡ ᠳᠡᠭᠡᠭᠰᠢᠯᠡᠬᠦ ᠵᠢ ᠠᠬᠢᠭᠤᠯᠵᠤ᠂ ᠠᠵᠤ ᠠᠬᠤᠢ᠎ᠶᠢᠨ ᠨᠡᠮᠡᠭᠳᠡᠯ᠎ᠦᠨ ᠦᠨᠳᠦᠰᠦᠨ ᠪᠠᠢᠳᠠᠯ᠎ᠢ ᠬᠠᠮᠲᠤ᠎ᠪᠠᠷ ᠲᠣᠭᠲᠠᠪᠤᠷᠢᠵᠢᠭᠤᠯᠬᠤ ᠪᠣᠯᠣᠨ᠎ᠠ᠃
ᠡᠳ᠋᠎ᠦᠨ ᠵᠠᠰᠠᠭ ᠪᠠ ᠮᠥᠩᠭᠥᠨ ᠭᠦᠢᠯᠭᠡᠭᠡᠨ᠎ᠦ ᠲᠦᠷᠦ ᠵᠢᠨ ᠪᠣᠳᠣᠯᠭ᠎ᠠ ᠵᠢ ᠬᠠᠮᠵᠢᠯᠴᠠᠭᠣᠯᠣᠨ ᠳᠣᠲᠣᠭᠠᠳᠤ ᠬᠡᠷᠡᠭᠴᠡᠭᠡ᠎ᠶᠢ ᠠᠬᠢᠭᠤᠯᠬᠤ ᠲᠥᠷᠥ᠎ᠶᠢᠨ ᠪᠣᠳᠣᠯᠭ᠎ᠠ᠎ᠶᠢᠨ ᠭᠣᠣᠯᠳᠠᠯᠭ᠎ᠠ ᠨᠢ ᠲᠥᠷᠥ᠎ᠶᠢᠨ ᠪᠣᠳᠣᠯᠭ᠎ᠠ᠎ᠶᠢ ᠲᠤᠢᠯ᠎ᠤᠨ ᠣᠨᠣᠪᠴᠢᠲᠠᠶ ᠬᠡᠷᠡᠭᠵᠢᠭᠦᠯᠵᠦ᠂ 《ᠬᠦᠦ ᠮᠥᠩᠭᠥ ᠵᠢ ᠨᠢ ᠣᠷᠣᠯᠠᠨ ᠦᠭᠬᠦ》 ᠲᠣᠭᠲᠠᠴᠠ᠎ᠪᠠᠷ ᠳᠠᠮᠵᠢᠨ ᠰᠠᠭᠤᠭᠠᠯᠢ ᠠᠷᠠᠳ ᠪᠠ ᠡᠵᠡᠩᠨᠡᠯᠲᠡ᠎ᠶᠢᠨ ᠭᠣᠣᠯ ᠴᠣᠭᠴᠠ᠎ᠶᠢᠨ ᠢᠲᠡᠭᠡᠮᠵᠢᠲᠦ ᠵᠢᠭᠡᠯᠡᠯᠭᠡ᠎ᠶᠢᠨ ᠥᠪᠡᠷ᠎ᠦᠨ ᠥᠷᠲᠡᠭ᠎ᠢ ᠪᠠᠭᠤᠷᠠᠭᠤᠯᠵᠤ᠂ ᠡᠭᠦᠨ᠎ᠦ ᠤᠯᠠᠮ᠎ᠢᠶᠠᠷ ᠬᠡᠷᠡᠭᠯᠡᠭᠡ᠎ᠶᠢᠨ ᠬᠡᠷᠡᠭᠴᠡᠭᠡ ᠱᠠᠭᠠᠷᠳᠠᠯᠭ᠎ᠠ᠎ᠶᠢ ᠬᠥᠭᠵᠢᠭᠡᠬᠦ ᠪᠤᠯᠤᠨ᠎ᠠ᠃ ᠣᠳᠣᠬᠠᠨ᠎ᠳᠤ ᠰᠠᠭᠤᠭᠠᠯᠢ ᠠᠷᠠᠳ᠎ᠤᠨ ᠬᠡᠷᠡᠭᠯᠡᠭᠡ ᠵᠢᠨ ᠬᠡᠷᠡᠭᠴᠡᠭᠡ᠎ᠶᠢ ᠨᠡᠮᠡᠭᠳᠡᠭᠦᠯᠬᠦ᠎ᠳᠦ ᠲᠤᠯᠭᠠᠷᠠᠵᠤ ᠪᠠᠢᠭ᠎ᠠ ᠲᠣᠪᠣᠢᠮ᠎ᠠ ᠵᠥᠷᠢᠴᠡᠯ ᠪᠣᠯ ᠰᠠᠭᠤᠭᠠᠯᠢ ᠠᠷᠠᠳ᠎ᠤᠨ ᠬᠡᠷᠡᠭᠯᠡᠭᠡ᠎ᠵᠢᠨ ᠬᠦᠰᠡᠯ ᠪᠣᠯᠣᠨ ᠬᠡᠷᠡᠭᠯᠡᠭᠡ ᠵᠢᠨ ᠴᠢᠳᠠᠪᠤᠷᠢ᠎ᠶᠢᠨ ᠬᠣᠭᠣᠷᠣᠨᠳᠣᠬᠢ ᠵᠣᠬᠢᠴᠠᠯ ᠦᠭᠡᠢ ᠪᠠᠢᠬᠤ ᠶᠠᠪᠤᠳᠠᠯ ᠪᠣᠯᠣᠨ᠎ᠠ᠃ ᠬᠤᠷᠠᠯ᠎ᠠᠴᠠ ᠰᠠᠭᠤᠭᠠᠯᠢ ᠠᠷᠠᠳ᠎ᠤᠨ ᠬᠡᠷᠡᠭᠯᠡᠭᠡ᠎ᠶᠢ ᠠᠬᠢᠭᠤᠯᠬᠤ᠎ᠶᠢᠨ ᠲᠣᠭᠣᠷᠢᠨ᠎ᠳᠤ 《ᠦᠢᠯᠡᠴᠢᠯᠡᠭᠡᠨ᠎ᠦ ᠦᠢᠯᠡᠰ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠵᠢᠭᠡᠯᠡᠯᠭᠡ᠂ ᠬᠤᠪᠢ ᠬᠥᠮᠥᠨ᠎ᠦ ᠬᠡᠷᠡᠭᠯᠡᠭᠡ ᠵᠢᠨ ᠵᠢᠭᠡᠯᠡᠯᠭᠡ᠎ᠶᠢᠨ ᠬᠦᠦᠮᠦᠩᠬᠦ ᠵᠢ ᠨᠢ ᠣᠷᠣᠯᠠᠨ ᠦᠭᠬᠦ ᠲᠦᠷᠦ᠎ᠶᠢᠨ ᠪᠣᠳᠣᠯᠭ᠎ᠠ᠎ᠶᠢ ᠰᠢᠯᠢᠳᠡᠭᠵᠢᠭᠦᠯᠦᠨ ᠬᠡᠷᠡᠭᠵᠢᠭᠦᠯᠦᠨ᠎ᠡ》 ᠭᠡᠵᠦ ᠲᠣᠳᠣᠷᠬᠠᠢᠯᠠᠪᠠ᠃ 《ᠬᠦᠦ ᠮᠦᠩᠬᠦ ᠵᠢ ᠨᠢ ᠣᠷᠣᠯᠠᠨ ᠦᠭᠬᠦ》ᠲᠥᠷᠥ᠎ᠶᠢᠨ ᠪᠣᠳᠣᠯᠭ᠎ᠠ᠎ᠶᠢᠨ ᠭᠣᠣᠯᠳᠠᠯᠭ᠎ᠠ ᠨᠢ ᠬᠡᠷᠡᠭᠯᠡᠭᠡ᠎ᠵᠢᠨ ᠬᠠᠩᠭᠠᠯᠭ᠎ᠠ ᠬᠢᠭᠡᠳ ᠬᠡᠷᠡᠭᠯᠡᠭᠡ ᠵᠢᠨ ᠴᠢᠳᠠᠪᠤᠷᠢ ᠭᠡᠬᠦ ᠬᠣᠶᠠᠷ ᠵᠠᠩᠭᠢᠯᠠᠭ᠎ᠠ᠎ᠶᠢᠨ ᠭᠣᠭᠴᠣᠭ᠎ᠠ᠎ᠶᠢ ᠠᠳᠬᠤᠪᠠ᠄ ᠦᠢᠯᠡᠴᠢᠯᠡᠭᠡᠨ᠎ᠦ ᠦᠢᠯᠡᠰ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠵᠢᠭᠡᠯᠡᠯᠭᠡ᠎ᠶᠢᠨ ᠬᠦᠦ ᠮᠥᠩᠬᠦ ᠵᠢ ᠣᠷᠣᠯᠠᠨ ᠦᠭᠬᠦ ᠲᠥᠷᠥ᠎ᠶᠢᠨ ᠪᠣᠳᠣᠯᠭ᠎ᠠ ᠨᠢ ᠦᠢᠯᠡᠴᠢᠯᠡᠭᠡ ᠬᠠᠩᠭᠠᠬᠤ ᠲᠠᠯ᠎ᠠ᠎ᠶᠢᠨ ᠪᠡᠯᠡ ᠲᠣᠬᠢᠷᠠᠭᠤᠯᠬᠤ ᠥᠪᠡᠷ᠎ᠦᠨ ᠥᠷᠲᠡᠭ᠎ᠢ ᠪᠠᠭᠤᠷᠠᠭᠤᠯᠬᠤ᠎ᠪᠠᠷ ᠳᠠᠮᠵᠢᠨ᠂ ᠴᠢᠨᠠᠷ ᠰᠠᠢᠲᠠᠢ ᠦᠢᠯᠡᠴᠢᠯᠡᠭᠡ ᠵᠢᠨ ᠬᠠᠩᠭᠠᠯᠭ᠎ᠠ᠎ᠶᠢ ᠨᠡᠮᠡᠭᠳᠡᠭᠦᠯᠬᠦ᠎ᠶᠢ ᠠᠬᠢᠭᠤᠯᠵᠤ᠂ ᠬᠡᠷᠡᠭᠯᠡᠭᠡ ᠵᠢᠨ ᠰᠣᠩᠭᠣᠯᠲᠠ᠎ᠶᠢ ᠪᠠᠶᠠᠯᠢᠭ᠍ᠵᠢᠭᠤᠯᠤᠨ᠂ ᠦᠢᠯᠡᠴᠢᠯᠡᠭᠡᠨ᠎ᠦ ᠵᠠᠭᠪᠤᠷ᠎ᠦᠨ ᠰᠢᠨ᠎ᠡ᠎ᠶᠢ ᠡᠭᠦᠳᠴᠦ᠂ ᠬᠡᠷᠡᠭᠯᠡᠭᠡ ᠵᠢᠨ ᠣᠷᠴᠢᠨ ᠲᠣᠭᠣᠷᠢᠨ ᠪᠠ ᠬᠡᠷᠡᠭᠯᠡᠭᠡ ᠵᠢᠨ ᠵᠢᠱ᠌ᠢᠯᠲᠡ᠎ᠶᠢ ᠦᠨᠳᠦᠰᠦᠨ᠎ᠡᠴᠡ ᠨᠢ ᠰᠠᠢᠵᠢᠷᠠᠭᠤᠯᠬᠤ ᠪᠤᠯᠤᠨ᠎ᠠ; ᠬᠤᠪᠢ ᠬᠥᠮᠥᠨ᠎ᠦ ᠬᠡᠷᠡᠭᠯᠡᠭᠡ ᠵᠢᠨ ᠵᠢᠭᠡᠯᠡᠯᠭᠡ᠎ᠶᠢᠨ ᠬᠦᠦᠮᠦᠩᠬᠦ ᠵᠢ ᠨᠢ ᠣᠷᠣᠯᠠᠨ ᠦᠭᠬᠦ ᠲᠥᠷᠥ᠎ᠶᠢᠨ ᠪᠣᠳᠣᠯᠭ᠎ᠠ ᠨᠢ ᠬᠠᠷᠢᠨ ᠬᠡᠷᠡᠭᠯᠡᠭᠴᠢᠳ᠎ᠦᠨ ᠢᠲᠡᠭᠡᠮᠵᠢᠲᠦ ᠵᠢᠭᠡᠯᠡᠯᠭᠡ᠎ᠶᠢᠨ ᠥᠪᠡᠷ᠎ᠦᠨ ᠥᠷᠲᠡᠭ᠎ᠢ ᠰᠢᠭᠤᠳ ᠪᠠᠭᠤᠷᠠᠭᠤᠯᠵᠤ᠂ ᠢᠯᠠᠩᠭᠤᠶ᠎ᠠ ᠮᠠᠰᠢᠨ ᠲᠡᠷᠭᠡ᠂ ᠭᠡᠷ᠎ᠦᠨ ᠴᠠᠬᠢᠯᠭᠠᠨ ᠬᠡᠷᠡᠭᠰᠡᠯ ᠬᠤᠳᠠᠯᠳᠤᠨ ᠠᠪᠬᠤ ᠵᠡᠷᠭᠡ ᠶᠡᠬᠡ ᠬᠡᠮᠵᠢᠶᠡᠨ᠎ᠦ ᠬᠡᠷᠡᠭᠯᠡᠭᠡ ᠵᠢᠨ ᠬᠦᠷᠢᠶ᠎ᠡ ᠵᠢᠴᠢ ᠰᠤᠷᠭᠠᠨ ᠬᠥᠮᠦᠵᠢᠯ᠂ ᠡᠮ ᠡᠮᠨᠡᠯᠭᠡ᠂ ᠵᠢᠭᠤᠯᠴᠢᠯᠠᠯ ᠵᠡᠷᠭᠡ ᠦᠢᠯᠡᠴᠢᠯᠡᠭᠡᠨ᠎ᠦ ᠬᠡᠷᠡᠭᠯᠡᠭᠡ ᠵᠢᠨ ᠬᠦᠷᠢᠶᠡᠨ᠎ᠳᠦ ᠰᠠᠭᠤᠭᠠᠯᠢ ᠠᠷᠠᠳ᠎ᠤᠨ ᠬᠡᠷᠡᠭᠯᠡᠭᠡ ᠵᠢᠨ ᠴᠢᠳᠠᠪᠤᠷᠢ᠎ᠶᠢ ᠨᠡᠮᠡᠭᠳᠡᠭᠦᠯᠵᠦ᠂ ᠨᠡᠩ ᠣᠯᠠᠨ ᠭᠡᠷ ᠪᠦᠯᠢ᠎ᠶᠢ ᠢᠲᠡᠭᠡᠮᠵᠢᠲᠦ ᠵᠢᠭᠡᠯᠡᠯᠭᠡ᠎ᠶᠢᠨ ᠳᠡᠮᠵᠢᠯᠭᠡ᠎ᠪᠡᠷ ᠳᠠᠮᠵᠢᠨ ᠬᠡᠷᠡᠭᠯᠡᠭᠡ ᠵᠢᠨ ᠳᠡᠰ ᠳᠡᠪᠰᠢᠬᠦ᠎ᠶᠢ ᠪᠡᠶᠡᠯᠡᠭᠦᠯᠦᠨ᠎ᠡ᠃
ᠠᠷᠠᠳ᠎ᠤᠨ ᠪᠡᠯᠡ ᠣᠷᠣᠭᠤᠯᠤᠯᠲᠠ᠎ᠶᠢ ᠳᠡᠮᠵᠢᠬᠦ ᠲᠠᠯ᠎ᠠ᠎ᠪᠠᠷ᠂ ᠲᠥᠷᠥ᠎ᠶᠢᠨ ᠪᠣᠳᠣᠯᠭ᠎ᠠ᠎ᠵᠢᠨ ᠬᠠᠮ ᠠᠷᠭ᠎ᠠ ᠬᠡᠮᠵᠢᠶ᠎ᠡ ᠠᠪᠴᠤ᠂ ᠣᠯᠠᠨ ᠳᠡᠰ ᠳᠠᠪᠬᠤᠷᠭ᠎ᠠ ᠵᠢᠨ ᠪᠡᠯᠡ ᠲᠣᠬᠢᠷᠠᠭᠤᠯᠭ᠎ᠠ᠎ᠶᠢ ᠳᠡᠮᠵᠢᠬᠦ ᠰᠢᠰᠲᠸᠮ᠎ᠢ ᠪᠠᠢᠭᠣᠯᠣᠨ᠂ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠪᠡᠯᠡ ᠣᠷᠣᠭᠤᠯᠤᠯᠲᠠ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠪᠣᠯᠣᠨ᠎ᠠ᠃ ᠬᠠᠮ ᠠᠷᠭ᠎ᠠ ᠬᠡᠮᠵᠢᠶ᠎ᠡ᠎ᠨᠦᠭᠦᠳ ᠨᠢ ᠠᠷᠠᠳ᠎ᠤᠨ ᠪᠡᠯᠡ ᠣᠷᠣᠭᠤᠯᠤᠯᠲᠠ᠎ᠶᠢ ᠳᠡᠮᠵᠢᠬᠦ᠎ᠶᠢᠨ ᠲᠣᠭᠣᠷᠢᠨ᠎ᠳᠤ ᠰᠢᠰᠲᠧᠮ᠎ᠦᠨ ᠲᠥᠰᠥᠯ ᠳᠤᠷᠠᠳᠴᠠᠢ᠄ ᠳᠤᠮᠳᠠ ᠪᠠᠭ᠎ᠠ ᠵᠢᠵᠢᠭ ᠠᠵᠤ ᠠᠬᠤᠢᠯᠠᠯ᠎ᠤᠨ ᠵᠢᠭᠡᠯᠡᠯᠭᠡ᠎ᠶᠢᠨ ᠬᠦᠦᠮᠦᠩᠬᠦ ᠵᠢ ᠨᠢ ᠣᠷᠣᠯᠠᠨ ᠦᠭᠬᠦ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠠᠷᠠᠳ᠎ᠤᠨ ᠪᠡᠯᠡ ᠣᠷᠣᠭᠤᠯᠤᠯᠲᠠ᠎ᠶᠢᠨ ᠲᠤᠰᠬᠠᠢ ᠪᠠᠳᠤᠯᠠᠭ᠎ᠠ ᠶᠢᠨ ᠲᠥᠯᠥᠪᠯᠡᠭᠡ᠎ᠶᠢ ᠪᠠᠢᠭᠤᠯᠤᠨ᠂ ᠠᠷᠠᠳ᠎ᠦᠨ ᠡᠵᠡᠩᠨᠡᠯᠳᠡ ᠵᠢᠨ ᠠᠵᠤ ᠠᠬᠤᠢᠯᠠᠯ᠎ᠤᠨ ᠵᠢᠭᠡᠯᠡᠯᠭᠡ᠎ᠶᠢᠨ ᠲᠡᠮᠳᠡᠭᠲᠦ᠎ᠶᠢᠨ ᠲᠦᠭᠰᠢᠭᠦᠷᠢ᠎ᠶᠢ ᠬᠤᠪᠢᠶᠠᠨ ᠡᠭᠦᠷᠭᠡᠯᠡᠬᠦ᠎ᠶᠢ ᠳᠡᠮᠵᠢᠬᠦ ᠲᠣᠭᠲᠠᠴᠠ᠎ᠶᠢ ᠪᠠᠢᠭᠤᠯᠵᠤ᠂ ᠲᠥᠬᠦᠭᠡᠷᠦᠮᠵᠢ᠎ᠶᠢ ᠰᠢᠨᠡᠳᠬᠡᠬᠦ ᠵᠢᠭᠡᠯᠡᠯᠭᠡ᠎ᠶᠢᠨ ᠡᠳ᠋᠎ᠦᠨ ᠵᠠᠰᠠᠭ᠎ᠤᠨ ᠬᠦᠦ ᠮᠦᠩᠬᠦ ᠵᠢ ᠨᠢ ᠣᠷᠣᠯᠠᠨ ᠦᠭᠬᠦ ᠲᠦᠷᠦ ᠵᠢᠨ ᠪᠣᠳᠣᠯᠭ᠎ᠠ ᠵᠢ ᠰᠢᠯᠢᠳᠡᠭᠵᠢᠬᠦᠯᠦᠨ ᠬᠡᠷᠡᠭᠵᠢᠬᠦᠯᠦᠨ᠎ᠡ᠃ ᠵᠢᠭᠡᠯᠡᠯᠭᠡ᠎ᠶᠢᠨ ᠬᠦᠦ ᠮᠦᠩᠬᠦ ᠵᠢ ᠨᠢ ᠣᠷᠣᠯᠠᠨ ᠥᠭᠬᠦ ᠲᠥᠷᠥ᠎ᠶᠢᠨ ᠪᠣᠳᠣᠯᠭ᠎ᠠ ᠪᠣᠯ ᠠᠵᠤ ᠠᠬᠤᠢᠯᠠᠯ᠎ᠤᠨ ᠪᠡᠯᠡ ᠲᠣᠬᠢᠷᠠᠭᠤᠯᠬᠤ ᠥᠪᠡᠷ᠎ᠦᠨ ᠥᠷᠲᠡᠭ᠎ᠢ ᠰᠢᠭᠤᠳ ᠪᠠᠭᠤᠷᠠᠭᠤᠯᠬᠤ ᠭᠣᠣᠯ ᠪᠠᠭᠠᠵᠢ ᠪᠣᠯᠣᠨ᠎ᠠ᠃ ᠤᠯᠤᠰ᠎ᠤᠨ ᠠᠵᠤ ᠦᠢᠯᠡᠰ᠎ᠦᠨ ᠲᠥᠷᠥ᠎ᠶᠢᠨ ᠪᠣᠳᠣᠯᠭ᠎ᠠ᠎ᠶᠢᠨ ᠤᠳᠤᠷᠢᠳᠤᠮᠵᠢ᠎ᠳᠤ ᠨᠡᠢᠴᠡᠬᠦ᠂ ᠬᠥᠭᠵᠢᠯᠲᠡ᠎ᠶᠢᠨ ᠰᠠᠢᠨ ᠰᠠᠢᠬᠠᠨ ᠢᠷᠡᠭᠡᠳᠦᠢ᠎ᠲᠠᠢ ᠳᠤᠮᠳᠠ ᠪᠠᠭ᠎ᠠ ᠵᠢᠵᠢᠭ ᠠᠵᠤ ᠠᠬᠤᠢᠯᠠᠯ ᠵᠢᠴᠢ ᠲᠥᠬᠦᠭᠡᠷᠦᠮᠵᠢ᠎ᠪᠡᠨ ᠰᠢᠨᠡᠳᠬᠡᠬᠦ ᠂ ᠮᠡᠷᠭᠡᠵᠢᠯ᠎ᠢᠶᠡᠨ ᠥᠭᠡᠷᠡᠴᠢᠯᠡᠬᠦ ᠂ ᠲᠣᠭᠠᠴᠢᠯᠠᠭᠰᠠᠨ ᠲᠡᠢᠰᠢ ᠬᠡᠯᠪᠡᠷᠢ᠎ᠪᠡᠨ ᠬᠤᠪᠢᠷᠠᠭᠤᠯᠬᠤ ᠠᠵᠢᠯ᠎ᠢ ᠬᠢᠵᠦ ᠪᠠᠢᠭ᠎ᠠ ᠠᠵᠤ ᠠᠬᠤᠢᠯᠠᠯ᠎ᠤᠨ ᠵᠢᠭᠡᠯᠡᠯᠭᠡ᠎ᠶᠢᠨ ᠬᠡᠰᠡᠭ ᠬᠦᠦ ᠮᠥᠩᠭᠥ᠎ᠶᠢ ᠡᠳ᠋᠎ᠦᠨ ᠵᠠᠰᠠᠭ᠎ᠤᠨ ᠪᠡᠯᠡ ᠮᠥᠩᠭᠥ᠎ᠪᠡᠷ ᠨᠥᠬᠥᠪᠦᠷᠢᠯᠡᠨ᠎ᠡ; ᠠᠷᠠᠳ᠎ᠤᠨ ᠪᠡᠯᠡ ᠣᠷᠣᠭᠤᠯᠤᠯᠲᠠ᠎ᠶᠢᠨ ᠲᠤᠰᠬᠠᠢ ᠵᠦᠢᠯ᠎ᠦᠨ ᠪᠠᠳᠤᠯᠠᠭ᠎ᠠ ᠶᠢᠨ ᠲᠥᠯᠥᠪᠯᠡᠭᠡ᠎ᠶᠢ ᠲᠣᠭᠲᠠᠭᠠᠭᠰᠠᠨ ᠨᠢ᠂ ᠠᠷᠠᠳ᠎ᠦᠨ ᠡᠵᠡᠩᠨᠡᠯᠳᠡ ᠵᠢᠨ ᠠᠵᠤ ᠠᠬᠤᠢᠯᠠᠯ᠎ᠤᠨ ᠬᠢᠷᠢ ᠲᠡᠩᠴᠡᠭᠰᠡᠨ ᠪᠠᠳᠤᠯᠠᠭ᠎ᠠ᠎ᠶᠢᠨ ᠡᠳ᠋ ᠳᠤᠲᠠᠭᠳᠠᠵᠤ ᠪᠠᠢᠭ᠎ᠠ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠡᠳ᠋ ᠦᠨ ᠵᠠᠰᠠᠭ᠎ᠤᠨ ᠪᠡᠯᠡ ᠮᠥᠩᠭᠥ᠎ᠪᠡᠷ ᠳᠠᠮᠵᠢᠨ ᠪᠠᠳᠤᠯᠠᠭ᠎ᠠ᠎ᠶᠢᠨ ᠰᠠᠭᠤᠷᠢ ᠮᠥᠩᠭᠥ ᠪᠠᠢᠭᠤᠯᠵᠤ᠂ ᠨᠥᠬᠥᠴᠡᠯ᠎ᠳᠦ ᠨᠡᠢᠴᠡᠬᠦ ᠠᠷᠠᠳ᠎ᠤᠨ ᠪᠡᠯᠡ ᠣᠷᠣᠭᠤᠯᠤᠯᠲᠠ᠎ᠶᠢᠨ ᠲᠥᠷᠥᠯ ᠵᠦᠢᠯ᠎ᠦᠨ ᠢᠲᠡᠭᠡᠮᠵᠢ᠎ᠶᠢᠨ ᠳᠡᠰ᠎ᠢ ᠨᠡᠮᠡᠭᠳᠡᠬᠦᠯᠵᠦ᠂ ᠵᠠᠬ᠎ᠠ ᠳᠡᠯᠭᠡᠭᠦᠷ᠎ᠲᠠᠢ᠂ ᠮᠡᠷᠭᠡᠵᠢᠯ᠎ᠲᠠᠢ ᠪᠣᠯᠪᠠᠴᠤ ᠡᠳ᠋ ᠬᠥᠷᠥᠩᠭᠡ᠎ᠶᠢᠨ ᠬᠡᠪᠴᠢᠶ᠎ᠡ᠎ᠪᠡᠷ ᠨᠡᠯᠢᠶᠡᠳ ᠪᠠᠭ᠎ᠠ ᠠᠵᠤ ᠠᠬᠤᠢᠯᠠᠯ᠎ᠳᠤ ᠪᠠᠰᠠ ᠴᠢᠬᠤᠯᠠ ᠪᠦᠬᠦᠢ ᠮᠥᠩᠭᠥᠨ ᠭᠦᠢᠯᠭᠡᠭᠡᠨ᠎ᠦ ᠳᠡᠮᠵᠢᠯᠭᠡ ᠣᠯᠭᠣᠬᠤ ᠪᠣᠯᠣᠨ᠎ᠠ; ᠠᠷᠠᠳ᠎ᠦᠨ ᠡᠵᠡᠩᠨᠡᠯᠳᠡ ᠵᠢᠨ ᠠᠵᠤ ᠠᠬᠤᠢᠯᠠᠯ᠎ᠤᠨ ᠵᠢᠭᠡᠯᠡᠯᠭᠡ᠎ᠶᠢᠨ ᠲᠡᠮᠳᠡᠭᠲᠦ᠎ᠶᠢᠨ ᠲᠦᠭᠰᠢᠭᠦᠷᠢ᠎ᠶᠢ ᠬᠤᠪᠢᠶᠠᠨ ᠡᠭᠦᠷᠭᠡᠯᠡᠬᠦ ᠲᠣᠭᠲᠠᠴᠠ ᠪᠣᠯ ᠠᠵᠤ ᠠᠬᠤᠢᠯᠠᠯ᠎ᠤᠨ ᠰᠢᠭᠤᠳ ᠪᠡᠯᠡ ᠲᠣᠬᠢᠷᠠᠭᠤᠯᠬᠤ ᠠᠷᠭ᠎ᠠ ᠵᠠᠮ᠎ᠢ ᠥᠷᠭᠡᠳᠬᠡᠬᠦ ᠰᠢᠨ᠎ᠡ᠎ᠶᠢ ᠡᠭᠦᠳᠬᠦ ᠲᠤᠷᠰᠢᠯᠲᠠ ᠮᠥᠨ᠂ ᠲᠦᠭᠰᠢᠭᠦᠷᠢ᠎ᠶᠢ ᠬᠤᠪᠢᠶᠠᠨ ᠡᠭᠦᠷᠭᠡᠯᠡᠬᠦ ᠲᠣᠭᠲᠠᠴᠠ ᠨᠢ ᠵᠠᠰᠠᠭ᠎ᠤᠨ ᠣᠷᠳᠣᠨ᠎ᠤ ᠢᠲᠡᠭᠡᠮᠵᠢ᠎ᠶᠢᠨ ᠳᠡᠮᠵᠢᠯᠭᠡ᠎ᠶᠢ ᠣᠷᠣᠭᠤᠯᠬᠤ᠎ᠪᠠᠷ ᠳᠠᠮᠵᠢᠨ᠂ ᠠᠷᠠᠳ᠎ᠦᠨ ᠡᠵᠡᠩᠨᠡᠯᠳᠡ ᠵᠢᠨ ᠠᠵᠤ ᠠᠬᠤᠢᠯᠠᠯ᠎ᠤᠨ ᠵᠢᠭᠡᠯᠡᠯᠭᠡ᠎ᠶᠢᠨ ᠲᠡᠮᠳᠡᠭᠲᠦ᠎ᠶᠢᠨ ᠵᠠᠬ᠎ᠠ ᠳᠡᠯᠭᠡᠭᠦᠷ᠎ᠦᠨ ᠭᠥᠯᠢᠶᠡᠨ ᠠᠪᠬᠤ ᠬᠡᠮᠵᠢᠶ᠎ᠡ᠎ᠶᠢ ᠳᠡᠭᠡᠭᠰᠢᠯᠡᠭᠦᠯᠵᠦ᠂ ᠪᠡᠯᠡ ᠲᠣᠬᠢᠷᠠᠭᠤᠯᠬᠤ ᠥᠪᠡᠷ᠎ᠦᠨ ᠥᠷᠲᠡᠭ᠎ᠢ ᠪᠠᠭᠤᠷᠠᠭᠤᠯᠬᠤ ᠪᠣᠯᠣᠨ᠎ᠠ᠃
ᠲᠣᠰ ᠤᠳᠠᠭ᠎ᠠ ᠵᠢᠨᠬᠠᠮ ᠲᠥᠷᠥ᠎ᠶᠢᠨ ᠪᠣᠳᠣᠯᠭ᠎ᠠ᠎ᠶᠢᠨ ᠬᠠᠮᠤᠭ᠎ᠤᠨ ᠲᠣᠪᠣᠢᠮ᠎ᠠ ᠣᠨᠴᠠᠯᠢᠭ᠋ ᠪᠣᠯ ᠲᠡᠭᠦᠨ᠎ᠦ ᠬᠠᠮᠵᠢᠯᠴᠠᠬᠤ ᠴᠢᠨᠠᠷ ᠪᠣᠯᠣᠨ᠎ᠠ᠂ ᠡᠨᠡ ᠨᠢ ᠡᠳ᠋᠎ᠦᠨ ᠵᠠᠰᠠᠭ ᠪᠣᠯᠣᠨ ᠮᠥᠩᠭᠥᠨ ᠭᠦᠢᠯᠭᠡᠭᠡᠨ᠎ᠦ ᠪᠠᠭᠠᠵᠢ᠎ᠶᠢᠨ ᠬᠠᠮᠵᠢᠯᠴᠠᠭ᠎ᠠ ᠳᠡᠭᠡᠷ᠎ᠡ ᠢᠯᠡᠷᠡᠵᠦ ᠪᠠᠢᠬᠤ᠎ᠪᠠᠷ ᠪᠠᠷᠠᠬᠤ ᠦᠭᠡᠢ᠂ ᠪᠠᠰᠠ ᠬᠡᠷᠡᠭᠯᠡᠭᠡ᠎ᠵᠢᠨ ᠲᠠᠯ᠎ᠠ ᠪᠣᠯᠣᠨ ᠪᠡᠯᠡ ᠣᠷᠣᠭᠤᠯᠤᠯᠲᠠ᠎ᠶᠢᠨ ᠲᠠᠯ᠎ᠠ᠎ᠶᠢᠨ ᠬᠣᠯᠪᠣᠯᠳᠤᠨ ᠬᠥᠳᠡᠯᠦᠯᠴᠡᠬᠦ ᠳᠡᠭᠡᠷ᠎ᠡ ᠢᠯᠡᠷᠡᠵᠦ᠂ ᠬᠠᠷᠢᠯᠴᠠᠨ ᠠᠬᠢᠭᠤᠯᠤᠬᠰᠠᠨ᠂ ᠬᠠᠷᠢᠯᠴᠠᠨ ᠡᠷᠴᠢᠮᠵᠢᠭᠰᠡᠨ ᠨᠢᠭᠡᠨ ᠣᠷᠭᠠᠨᠢᠭ᠋ ᠬᠠᠮᠲᠤᠷᠠᠯᠢ ᠪᠣᠶ ᠪᠣᠯᠭᠠᠵᠠᠢ᠃ ᠨᠢᠭᠡ᠎ᠳᠦ᠂ ᠡᠳ᠋᠎ᠦᠨ ᠵᠠᠰᠠᠭ᠎ᠤᠨ ᠲᠦᠷᠦ᠎ᠶᠢᠨ ᠪᠣᠳᠣᠯᠭ᠎ᠠ ᠪᠣᠯᠣᠨ ᠮᠥᠩᠭᠥᠨ ᠭᠦᠢᠯᠭᠡᠭᠡᠨ᠎ᠦ ᠲᠦᠷᠦ᠎ᠶᠢᠨ ᠪᠣᠳᠣᠯᠭ᠎ᠠ᠎ᠶᠢᠨ ᠬᠠᠮᠵᠢᠯᠴᠠᠨ ᠬᠣᠯᠪᠣᠯᠳᠤᠨ ᠬᠥᠳᠡᠯᠦᠯᠴᠡᠬᠦ᠎ᠶᠢ ᠴᠢᠩᠭᠠᠳᠬᠠᠵᠤ᠂ ᠬᠣᠶᠠᠭᠤᠯᠠ᠎ᠵᠢᠨ ᠬᠠᠮᠵᠢᠯᠴᠠᠨ ᠬᠦᠴᠦᠯᠡᠬᠦ᠎ᠶᠢ ᠲᠣᠳᠣᠷᠬᠠᠢ ᠱᠠᠭᠠᠷᠳᠠᠵᠤ᠂ ᠬᠣᠷᠸ᠎ᠠ ᠲᠣᠬᠢᠷᠠᠭᠤᠯᠭ᠎ᠠ ᠡᠵᠡᠮᠳᠡᠯ᠎ᠦᠨ ᠰᠡᠳᠬᠢᠴᠡ ᠲᠤᠰ ᠲᠤᠰ᠎ᠲᠠᠭᠠᠨ ᠲᠤᠭ ᠪᠣᠰᠬᠠᠵᠤ ᠪᠠᠢᠭᠰᠠᠨ᠎ᠠᠴᠠ᠎ᠪᠠᠨ ᠰᠢᠰᠲᠧᠮ᠎ᠵᠢᠨ ᠴᠤᠭᠯᠠᠷᠠᠭᠰᠠᠨ ᠭᠦᠨᠵᠡᠭᠡᠢ ᠬᠤᠪᠢᠷᠠᠯᠲᠠ᠎ᠶᠢ ᠲᠤᠰᠬᠠᠪᠠ᠃ ᠬᠡᠷᠡᠭᠵᠢᠭᠦᠯᠬᠦ ᠳᠠᠪᠬᠤᠷᠭ᠎ᠠ᠎ᠳᠤ᠂ ᠨᠠᠩ ᠣᠯᠠᠨ ᠳᠥᠭᠥᠮᠴᠢᠯᠡᠭᠰᠡᠨ ᠠᠷᠭ᠎ᠠ ᠬᠡᠮᠵᠢᠶ᠎ᠡ ᠠᠪᠴᠤ᠂ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠦᠨᠡᠨ ᠬᠦ᠌ ᠠᠬᠢᠭᠤᠯᠵᠤ᠂ ᠣᠯᠠᠨ ᠲᠦᠮᠡᠨ ᠪᠠ ᠠᠵᠤ ᠠᠬᠤᠢᠯᠠᠯ᠎ᠤᠨ ᠬᠦᠷᠲᠡᠮᠵᠢ᠎ᠶᠢᠨ ᠲᠥᠷᠥᠭᠳᠡᠯ᠎ᠢ ᠨᠡᠮᠡᠭᠳᠡᠭᠦᠯᠦᠨ᠎ᠡ᠃ ᠡᠨᠡ ᠨᠢ ᠲᠥᠷᠥ᠎ᠶᠢᠨ ᠪᠣᠳᠣᠯᠭ᠎ᠠ᠎ᠶᠢᠨ ᠵᠢᠷᠤᠭ ᠲᠥᠯᠥᠪᠯᠡᠭᠡ ᠨᠢ ᠬᠣᠷᠸ᠎ᠠ ᠦᠷ᠎ᠡ ᠪᠦᠲᠦᠮᠵᠢ᠎ᠶᠢ ᠠᠩᠬᠠᠷᠬᠤ᠎ᠪᠠᠷ ᠪᠠᠷᠠᠬᠤ ᠦᠭᠡᠢ᠂ ᠨᠠᠩ ᠴᠤ᠌ ᠬᠤᠮᠠᠬᠢ ᠲᠠᠯ᠎ᠠ ᠵᠢᠨ ᠪᠡᠶᠡᠴᠢ ᠣᠢᠯᠠᠭᠠᠯᠲᠠ᠎ᠶᠢ ᠴᠢᠬᠤᠯᠠᠴᠢᠯᠠᠬᠤ ᠬᠡᠷᠡᠭᠲᠡᠢ ᠭᠡᠳᠡᠭ᠎ᠢ ᠬᠠᠷᠠᠭᠤᠯᠵᠤ ᠪᠠᠢᠨ᠎ᠠ᠃ ᠠᠯᠢ ᠣᠯᠠᠨ ᠲᠥᠷᠥ᠎ᠶᠢᠨ ᠪᠣᠳᠣᠯᠭ᠎ᠠ ᠨᠢ ᠲᠡᠰ ᠲᠠᠷᠠᠭᠠᠯᠠᠯ᠎ᠢ ᠳᠥᠭᠥᠮᠴᠢᠯᠡᠬᠦ ᠂ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠢᠵᠢ ᠪᠦᠷᠢᠳᠦᠭᠰᠡᠨ ᠲᠥᠰᠥᠯᠦᠳᠢ ᠳᠠᠭᠠᠯᠳᠤᠭᠤᠯᠤᠨ᠎ᠠ᠂ ᠵᠢᠱ᠌ᠢᠶᠡᠯᠡᠪᠡᠯ ᠰᠦᠯᠵᠢᠶᠡᠨ ᠳᠡᠭᠡᠷ᠎ᠡ ᠨᠢᠭᠡᠳᠦᠯᠲᠡᠢ ᠲᠥᠷᠥ᠎ᠶᠢᠨ ᠪᠣᠳᠣᠯᠭ᠎ᠠ ᠮᠡᠳᠡᠭᠦᠯᠬᠦ ᠲᠠᠪᠴᠠᠩ ᠪᠠᠶ᠋ᠢᠭᠤᠯᠬᠤ᠂ ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠬᠦ᠎ᠶᠢ ᠠᠬᠢᠭᠤᠯᠵᠤ ᠪᠠᠢᠭᠠᠳ ᠳᠠᠪᠬᠤᠷᠳᠠᠭᠤᠯᠤᠭᠰᠠᠨ ᠮᠠᠲᠧᠷᠢᠶᠠᠯ ᠮᠡᠳᠡᠭᠦᠯᠬᠦ ᠵᠡᠷᠭᠡ᠎ᠶᠢ ᠪᠠᠭᠠᠰᠬᠠᠵᠤ᠂ ᠲᠡᠰ ᠲᠠᠷᠠᠭᠠᠯᠠᠯ᠎ᠢ ᠳᠥᠭᠥᠮᠴᠢᠯᠡᠬᠦ᠂ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠪᠡᠷ ᠳᠠᠮᠵᠢᠨ᠂ ᠲᠥᠷᠥ᠎ᠶᠢᠨ ᠪᠣᠳᠣᠯᠭ᠎ᠠ᠎ᠶᠢᠨ ᠠᠰᠢᠭ᠋᠎ᠢ ᠵᠠᠬ᠎ᠠ ᠳᠡᠯᠭᠡᠭᠦᠷ᠎ᠦᠨ ᠪᠡᠶᠡᠴᠢ ᠴᠣᠭᠴᠠ ᠪᠠ ᠬᠡᠷᠡᠭᠯᠡᠭᠴᠢᠳ᠎ᠲᠦ ᠨᠠᠩ ᠲᠦᠷᠭᠡᠨ ᠬᠦᠷᠭᠡᠬᠦ ᠪᠣᠯᠣᠨ᠎ᠠ᠃ ᠬᠣᠶᠠᠷ᠎ᠲᠤ᠂ ᠪᠥᠬᠥ ᠬᠡᠯᠬᠢᠶᠡᠨ᠎ᠦ ᠬᠠᠮᠢᠶᠠᠷᠤᠯᠲᠠ ᠪᠠ ᠪᠡᠯᠡ ᠮᠥᠩᠭᠥ᠎ᠶᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ᠎ᠪᠡᠷ ᠬᠡᠷᠡᠭᠯᠡᠬᠦ᠎ᠶᠢ ᠵᠢᠭ᠍ᠰᠠᠭᠠᠬᠤ᠎ᠪᠠᠷ ᠭᠣᠣᠯᠳᠠᠯᠭ᠎ᠠ ᠪᠣᠯᠭᠠᠵᠤ᠂ ᠲᠥᠷᠥ᠎ᠶᠢᠨ ᠪᠣᠳᠣᠯᠭ᠎ᠠ᠎ᠶᠢᠨ ᠬᠡᠷᠡᠭᠵᠢᠭᠦᠯᠦᠯᠲᠡ᠎ᠶᠢᠨ ᠠᠬᠢᠴᠠ᠎ᠶᠢ ᠨᠢᠭ᠍ᠲᠠ ᠮᠥᠷᠳᠡᠵᠦ᠂ ᠪᠥᠬᠥ ᠬᠡᠯᠬᠢᠶᠡᠨ᠎ᠦ ᠬᠠᠮᠢᠶᠠᠷᠤᠯᠲᠠ᠎ᠶᠢ ᠴᠢᠩᠭᠠᠳᠬᠠᠨ᠂ ᠪᠡᠯᠡ ᠮᠥᠩᠭᠥ᠎ᠶᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ᠎ᠪᠡᠷ ᠬᠡᠷᠡᠭᠯᠡᠬᠦ᠎ᠶᠢ ᠦᠨᠡᠨ ᠬᠦ᠌ ᠪᠠᠲᠤᠯᠠᠵᠤ᠂ ᠲᠥᠷᠥ᠎ᠶᠢᠨ ᠪᠣᠳᠣᠯᠭ᠎ᠠ᠎ᠶᠢᠨ ᠬᠡᠷᠡᠭᠵᠢᠭᠦᠯᠦᠯᠲᠡ᠎ᠳᠦ ᠬᠢᠨᠠᠨ ᠬᠡᠮᠵᠢᠵᠦ ᠦᠨᠡᠯᠡᠨ ᠵᠢᠱ᠌ᠢᠬᠦ ᠪᠦᠷᠢᠨ ᠲᠡᠭᠦᠯᠳᠡᠷ ᠲᠣᠭᠲᠠᠴᠠ᠎ᠶᠢ ᠪᠠᠢᠭᠤᠯᠤᠨ᠂ ᠲᠥᠰᠥᠪ᠎ᠦᠨ ᠲᠣᠬᠢᠷᠠᠭᠤᠯᠤᠯᠲᠠ᠂ ᠬᠢᠷᠢ ᠬᠡᠮ᠎ᠢ ᠬᠢᠨᠠᠨ ᠬᠠᠷᠭᠤᠭᠤᠯᠬᠤ᠂ ᠪᠡᠯᠡ ᠮᠥᠩᠭᠥ ᠰᠠᠯᠭᠠᠨ ᠥᠭᠬᠦ᠎ᠡᠴᠡ ᠰᠡᠭᠦᠯᠴᠢ᠎ᠶᠢᠨ ᠬᠤᠭᠤᠴᠠᠭᠠᠨ᠎ᠤ ᠠᠮᠵᠢᠯᠲᠠ ᠪᠦᠲᠦᠮᠵᠢ᠎ᠶᠢ ᠦᠨᠡᠯᠡᠨ ᠵᠢᠱ᠌ᠢᠬᠦ ᠬᠦᠷᠲᠡᠯ᠎ᠡ᠂ ᠪᠥᠬᠥ ᠬᠡᠯᠬᠢᠶᠡᠨ᠎ᠦ ᠬᠥᠳᠡᠯᠦᠩᠭᠦᠢ ᠬᠢᠨᠠᠨ ᠬᠡᠮᠵᠢᠯᠲᠡ᠎ᠪᠡᠷ ᠳᠠᠮᠵᠢᠨ᠂ ᠪᠡᠯᠡ ᠮᠥᠩᠭᠥ ᠳᠠᠷᠤᠭᠳᠠᠬᠤ ᠪᠠ ᠳᠤᠷ᠎ᠠ᠎ᠪᠠᠷ᠎ᠢᠶᠠᠨ ᠬᠡᠷᠡᠭᠯᠡᠬᠦ᠎ᠡᠴᠡ ᠵᠠᠢᠯᠠᠰᠬᠢᠵᠦ᠂ ᠠᠰᠢᠭ᠋ ᠬᠣᠨᠵᠢᠬᠤ ᠦᠶ᠋ᠯᠡ ᠠᠵᠢᠯᠯᠠᠭ᠎ᠠ᠎ᠶᠢ ᠴᠢᠩᠭ᠎ᠠ ᠰᠡᠷᠭᠡᠢᠯᠡᠨ᠂ ᠨᠢᠭᠡ ᠮᠥᠩᠭᠥ᠎ᠶᠢ ᠴᠦ᠍ ᠠᠯᠳᠠᠯ ᠦᠭᠡᠢ ᠬᠡᠷᠡᠭᠯᠡᠬᠦ᠎ᠶᠢ ᠦᠨᠡᠨ ᠬᠦ᠌ ᠪᠠᠲᠤᠯᠠᠨ᠎ᠠ᠃ ᠭᠤᠷᠪᠠ᠎ᠳᠤ᠂ ᠠᠳᠠᠯᠢ ᠪᠤᠰᠤ ᠣᠷᠣᠨ ᠪᠦᠰᠡ᠎ᠶᠢᠨ ᠬᠥᠭᠵᠢᠯᠲᠡ᠎ᠶᠢᠨ ᠵᠥᠷᠢᠶ᠎ᠡ᠎ᠳᠦ ᠴᠢᠭᠯᠡᠭᠦᠯᠦᠨ᠂ ᠰᠢᠨᠵᠢᠯᠡᠬᠦ ᠤᠬᠠᠭᠠᠨᠴᠢ ᠡᠮᠬᠢ ᠵᠢᠷᠤᠮ᠎ᠲᠠᠢ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠠᠬᠢᠭᠤᠯᠬᠤ᠎ᠶᠢ ᠴᠢᠬᠤᠯᠠᠴᠢᠯᠠᠵᠤ᠂ ᠲᠥᠪ᠎ᠡᠴᠡ ᠬᠠᠩᠭᠠᠭᠰᠠᠨ ᠨᠢ ᠲᠦᠷᠦ᠎ᠶᠢᠨ ᠪᠣᠳᠣᠯᠭ᠎ᠠ᠎ᠶᠢᠨ ᠪᠠᠭᠠᠵᠢ ᠪᠠ ᠦᠨᠳᠦᠰᠦᠨ ᠵᠠᠷᠴᠢᠮ ᠪᠣᠯᠣᠨ᠎ᠠ᠂ ᠡᠯ᠎ᠡ ᠭᠠᠵᠠᠷ᠎ᠤᠨ ᠬᠢᠨ ᠲᠤᠰ ᠭᠠᠵᠠᠷ᠎ᠤᠨ ᠠᠵᠤ ᠦᠢᠯᠡᠰ᠎ᠦᠨ ᠪᠦᠲᠦᠴᠡ᠂ ᠬᠥᠮᠥᠨ ᠠᠮᠠ᠎ᠶᠢᠨ ᠣᠨᠴᠠᠯᠢᠭ᠋ ᠪᠠ ᠬᠥᠭᠵᠢᠯᠲᠡ᠎ᠶᠢᠨ ᠱᠠᠲᠤ ᠦᠶ᠎ᠡ᠎ᠲᠠᠢ ᠤᠶᠠᠯᠳᠤᠭᠤᠯᠤᠨ᠂ ᠬᠠᠮᠤᠭ᠎ᠤᠨ ᠪᠦᠲᠦᠮᠵᠢᠲᠡᠢ ᠨᠠᠢᠳᠠᠪᠤᠷᠢᠵᠢᠭᠤᠯᠬᠤ ᠵᠠᠭᠪᠤᠷ᠎ᠢ ᠬᠠᠢᠨ ᠰᠦᠪᠡᠭᠴᠢᠯᠡᠵᠦ᠂ 《ᠡᠭᠡᠭᠡ ᠠᠳᠠᠯᠢ ᠪᠠᠢᠯᠭᠠᠬᠤ》 ᠡᠴᠡ ᠵᠠᠢᠯᠠᠰᠬᠢᠵᠦ᠂ ᠲᠦᠷᠦ᠎ᠶᠢᠨ ᠪᠣᠳᠣᠯᠭ᠎ᠠ᠎ᠶᠢᠨ ᠲᠤᠬᠠᠢ᠎ᠶᠢᠨ ᠭᠠᠵᠠᠷ᠎ᠤᠨ ᠪᠣᠳᠠᠲᠤ ᠪᠠᠢᠳᠠᠯ᠎ᠲᠠᠢ ᠵᠣᠬᠢᠴᠠᠬᠤ᠎ᠶᠢ ᠦᠨᠡᠨ ᠬᠦ᠌ ᠪᠠᠲᠤᠯᠠᠵᠤ᠂ ᠲᠦᠷᠦ᠎ᠶᠢᠨ ᠪᠣᠳᠣᠯᠭ᠎ᠠ᠎ᠶᠢᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃
ᠡᠳ᠋᠎ᠦᠨ ᠵᠠᠰᠠᠭ ᠪᠡ ᠮᠥᠩᠭᠥᠨ ᠭᠦᠢᠯᠭᠡᠭᠡᠨ᠎ᠦ ᠲᠦᠷᠦ ᠵᠢᠨ ᠪᠣᠳᠣᠯᠭ᠎ᠠ ᠵᠢ ᠬᠠᠮᠵᠢᠯᠴᠠᠭᠤᠯᠤᠨ ᠳᠣᠲᠣᠭᠠᠳᠤ ᠬᠡᠷᠡᠭᠴᠡᠭᠡ᠎ᠶᠢ ᠠᠬᠢᠭᠤᠯᠬᠤ ᠬᠠᠮ ᠲᠦᠷᠦ᠎ᠶᠢᠨ ᠪᠣᠳᠣᠯᠭ᠎ᠠ ᠪᠣᠯ 2025 ᠣᠨ᠎ᠤ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠬᠣᠷᠸ᠎ᠠ ᠠᠵᠤ ᠠᠬᠤᠢ᠎ᠶᠢᠨ ᠵᠠᠰᠠᠯᠲᠠ᠎ᠶᠢ ᠲᠡᠭᠦᠯᠳᠡᠷᠵᠢᠭᠦᠯᠬᠦ᠂ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ ᠥᠷᠢᠰᠦᠯᠳᠦᠭᠡᠨ᠎ᠢ ᠠᠷᠭᠠᠴᠠᠭᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠬᠠᠮ ᠲᠥᠷᠥ᠎ᠶᠢᠨ ᠪᠣᠳᠣᠯᠭ᠎ᠠ᠎ᠳᠤ 《ᠬᠠᠳᠠᠭᠠᠯᠠᠯᠲᠠ᠎ᠶᠢᠨ ᠲᠥᠷᠥ᠎ᠶᠢᠨ ᠪᠣᠳᠣᠯᠭ᠎ᠠ ᠪᠠ ᠨᠡᠮᠡᠭᠳᠡᠯ᠎ᠦᠨ ᠲᠥᠷᠥ᠎ᠶᠢᠨ ᠪᠣᠳᠣᠯᠭ᠎ᠠ᠎ᠶᠢᠨ ᠬᠤᠷᠠᠮᠠᠯ ᠦᠢᠯᠡᠳᠦᠯ᠎ᠢ ᠪᠠᠳᠠᠷᠠᠭᠤᠯᠬᠤ》 ᠱᠠᠭᠠᠷᠳᠠᠯᠭ᠎ᠠ᠎ᠶᠢ ᠢᠯᠡᠷᠡᠭᠦᠯᠵᠦ᠂ ᠡᠳ᠋᠎ᠦᠨ ᠵᠠᠰᠠᠭ᠎ᠤᠨ ᠪᠠᠭᠠᠵᠢ ᠪᠠ ᠮᠥᠩᠭᠥᠨ ᠭᠦᠢᠯᠭᠡᠭᠡᠨ᠎ᠦ ᠪᠠᠭᠠᠵᠢ᠎ᠶᠢᠨ ᠬᠠᠮᠵᠢᠯᠴᠠᠬᠤ ᠦᠢᠯᠡᠳᠦᠯ᠂ ᠣᠬᠣᠷ ᠬᠤᠭᠤᠴᠠᠭᠠᠨ᠎ᠤ ᠲᠣᠭᠲᠠᠭᠤᠨ ᠨᠡᠮᠡᠭᠳᠡᠯ ᠪᠠ ᠣᠷᠳᠣ᠌ ᠬᠤᠭᠤᠴᠠᠭᠠᠨ᠎ᠤ ᠪᠦᠲᠦᠴᠡ᠎ᠶᠢᠨ ᠲᠣᠬᠢᠷᠠᠭᠤᠯᠤᠯᠲᠠ᠎ᠶᠢᠨ ᠣᠷᠭᠠᠨᠢᠭ᠋ ᠤᠶᠠᠯᠳᠤᠯ᠎ᠢ ᠪᠡᠶᠡᠯᠡᠭᠦᠯᠪᠡ᠃ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠲᠦᠷᠭᠡᠨ ᠨᠠᠢᠳᠠᠪᠤᠷᠢᠵᠢᠭᠤᠯᠬᠤ ᠨᠢ ᠣᠳᠣᠬᠠᠨ᠎ᠤ ᠠᠵᠤ ᠠᠬᠤᠢ᠎ᠶᠢᠨ ᠲᠣᠭᠲᠠᠭᠤᠨ ᠠᠵᠢᠯᠯᠠᠭᠠᠨ᠎ᠳᠤ ᠪᠠᠲᠤ ᠪᠡᠬᠢ ᠲᠦᠰᠢᠭ ᠲᠤᠯᠭᠠᠭᠤᠷᠢ ᠬᠠᠩᠭᠠᠵᠤ᠂ ᠠᠵᠤ ᠠᠬᠤᠢ᠎ᠶᠢᠨ ᠶᠠᠰᠤ ᠴᠢᠨᠠᠷ᠎ᠤᠨ ᠪᠦᠲᠦᠮᠵᠢᠲᠡᠢ ᠳᠡᠭᠡᠭᠰᠢᠯᠡᠯᠲᠡ ᠪᠠ ᠬᠡᠮᠵᠢᠶᠡᠨ᠎ᠤ ᠵᠦᠢ ᠵᠣᠬᠢᠰᠲᠠᠢ ᠨᠡᠮᠡᠭᠳᠡᠯ᠎ᠦᠨ ᠳᠤᠮᠳᠠ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠰᠠᠢᠨ ᠡᠬᠢᠯᠡᠯᠲᠡ᠎ᠶᠢ ᠪᠡᠶᠡᠯᠡᠭᠦᠯᠬᠦ᠎ᠶᠢ ᠦᠨᠡᠨ ᠬᠦ᠌ ᠪᠠᠲᠤᠯᠠᠬᠤ ᠪᠣᠯᠣᠨ᠎ᠠ᠃
(ᠵᠣᠬᠢᠶᠠᠭ᠍ᠴᠢ᠄ ᠲᠥᠪ᠎ᠦᠨ ᠨᠠᠮ᠎ᠤᠨ ᠰᠤᠷᠭᠠᠭᠤᠯᠢ ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ ᠵᠢᠨ ᠠᠵᠤ ᠠᠬᠤᠢ᠎ᠶᠢᠨ ᠬᠡᠯᠲᠡᠰ᠎ᠦᠨ ᠫᠷᠤᠹᠸᠰᠰᠤᠷ)
— 《ᠭᠤᠸᠠᠩᠮᠢᠩ ᠡᠳᠦᠷ᠎ᠦᠨ ᠰᠤᠨᠢᠨ》 ᠡᠴᠡ