ᠰᠢᠨ᠎ᠡ᠎ᠶᠢ ᠡᠭᠦᠳᠬᠦ᠎ᠶᠢ ᠵᠣᠷᠢᠭ᠍ᠵᠢᠭᠤᠯᠬᠤ ᠬᠠᠤᠯᠢ ᠪᠡᠷ ᠵᠠᠰᠠᠬᠰᠠᠨ ᠣᠷᠴᠢᠨ ᠲᠣᠭᠣᠷᠢᠨ᠎ᠢ ᠪᠤᠢ ᠪᠣᠯᠭᠠᠶ᠎ᠡ
2026-01-26 11:14:10
ᠵᠣᠬᠢᠶᠠᠭ᠍ᠴᠢ᠄
ᠯᠢᠦ ᠵᠢᠶᠠᠨ ᠰᠢᠩ
ᠣᠩᠱᠢᠭ᠍ᠰᠠᠨ ᠣᠳᠠᠭ᠎ᠠ᠄
★★★☆☆

ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠎ᠤ ᠣᠢᠷ᠎ᠠ᠎ᠳᠤ ᠨᠡᠢᠲᠡᠯᠡᠭᠰᠡᠨ 2025 ᠣᠨ᠎ᠤ ᠢᠷᠡᠭᠡᠳᠦᠢ᠎ᠶᠢᠨ ᠠᠵᠤ ᠦᠢᠯᠡᠰ᠎ᠦᠨ ᠰᠢᠨ᠎ᠡ᠎ᠶᠢ ᠡᠭᠦᠳᠬᠦ ᠡᠭᠦᠷᠭᠡ ᠪᠠᠨ ᠪᠡᠶᠡᠯᠡᠬᠦᠯᠦᠭᠰᠡᠨ ᠦᠷ᠎ᠡ ᠳ᠋ᠦᠩ᠎ᠡᠴᠡ ᠦᠵᠡᠪᠡᠯ᠂ ᠮᠠᠨ᠎ᠤ ᠤᠯᠤᠰ᠎ᠤᠨ ᠮᠠᠰᠢᠨ ᠬᠥᠮᠥᠨ᠂ ᠲᠠᠷᠢᠬᠢ ᠪᠡ ᠮᠠᠰᠢᠨ᠎ᠢ ᠵᠠᠯᠭᠠᠬᠣ ᠵᠡᠷᠭᠡ ᠬᠦᠷᠢᠶᠡᠨ᠎ᠳᠡᠬᠢ ᠲᠤᠰᠬᠠᠢ ᠠᠰᠢᠭ᠋ ᠭᠤᠶᠤᠴᠢᠯᠠᠭᠰᠠᠨ ᠬᠡᠮᠵᠢᠶ᠎ᠡ ᠪᠠ ᠮᠡᠷᠭᠡᠵᠢᠯ᠎ᠢ ᠨᠠᠢᠳᠠᠪᠤᠷᠢᠵᠢᠭᠤᠯᠤᠭᠰᠠᠨ ᠨᠣᠷᠮ᠎ᠠ ᠴᠥᠮ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃ ᠡᠢᠮᠦᠷᠬᠦᠦ ᠮᠡᠷᠭᠡᠵᠢᠯ᠎ᠦᠨ ᠰᠢᠨ᠎ᠡ ᠡᠭᠦᠳᠦᠯᠲᠡ ᠪᠣᠯᠣᠨ ᠦᠷ᠎ᠡ ᠪᠦᠲᠦᠭᠡᠯ᠎ᠦᠨ ᠣᠨᠳᠣᠣᠰᠢᠭᠣᠯᠣᠯᠳᠠ ᠪᠣᠯ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠂ ᠠᠵᠤ ᠦᠢᠯᠡᠰ᠎ᠦᠨ ᠦᠷᠳᠡᠭ᠎ᠦᠨ ᠬᠡᠯᠬᠢᠶ᠎ᠡ᠎ᠶᠢᠨ ᠳᠡᠭᠡᠳᠦ ᠲᠡᠰ ᠲᠡᠢᠰᠢ ᠲᠡᠪᠰᠢᠬᠤ᠎ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠃ ᠠᠶᠤᠯ ᠲᠦᠭᠰᠢᠭᠦᠷᠢ ᠶᠡᠬᠡᠲᠡᠢ᠂ ᠦᠶᠡᠯᠡᠯ᠎ᠦᠨ ᠬᠤᠭᠤᠴᠠᠭ᠎ᠠ ᠣᠷᠳᠣ᠌ ᠪᠠᠢᠬᠤ ᠢᠷᠡᠭᠡᠳᠦᠢ᠎ᠶᠢᠨ ᠠᠵᠤ ᠦᠢᠯᠡᠰ ᠵᠡᠷᠭᠡ ᠤᠷᠤᠯᠳᠤᠭᠠᠨ᠎ᠤ ᠵᠠᠮ᠎ᠤᠨ ᠡᠮᠦᠨ᠎ᠡ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠬᠠᠤᠯᠢ᠎ᠪᠠᠷ ᠵᠠᠰᠠᠬᠤ ᠲᠣᠭᠲᠠᠭᠠᠯᠲᠤ ᠴᠢᠨᠠᠷ᠂ ᠭᠠᠳᠠᠭᠠᠳᠤ ᠣᠷᠴᠢᠨ ᠨᠥᠬᠥᠴᠡᠯ᠎ᠦᠨ ᠲᠣᠭᠲᠠᠭᠠᠯᠲᠤ ᠪᠤᠰᠤ ᠴᠢᠨᠠᠷ᠎ᠢ ᠠᠷᠭᠠᠴᠠᠭᠠᠬᠤ ᠪᠣᠯ ᠣᠳᠣᠬᠠᠨ᠎ᠤ ᠵᠠᠬ᠎ᠠ ᠳᠡᠯᠭᠡᠭᠦᠷ᠎ᠦᠨ ᠵᠢᠱ᠌ᠢᠯᠲᠡ᠎ᠶᠢ ᠲᠣᠭᠲᠠᠪᠤᠷᠢᠵᠢᠭᠤᠯᠬᠤ᠂ ᠡᠵᠡᠩᠨᠡᠯᠲᠡ᠎ᠶᠢᠨ ᠪᠡᠶᠡᠴᠢ ᠴᠣᠭᠴᠠ᠎ᠶᠢᠨ ᠠᠮᠢᠳᠤᠯᠢᠭ᠋ ᠬᠦᠴᠦᠨ᠎ᠢ ᠬᠥᠭᠵᠢᠭᠡᠬᠦ᠎ᠶᠢᠨ ᠵᠠᠩᠭᠢᠯᠠᠭ᠎ᠠ ᠮᠥᠨ᠃

ᠬᠠᠤᠯᠢ ᠪᠡᠷ ᠵᠠᠰᠠᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠪᠣᠯ ᠥᠷᠭᠡᠨ ᠤᠯᠠᠨ ᠡᠵᠡᠩᠨᠡᠯᠲᠡ᠎ᠶᠢᠨ ᠭᠣᠣᠯ ᠴᠣᠭᠴᠠ᠎ᠶᠢᠨ ᠣᠷᠣᠰᠢᠨ ᠲᠣᠭᠲᠠᠨᠢᠵᠤ ᠬᠥᠭᠵᠢᠬᠦ ᠬᠥᠷᠥᠰᠥ ᠰᠢᠷᠣᠢ ᠮᠥᠨ᠃ ᠳᠡᠯᠡᠬᠡᠢ᠎ᠶᠢᠨ ᠪᠠᠢᠳᠠᠯ᠎ᠠᠴᠠ ᠦᠵᠡᠪᠡᠯ᠂ ᠠᠳᠠᠯᠢ ᠪᠤᠰᠤ ᠤᠯᠤᠰ ᠲᠤᠰ ᠪᠡᠶ᠎ᠡ᠎ᠶᠢᠨ ᠣᠨᠴᠠᠯᠢᠭ᠋᠎ᠢᠶᠠᠨ ᠦᠨᠳᠦᠰᠦᠯᠡᠨ᠂ ᠵᠦᠷᠢᠶᠡᠴᠢᠯᠡᠭᠰᠡᠨ ᠬᠠᠤᠯᠢ᠎ᠪᠠᠷ ᠵᠠᠰᠠᠬᠤ ᠴᠢᠳᠠᠪᠤᠷᠢ ᠣᠯᠭᠣᠬᠤ ᠠᠷᠭ᠎ᠠ ᠵᠠᠮ᠎ᠢ ᠪᠦᠷᠢᠯᠳᠦᠭᠦᠯᠪᠡ᠃ ᠠᠮᠧᠷᠢᠺᠠ᠎ᠪᠠᠷ ᠲᠥᠯᠥᠭᠡᠯᠡᠭᠦᠯᠦᠭᠰᠡᠨ ᠠᠨᠭ᠌ᠭ᠌ᠯᠢ ᠠᠮᠧᠷᠢᠺᠠ ᠵᠢᠨ ᠰᠢᠰᠲᠧᠮ᠎ᠦᠨ ᠤᠯᠤᠰ᠎ᠤᠳ ᠰᠢᠬᠦᠨ ᠲᠠᠰᠤᠯᠬᠤ ᠬᠠᠤᠯᠢ᠎ᠶᠢᠨ ᠠᠮᠢᠳᠤᠯᠢᠭ᠋ ᠴᠢᠨᠠᠷ᠂ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠴᠢᠩᠭ᠎ᠠ ᠬᠠᠮᠠᠭᠠᠯᠠᠯᠲᠠ ᠵᠢᠴᠢ ᠮᠠᠷᠭᠤᠯᠳᠤᠭᠠᠨ᠎ᠢ ᠰᠢᠢᠳᠪᠦᠷᠢᠯᠡᠬᠦ ᠥᠨᠳᠥᠷ ᠪᠦᠲᠦᠮᠵᠢᠲᠡᠢ ᠲᠣᠭᠲᠠᠴᠠ᠎ᠳᠤ ᠲᠦᠰᠢᠭᠯᠡᠨ᠂ ᠬᠦ ᠭᠸ ᠵᠢᠨ ᠮᠡᠳᠡᠭᠡ ᠵᠠᠩᠭᠢ᠎ᠶᠢᠨ ᠮᠡᠷᠭᠡᠵᠢᠯ᠂ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠡᠷᠭᠡ ᠥᠨᠳᠥᠷ ᠨᠡᠮᠡᠯᠲᠡ ᠦᠷᠳᠡᠭ ᠪᠦᠬᠦᠢ ᠠᠵᠤ ᠦᠢᠯᠡᠰ᠎ᠦᠨ ᠨᠡᠮᠡᠭᠳᠡᠯ᠎ᠢ ᠠᠬᠢᠭᠤᠯᠤᠭᠰᠠᠨ ᠪᠠᠢᠨ᠎ᠠ᠃ ᠭᠧᠷᠮᠠᠨ᠎ᠢᠶᠠᠷ ᠲᠥᠯᠥᠭᠡᠯᠡᠭᠦᠯᠦᠭᠰᠡᠨ ᠡᠬᠡ ᠬᠠᠭᠤᠷᠠᠢ᠎ᠶᠢᠨ ᠬᠠᠤᠯᠢ᠎ᠶᠢᠨ ᠰᠢᠰᠲᠧᠮ᠎ᠦᠨ ᠤᠯᠤᠰ᠎ᠤᠳ ᠴᠢᠩᠭ᠎ᠠ ᠨᠢᠮᠪᠠᠢ ᠪᠢᠴᠢᠭᠳᠡᠭᠰᠡᠨ ᠬᠠᠤᠯᠢ᠎ᠶᠢᠨ ᠰᠢᠰᠲᠧᠮ ᠪᠠ ᠠᠵᠢᠯᠴᠢᠨ ᠪᠠ ᠬᠥᠷᠥᠩᠭᠡᠲᠡᠨ᠎ᠦ ᠲᠣᠭᠲᠠᠭᠤᠨ ᠬᠠᠷᠢᠴᠠᠭ᠎ᠠ᠎ᠪᠠᠷ ᠭᠣᠣᠯᠳᠠᠭᠤᠯᠵᠤ᠂ ᠠᠵᠤ ᠠᠬᠤᠢᠯᠠᠯ᠎ᠳᠤ ᠳᠡᠭᠡᠳᠦ ᠬᠡᠮᠵᠢᠶ᠎ᠡ᠎ᠪᠡᠷ ᠵᠢᠱ᠌ᠢᠵᠦ ᠪᠣᠯᠬᠤᠢᠴᠠ ᠬᠢᠨᠠᠨ ᠬᠠᠮᠢᠶᠠᠷᠬᠤ ᠣᠷᠴᠢᠨ ᠨᠥᠬᠥᠴᠡᠯ᠎ᠢ ᠬᠠᠩᠭᠠᠵᠤ᠂ ᠨᠠᠷᠢᠯᠢᠭ᠋ ᠦᠢᠯᠡᠳᠬᠦ ᠦᠢᠯᠡᠰ᠎ᠦᠨ ᠤᠷᠳᠤ ᠬᠤᠭᠤᠴᠠᠭ᠎ᠠ᠎ᠪᠠᠷ ᠲᠡᠷᠢᠬᠦᠨ ᠡᠩᠨᠡᠭᠡᠨ᠎ᠳᠦ ᠪᠠᠢᠬᠤ ᠵᠢ ᠪᠠᠳᠣᠯᠠᠪᠠ᠃

ᠬᠠᠷᠢᠴᠠᠭᠤᠯᠵᠤ ᠬᠡᠯᠡᠪᠡᠯ ᠮᠠᠨ᠎ᠤ ᠤᠯᠤᠰ᠎ᠤᠨ ᠬᠠᠤᠯᠢ ᠪᠡᠷ ᠵᠠᠰᠠᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠠᠢᠭᠤᠯᠤᠯᠲᠠ ᠨᠢ ᠬᠣᠶᠠᠷ ᠲᠠᠯ᠎ᠠ᠎ᠶᠢᠨ ᠥᠪᠡᠷᠮᠢᠴᠡ ᠳᠠᠪᠠᠭᠤᠯᠢᠭ᠋᠎ᠲᠠᠢ ᠶᠤᠮ᠃ ᠨᠢᠭᠡ᠎ᠳᠦ᠂ 《ᠦᠵᠦ ᠲᠥᠯᠥᠪᠯᠡᠭᠡ + ᠤᠷᠢᠳ᠎ᠢᠶᠠᠷ ᠲᠤᠷᠰᠢᠯᠲᠠ᠎ᠶᠢᠨ ᠴᠡᠭ᠎ᠢ ᠬᠡᠷᠡᠭᠵᠢᠭᠦᠯᠬᠦ》 ᠰᠢᠰᠲ᠋ᠸᠮᠵᠢᠭᠰᠡᠨ ᠠᠷᠭ᠎ᠠ ᠵᠠᠮ᠎ᠢ ᠪᠠᠷᠢᠮᠲᠠᠯᠠᠵᠤ᠂ ᠠᠷᠠᠳ᠎ᠦᠨ ᠡᠵᠡᠩᠨᠡᠯᠳᠡ ᠵᠢᠨ ᠠᠵᠤ ᠠᠬᠤᠢ᠎ᠶᠢ ᠠᠬᠢᠭᠤᠯᠬᠤ ᠬᠠᠤᠯᠢ᠎ᠪᠠᠷ ᠳᠠᠮᠵᠢᠨ ᠬᠣᠷᠸ᠎ᠠ ᠪᠣᠷᠣ᠌ ᠲᠥᠯᠥᠪ᠎ᠢ ᠲᠣᠭᠲᠠᠭᠠᠵᠤ᠂ ᠬᠠᠣᠯᠢ ᠪᠡᠷ ᠵᠠᠰᠠᠬᠣ ᠨᠢᠭᠡᠳᠦᠯᠲᠡᠢ ᠴᠢᠨᠠᠷ᠎ᠢ ᠪᠠᠲᠤᠯᠠᠬᠤ ᠪᠥᠭᠡᠳ ᠪᠠᠰᠠ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠳᠤ ᠲᠦᠰᠢᠭᠯᠡᠨ ᠳᠠᠷᠤᠯᠲᠠ᠎ᠶᠢ ᠲᠠᠭᠠᠭᠠᠬᠤ ᠰᠢᠯᠭᠠᠯᠲᠠ ᠥᠷᠨᠢᠭᠦᠯᠵᠦ᠂ ᠠᠮᠢᠳᠤᠯᠢᠭ᠋ ᠵᠠᠰᠠᠯᠲᠠ᠎ᠶᠢ ᠪᠡᠶᠡᠯᠡᠭᠦᠯᠦᠨ᠎ᠡ; ᠬᠣᠶᠠᠷ᠎ᠲᠤ᠂ 《ᠪᠦᠲᠦᠮᠵᠢᠲᠡᠢ ᠵᠠᠬ᠎ᠠ ᠳᠡᠯᠭᠡᠭᠦᠷ + ᠵᠢᠳᠬᠦᠯ ᠴᠢᠷᠮᠠᠢᠯᠭ᠎ᠠ᠎ᠲᠠᠢ ᠵᠠᠰᠠᠭ᠎ᠤᠨ ᠣᠷᠳᠣᠨ》᠎ᠤ ᠬᠠᠮᠲᠤᠷᠠᠯ ᠬᠦᠴᠦᠨ᠎ᠢ ᠪᠠᠳᠠᠷᠠᠭᠤᠯᠵᠤ᠂ ᠡᠷᠬᠡ ᠲᠡᠭᠰᠢ ᠥᠷᠢᠰᠦᠯᠳᠦᠭᠡᠨ᠎ᠢ ᠪᠠᠲᠤᠯᠠᠬᠤ᠎ᠶᠢᠨ ᠬᠠᠮᠲᠤ᠂ ᠬᠠᠣᠯᠢ ᠪᠡᠷ ᠵᠠᠰᠠᠬᠣ ᠠᠷᠭ᠎ᠠ ᠪᠠᠷᠢᠯ᠎ᠢᠶᠠᠷ ᠪᠡᠯᠡ ᠮᠥᠩᠭᠥ᠂ ᠪᠤᠳᠤᠬᠤ ᠬᠦᠴᠦᠨ ᠵᠡᠷᠭᠡ ᠡᠯᠧᠮᠧᠨ᠋ᠲ᠎ᠦᠨ ᠰᠢᠨ᠎ᠡ᠎ᠪᠡᠷ ᠮᠠᠨᠳᠤᠭᠰᠠᠨ ᠠᠵᠤ ᠦᠢᠯᠡᠰ ᠲᠡᠢᠰᠢ ᠲᠥᠪᠯᠡᠷᠡᠬᠦ᠎ᠶᠢ ᠰᠠᠨᠠᠭᠠᠴᠢᠯᠠᠭ᠎ᠠ᠎ᠠᠴᠠ ᠪᠠᠨ ᠬᠥᠲᠥᠯᠥᠨ ᠵᠢᠯᠤᠭᠣᠳᠴᠤ᠂ ᠬᠦᠴᠦᠷᠬᠡᠭ ᠶᠡᠬᠡ ᠣᠷᠣᠨ ᠪᠦᠰᠡ᠎ᠶᠢᠨ ᠰᠢᠨ᠎ᠡ᠎ᠶᠢ ᠡᠭᠦᠳᠬᠦ ᠦᠷ᠎ᠡ ᠪᠦᠲᠦᠮᠵᠢ᠎ᠶᠢ ᠪᠤᠢ ᠪᠣᠯᠭᠠᠨ᠎ᠠ᠃ ᠳᠡᠯᠡᠬᠡᠢ᠎ᠶᠢᠨ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠵᠣᠬᠢᠶᠠᠨ ᠪᠠᠢᠭᠤᠯᠤᠯᠲᠠ᠎ᠶᠢᠨ ᠨᠡᠢᠲᠡᠯᠡᠭᠰᠡᠨ 《2025 ᠣᠨ᠎ᠤ ᠪᠥᠬᠥ ᠪᠥᠮᠪᠥᠷᠴᠡᠭ᠎ᠦᠨ ᠰᠢᠨ᠎ᠡ᠎ᠶᠢ ᠡᠭᠦᠳᠬᠦ ᠵᠢᠭᠠᠯᠲᠠ ᠲᠣᠭ᠎ᠠ᠎ᠶᠢᠨ ᠮᠡᠳᠡᠭᠦᠯᠦᠯᠲᠡ》᠎ᠳᠤ ᠢᠯᠡᠷᠡᠭᠦᠯᠦᠭᠰᠡᠨ᠎ᠢᠶᠡᠷ᠂ ᠮᠠᠨ᠎ᠤ ᠤᠯᠤᠰ ᠠᠩᠬ᠎ᠠ ᠤᠳᠠᠭ᠎ᠠ ᠪᠥᠬᠥ ᠪᠥᠮᠪᠥᠷᠴᠡᠭ᠎ᠦᠨ ᠰᠢᠨ᠎ᠡ᠎ᠶᠢ ᠡᠭᠦᠳᠬᠦ ᠵᠢᠭᠠᠯᠲᠠ ᠲᠣᠭ᠎ᠠ᠎ᠶᠢᠨ ᠡᠮᠦᠨ᠎ᠡ 10 ᠨᠡᠷᠡᠰ᠎ᠲᠦ ᠵᠢᠭ᠍ᠰᠠᠭᠠᠭᠳᠠᠪᠠ; 《ᠱᠧᠨᠵᠧᠨ — ᠰᠢᠶᠠᠩᠭᠠᠩ — ᠭᠤᠸᠠᠩᠳᠦ᠋ᠩ》 ᠪᠥᠬᠥ ᠳᠡᠯᠡᠬᠡᠢ᠎ᠶᠢᠨ ᠰᠢᠨ᠎ᠡ᠎ᠶᠢ ᠡᠭᠦᠳᠬᠦ ᠪᠦᠯᠦᠭᠯᠡᠯ᠎ᠦᠨ ᠲᠡᠷᠢᠭᠦᠨ᠎ᠳᠦ ᠣᠷᠣᠪᠠ ᠁ ᠠᠯᠢ ᠣᠯᠠᠨ ᠠᠮᠵᠢᠯᠲᠠ ᠪᠦᠲᠦᠮᠵᠢ ᠨᠢ ᠮᠠᠨ᠎ᠤ ᠤᠯᠤᠰ᠎ᠤᠨ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠬᠠᠮᠠᠭᠠᠯᠠᠯᠲᠠ᠂ ᠡᠯᠧᠮᠧᠨ᠋ᠲ᠎ᠢ ᠨᠢᠭᠡᠳᠦᠯᠲᠡᠢ ᠲᠥᠯᠥᠪᠯᠡᠬᠦ ᠲᠠᠯ᠎ᠠ᠎ᠪᠠᠷ ᠬᠢ ᠬᠠᠤᠯᠢ ᠪᠠᠷ ᠵᠠᠰᠠᠬᠤ ᠴᠢᠷᠮᠠᠢᠯᠭ᠎ᠠ᠎ᠶᠢ ᠪᠦᠲᠦᠮᠵᠢᠲᠡᠶ ᠵᠠᠬ᠎ᠠ ᠳᠡᠯᠭᠡᠭᠦᠷ᠎ᠦᠨ ᠰᠢᠨ᠎ᠡ᠎ᠶᠢ ᠡᠭᠦᠳᠬᠦ ᠭᠠᠷᠭᠠᠯᠲᠠ ᠪᠣᠯᠭᠠᠨ ᠠᠮᠵᠢᠯᠲᠠ᠎ᠲᠠᠢ ᠬᠤᠪᠢᠷᠠᠭᠤᠯᠤᠭᠰᠠᠨ᠎ᠢ ᠬᠠᠷᠠᠭᠤᠯᠵᠤ ᠪᠠᠢᠨ᠎ᠠ᠃

ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠠᠴᠠ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠡᠷ ᠵᠠᠰᠠᠬᠰᠠᠨ᠂ ᠳᠡᠯᠡᠬᠡᠢᠵᠢᠭᠰᠡᠨ ᠲᠡᠷᠢᠭᠦᠨ ᠵᠡᠷᠭᠡ᠎ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ᠎ᠠᠴᠠ ᠪᠣᠯᠤᠭᠰᠠᠨ ᠰᠢᠨ᠎ᠡ ᠠᠵᠠ ᠲᠣᠬᠢᠶᠠᠯ ᠪᠣᠯᠣᠨ ᠰᠢᠨ᠎ᠡ ᠥᠷᠢᠰᠦᠯᠳᠦᠭᠡᠨ᠎ᠦ ᠡᠮᠦᠨ᠎ᠡ᠂ ᠡᠷᠬᠡᠪᠰᠢ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠢ ᠠᠷᠭ᠎ᠠ ᠬᠡᠮᠵᠢᠶ᠎ᠡ᠎ᠪᠡᠷ ᠬᠠᠣᠯᠢ ᠪᠡᠷ ᠵᠠᠰᠠᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠠᠢᠭᠤᠯᠤᠯᠲᠠ᠎ᠶᠢᠨ ᠭᠦᠨᠵᠡᠭᠡᠢᠷᠡᠨ ᠬᠥᠭᠵᠢᠬᠦ᠎ᠶᠢ ᠠᠬᠢᠭᠤᠯᠬᠤ ᠬᠡᠷᠡᠭᠲᠡᠢ᠃ ᠡᠭᠦᠨ᠎ᠳᠦ ᠬᠠᠷᠠᠯᠲᠠ᠎ᠪᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠡᠵᠡᠩᠨᠡᠯᠲᠡ᠎ᠶᠢᠨ ᠭᠣᠣᠯ ᠴᠣᠭᠴᠠ᠎ᠶᠢ ᠲᠣᠭᠲᠠᠭᠠᠵᠤ᠂ ᠰᠢᠨ᠎ᠡ᠎ᠶᠢ ᠡᠭᠦᠳᠬᠦ᠎ᠶᠢ ᠴᠢᠩᠭᠠᠳᠬᠠᠬᠤ᠎ᠶᠢ ᠵᠣᠷᠢᠭ᠍ᠵᠢᠭᠤᠯᠵᠤ᠂ ᠲᠣᠭᠲᠠᠭᠤᠨ᠂ ᠡᠷᠬᠡ ᠲᠡᠭᠰᠢ᠂ ᠢᠯᠡ ᠲᠣᠳᠣ᠌᠂ ᠵᠢᠱ᠌ᠢᠵᠦ ᠪᠣᠯᠬᠤᠢᠴᠠ ᠬᠠᠤᠯᠢ ᠪᠡᠷ ᠵᠠᠰᠠᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠣᠯᠭᠠᠬᠤ ᠬᠡᠷᠡᠭᠲᠡᠢ᠃

ᠬᠠᠤᠯᠢ ᠬᠡᠷᠡᠭᠵᠢᠬᠦᠯᠬᠦ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠵᠠᠬ᠎ᠠ ᠳᠡᠯᠭᠡᠭᠦᠷ᠎ᠦᠨ ᠵᠢᠱ᠌ᠢᠯᠲᠡ᠎ᠶᠢ ᠳᠡᠭᠡᠭᠰᠢᠯᠡᠭᠦᠯᠦᠨ᠎ᠡ᠃ ᠠᠷᠠᠳ ᠎ᠦᠨ ᠡᠵᠡᠩᠨᠡᠯᠳᠡ ᠵᠢᠨ ᠠᠵᠤ ᠠᠬᠤᠢ᠎ᠶᠢ ᠠᠬᠢᠭᠤᠯᠬᠤ ᠬᠠᠤᠯᠢ᠎ᠶᠢᠨ ᠬᠠᠤᠯᠢ ᠲᠣᠭᠲᠠᠭᠠᠬᠤ ᠵᠣᠷᠢᠭ᠋ ᠰᠠᠨᠠᠭ᠎ᠠ᠎ᠲᠠᠢ ᠨᠢᠭ᠍ᠲᠠ ᠤᠶᠠᠯᠳᠤᠭᠤᠯᠤᠨ᠂ ᠳᠠᠭᠠᠭᠠᠴᠢᠯᠠᠯᠲᠠ ᠵᠠᠷᠯᠠᠬᠤ ᠪᠠ ᠵᠠᠰᠠᠭ᠎ᠤᠨ ᠣᠷᠳᠣᠨ ᠡᠴᠡ ᠬᠤᠳᠠᠯᠳᠤᠨ ᠠᠪᠬᠤ ᠳᠤᠮᠳᠠᠬᠢ ᠠᠷᠠᠳ᠎ᠦᠨ ᠡᠵᠡᠩᠨᠡᠯᠳᠡ ᠵᠢᠨ ᠠᠵᠤ ᠠᠬᠤᠢᠯᠠᠯ᠎ᠳᠤ ᠴᠢᠭᠯᠡᠭᠦᠯᠦᠭᠰᠡᠨ ᠭᠠᠳᠠᠭᠤᠷᠴᠢᠯᠠᠯ᠎ᠤᠨ ᠴᠢᠨᠠᠷᠲᠠᠢ ᠬᠢᠵᠠᠭᠠᠷᠯᠠᠯ᠎ᠢ ᠵᠠᠰᠠᠨ ᠴᠡᠭᠴᠡᠯᠡᠨ᠎ᠠ᠃ ᠢᠷᠡᠭᠡᠳᠦᠢ᠎ᠶᠢᠨ ᠠᠵᠤ ᠦᠢᠯᠡᠰ ᠵᠡᠷᠭᠡ ᠰᠢᠨ᠎ᠡ᠎ᠪᠡᠷ ᠪᠣᠶ ᠪᠣᠯᠤᠭᠰᠠᠨ ᠬᠦᠷᠢᠶ᠎ᠡ ᠴᠠᠷᠠᠭ᠎ᠠ᠎ᠳᠤ ᠴᠢᠭᠯᠡᠭᠦᠯᠦᠨ᠂ ᠵᠠᠰᠠᠭ ᠵᠠᠬᠢᠷᠭᠠᠨ᠎ᠤ ᠲᠠᠰᠤᠯᠤᠯᠲᠠ᠎ᠶᠢᠨ ᠡᠷᠬᠡ᠎ᠶᠢᠨ ᠰᠠᠭᠤᠷᠢ ᠪᠠᠷᠢᠮᠵᠢᠶᠠᠲᠤ ᠲᠣᠭᠲᠠᠴᠠ᠎ᠶᠢ ᠪᠥᠬᠥ ᠲᠠᠯ᠎ᠠ᠎ᠪᠠᠷ ᠪᠠᠢᠭᠤᠯᠵᠤ᠂ 《ᠲᠣᠷᠭᠠᠬᠤ᠎ᠪᠠᠷ ᠬᠠᠮᠢᠶᠠᠷᠬᠤ᠎ᠶᠢ ᠣᠷᠣᠯᠠᠭᠤᠯᠬᠤ》 ᠵᠢ ᠴᠢᠩᠭ᠎ᠠ ᠴᠠᠭᠠᠵᠠᠯᠠᠵᠤ᠂ ᠠᠵᠢᠭ᠍ᠯᠠᠬᠤ ᠬᠤᠭᠤᠴᠠᠭ᠎ᠠ ᠬᠢᠭᠡᠳ ᠬᠦᠨᠳᠡᠬᠦ ᠮᠠᠶᠢᠭ᠋᠎ᠤᠨ ᠬᠢᠨᠠᠯᠲᠠ ᠬᠠᠮᠢᠶᠠᠷᠤᠯᠲᠠ᠎ᠶᠢ ᠰᠦᠪᠡᠭᠴᠢᠯᠡᠨ ᠪᠠᠢᠭᠤᠯᠵᠤ᠂ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠭ᠍ᠰᠠᠨ ᠤᠷᠢᠲᠠᠯ ᠳᠣᠣᠷ᠎ᠠ᠂ ᠮᠡᠷᠭᠡᠵᠢᠯ᠎ᠦᠨ ᠰᠢᠨ᠎ᠡ᠎ᠶᠢ ᠡᠭᠦᠳᠬᠦ᠎ᠳᠦ ᠵᠥᠪ ᠪᠤᠷᠤᠭᠤ᠎ᠶᠢ ᠲᠤᠷᠰᠢᠬᠤ ᠭᠦᠢᠴᠡᠳ ᠣᠷᠣᠨ ᠵᠠᠢ᠎ᠶᠢ ᠦᠯᠡᠳᠡᠭᠡᠵᠦ ᠥᠭᠭᠦᠨ᠎ᠡ᠃ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠶᠠᠯᠠᠯᠠᠨ ᠰᠢᠢᠳᠬᠡᠬᠦ ᠴᠢᠨᠠᠷᠲᠠᠢ ᠲᠥᠯᠥᠪᠦᠷᠢ᠎ᠶᠢᠨ ᠳᠦᠷᠢᠮ᠎ᠢ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ᠎ᠤ ᠪᠣᠯᠵᠣᠭ᠎ᠠ᠎ᠠᠴᠠ ᠵᠥᠷᠢᠴᠡᠵᠦ ᠢᠲᠡᠭᠡᠮᠵᠢ ᠠᠯᠳᠠᠭᠰᠠᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ᠎ᠶᠢ ᠪᠦᠷᠢᠨᠰᠢᠭᠦᠯᠵᠦ᠂ 《ᠰᠢᠨ᠎ᠡ ᠲᠠᠷᠣᠭ᠎ᠠ  ᠬᠠᠭᠤᠴᠢᠨ ᠲᠠᠨᠭᠰᠠ᠎ᠶᠢ ᠦᠯᠦ ᠬᠠᠮᠢᠶᠠᠷᠬᠤ》 ᠠᠷᠬᠠᠭ ᠭᠡᠮ᠎ᠢ ᠦᠨᠳᠦᠰᠦᠨ᠎ᠡᠴᠡ ᠨᠢ ᠵᠠᠰᠠᠵᠤ᠂ ᠬᠠᠤᠯᠢ ᠬᠡᠷᠡᠭᠵᠢᠬᠦᠯᠬᠦ ᠬᠠᠲᠠᠭᠤ ᠪᠠᠷᠢᠮᠵᠢᠶ᠎ᠠ᠎ᠪᠠᠷ ᠲᠦᠷᠦ᠎ᠶᠢᠨ ᠪᠣᠳᠣᠯᠭ᠎ᠠ᠎ᠶᠢᠨ ᠢᠲᠡᠭᠡᠮᠵᠢ᠎ᠶᠢ ᠪᠠᠲᠤᠯᠠᠨ᠎ᠠ᠃

ᠬᠢᠨᠠᠨ ᠬᠠᠮᠢᠶᠠᠷᠬᠤ ᠦᠢᠯᠡᠴᠢᠯᠡᠭᠡ᠎ᠶᠢ ᠪᠠᠷᠢᠮᠵᠢᠶᠠᠵᠢᠭᠤᠯᠬᠤ᠎ᠶᠢ ᠠᠬᠢᠭᠤᠯᠵᠤ᠂ ᠪᠠᠢᠭᠤᠯᠤᠯ ᠲᠣᠭᠲᠠᠴᠠ᠎ᠶᠢᠨ ᠬᠠᠷᠰᠢ ᠰᠠᠭᠠᠳ᠎ᠢ ᠠᠷᠢᠯᠭᠠᠨ᠎ᠠ᠃ ᠲᠣᠭ᠎ᠠ ᠪᠠᠷᠢᠮᠲᠠ᠎ᠶᠢ ᠬᠠᠮᠲᠤ ᠪᠠᠷ ᠡᠳ᠋ᠯᠡᠬᠦ᠎ᠪᠡᠷ ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠬᠢᠨᠠᠨ ᠬᠠᠮᠢᠶᠠᠷᠬᠤ᠎ᠶᠢ ᠠᠬᠢᠭᠤᠯᠵᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠭᠠᠢᠯᠢ᠎ᠶᠢᠨ ᠶᠠᠪᠤᠳᠠᠯ᠂ ᠬᠠᠤᠯᠢ ᠴᠠᠭᠠᠵᠠ ᠵᠡᠷᠭᠡ ᠠᠵᠤ ᠠᠬᠤᠢᠯᠠᠯ᠎ᠳᠤ ᠬᠣᠯᠪᠣᠭᠳᠠᠬᠤ ᠲᠣᠭ᠎ᠠ ᠪᠠᠷᠢᠮᠲᠠ᠎ᠶᠢᠨ ᠡᠬᠢ ᠪᠠᠶᠠᠯᠢᠭ᠋᠎ᠢ ᠨᠡᠢᠳᠬᠡᠵᠦ᠂ ᠨᠢᠭᠡᠳᠦᠯᠲᠡᠢ ᠬᠢᠨᠠᠨ ᠬᠠᠮᠢᠶᠠᠷᠬᠤ ᠲᠠᠪᠴᠠᠩ᠎ᠢ ᠪᠠᠢᠭᠤᠯᠤᠨ᠂ ᠬᠠᠤᠯᠢ ᠬᠡᠷᠡᠭᠵᠢᠭᠦᠯᠬᠦ᠎ᠳᠦ ᠳᠤᠷ᠎ᠠ ᠵᠣᠷᠢᠭ᠋᠎ᠤᠨ ᠴᠢᠨᠠᠷᠲᠠᠢ ᠪᠠ ᠳᠠᠪᠬᠤᠷᠳᠠᠭᠤᠯᠤᠨ ᠪᠠᠢᠴᠠᠭᠠᠬᠤ᠎ᠶᠢ ᠡᠬᠢ ᠡᠭᠦᠰᠦᠯ᠎ᠡᠴᠡ ᠨᠢ ᠪᠠᠭᠠᠰᠬᠠᠨ᠎ᠠ᠃ ᠭᠤᠤᠯᠴᠢ ᠥᠷᠢᠰᠦᠯᠳᠦᠭᠡᠨ᠎ᠦ ᠬᠢᠨᠠᠨ ᠪᠠᠢᠴᠠᠭᠠᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠣᠷᠣᠨ ᠨᠤᠲᠤᠭ᠎ᠤᠨ ᠬᠠᠮᠠᠭᠠᠯᠠᠯᠲᠠ᠎ᠶᠢᠨ ᠥᠩᠭᠡ ᠪᠤᠳᠤᠭ᠎ᠲᠠᠢ ᠨᠥᠬᠥᠪᠦᠷᠢ᠎ᠶᠢᠨ ᠲᠥᠷᠥ᠎ᠶᠢᠨ ᠪᠣᠳᠣᠯᠭ᠎ᠠ᠎ᠶᠢ ᠬᠦᠴᠦᠨ ᠦᠭᠡᠢ ᠪᠣᠯᠭᠠᠵᠤ᠂ ᠪᠤᠳᠤᠬᠤ ᠬᠦᠴᠦᠨ᠎ᠦ ᠰᠠᠭᠤᠷᠢ ᠲᠦᠬᠦᠬᠡᠷᠦᠮᠵᠢ᠂ ᠣᠯᠠᠨ ᠨᠡᠶ᠋ᠢᠲᠡ᠎ᠶᠢᠨ ᠲᠣᠭ᠎ᠠ ᠪᠠᠷᠢᠮᠲᠠ᠎ᠶᠢ ᠴᠢᠯᠦᠭᠡᠲᠡᠢ ᠪᠣᠯᠭᠠᠬᠤ ᠵᠡᠷᠭᠡ ᠵᠠᠩᠭᠢᠯᠠᠭ᠎ᠠ᠎ᠶᠢᠨ ᠬᠦᠷᠢᠶᠡᠨ᠎ᠳᠦ᠂ ᠠᠷᠠᠳ᠎ᠦᠨ ᠡᠵᠡᠩᠨᠡᠯᠳᠡ ᠵᠢᠨ ᠠᠵᠤ ᠠᠬᠤᠢᠯᠠᠯ᠎ᠤᠨ ᠦᠢᠯᠡᠳᠪᠦᠷᠢᠯᠡᠯ᠎ᠦᠨ ᠬᠦᠴᠦᠨ ᠵᠦᠢᠯ᠎ᠢ ᠡᠷᠬᠡ ᠲᠡᠭᠰᠢ᠎ᠪᠡᠷ ᠣᠯᠬᠤ᠂ ᠲᠥᠷᠥᠯ ᠵᠦᠢᠯ᠎ᠦᠨ ᠥᠷᠢᠰᠦᠯᠳᠦᠭᠡᠨ᠎ᠳᠦ ᠣᠷᠣᠯᠴᠠᠬᠤ ᠡᠷᠬᠡ᠎ᠶᠢ ᠬᠠᠤᠯᠢ ᠶᠣᠰᠣᠭᠠᠷ ᠪᠠᠲᠤᠯᠠᠨ᠎ᠠ᠃

ᠡᠯᠧᠮᠧᠨ᠋ᠲ᠎ᠢ ᠵᠠᠬ᠎ᠠ ᠳᠡᠯᠭᠡᠭᠦᠷᠴᠢᠯᠡᠬᠦ ᠬᠠᠤᠯᠢ ᠪᠡᠷ ᠵᠠᠰᠠᠬᠣ᠎ᠰᠠᠭᠤᠷᠢ᠎ᠶᠢ ᠪᠠᠢᠭᠤᠯᠵᠤ᠂ ᠳᠣᠲᠣᠭᠠᠳᠤ ᠬᠥᠳᠡᠯᠭᠡᠬᠦ ᠬᠦᠴᠦᠨ᠎ᠢ ᠬᠥᠭᠵᠢᠭᠡᠨ᠎ᠡ᠃ ᠰᠢᠨ᠎ᠡ ᠨᠢᠭᠡᠨ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ᠎ᠤᠨ ᠬᠡᠷᠡᠭᠴᠡᠭᠡ ᠱᠠᠭᠠᠷᠳᠠᠯᠭ᠎ᠠ᠎ᠳᠤ ᠵᠣᠬᠢᠴᠠᠭᠤᠯᠤᠨ᠂ ᠮᠡᠷᠭᠡᠵᠢᠯ᠎ᠦᠨ ᠪᠠᠢᠴᠠᠭᠠᠯᠲᠠ᠎ᠶᠢᠨ ᠲᠤᠰᠢᠶᠠᠯᠲᠠᠨ᠎ᠤ ᠳᠦᠷᠢᠮ᠎ᠢ ᠳᠡᠯᠭᠡᠷᠡᠭᠦᠯᠵᠦ᠂ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢ ᠲᠦᠷᠭᠡᠨ ᠬᠢᠨᠠᠨ ᠪᠠᠢᠴᠠᠭᠠᠬᠤ ᠪᠠ ᠡᠷᠬᠡ᠎ᠶᠢ ᠨᠤᠲᠠᠯᠠᠨ ᠲᠣᠭᠲᠠᠭᠠᠬᠤ ᠲᠣᠭᠲᠠᠴᠠ᠎ᠶᠢ ᠪᠠᠢᠭᠤᠯᠵᠤ᠂ ᠠᠵᠤ ᠠᠬᠤᠢᠯᠠᠯ᠎ᠤᠨ 《ᠣᠷᠣᠭᠤᠯᠤᠯᠲᠠ ᠬᠢᠬᠦ ᠵᠣᠷᠢᠭ᠋ ᠦᠭᠡᠢ᠂ ᠪᠤᠰᠤᠳ᠎ᠤᠨ ᠬᠠᠭᠤᠯᠬᠤ᠎ᠠᠴᠠ ᠠᠶᠤᠬᠤ》 ᠬᠣᠢᠰᠢᠳᠠ᠎ᠶᠢᠨ ᠵᠣᠪᠠᠨᠢᠯ᠎ᠢ ᠰᠢᠢᠳᠪᠦᠷᠢᠯᠡᠨ᠎ᠡ᠃ ᠳ᠋ᠠᠢᠲ᠋ᠠ᠎ᠶᠢᠨ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠰᠠᠭᠤᠷᠢ ᠴᠢᠨᠠᠷᠲᠠᠢ ᠳᠦᠷᠢᠮ᠎ᠢ ᠤᠷᠢᠳ᠎ᠢᠶᠠᠷ ᠲᠣᠭᠲᠠᠭᠠᠵᠤ᠂ ᠣᠷᠣᠨ ᠨᠤᠲᠤᠭ᠎ᠤᠨ ᠳ᠋ᠠᠢᠲ᠋ᠠ᠎ᠶᠢᠨ ᠥᠮᠴᠢᠯᠡᠬᠦ ᠡᠷᠬᠡ᠎ᠶᠢ ᠳᠠᠩᠰᠠᠯᠠᠬᠤ᠂ ᠭᠦᠢᠯᠭᠡᠭᠡ ᠠᠷᠠᠯᠵᠢᠶ᠎ᠠ᠎ᠶᠢᠨ ᠬᠠᠤᠯᠢ ᠲᠣᠭᠲᠠᠭᠠᠬᠤ ᠲᠤᠷᠰᠢᠯᠲᠠ ᠥᠷᠨᠢᠭᠦᠯᠬᠦ᠎ᠶᠢ ᠳᠡᠮᠵᠢᠵᠦ᠂ ᠳ᠋ᠠᠢᠲ᠋ᠠ᠎ᠶᠢᠨ ᠡᠷᠬᠡ᠎ᠶᠢᠨ ᠬᠠᠷᠢᠶᠠᠯᠠᠯ᠎ᠢ ᠡᠮᠬᠢᠯᠡᠨ ᠲᠣᠳᠣᠷᠬᠠᠢᠯᠠᠵᠤ᠂ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠣᠣᠷ᠎ᠠ ᠲᠤᠭ᠎ᠠ ᠪᠠᠷᠢᠮᠳᠠ ᠵᠢᠨ 《ᠥᠨᠥᠴᠢᠨ ᠠᠷᠠᠯ》᠎ᠢ ᠠᠷᠢᠯᠭᠠᠵᠤ ᠂ ᠳ᠋ᠠᠢᠲ᠋ᠠ᠎ᠶᠢᠨ ᠡᠯᠧᠮᠧᠨ᠋ᠲ᠎ᠦᠨ ᠳᠠᠬᠢᠨ᠎ᠢᠶᠠᠷ ᠨᠡᠮᠡᠭᠳᠡᠬᠦ ᠦᠢᠯᠡᠳᠦᠯ᠎ᠢ ᠪᠠᠳᠠᠷᠠᠭᠤᠯᠤᠨ᠎ᠠ᠃ ᠬᠠᠮᠢᠶ᠎ᠠ ᠪᠦᠬᠦᠢ ᠬᠠᠤᠯᠢ ᠴᠠᠭᠠᠵᠠ᠎ᠶᠢᠨ ᠲᠥᠬᠥᠷᠵᠢᠭᠦᠯᠬᠦ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠵᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠰᠤᠳᠤᠯᠤᠨ ᠨᠡᠭᠡᠭᠡᠬᠦ ᠵᠠᠷᠤᠳᠠᠯ᠎ᠢ ᠨᠡᠮᠡᠨ ᠪᠤᠳᠤᠵᠤ ᠰᠠᠭᠤᠯᠭᠠᠨ ᠠᠪᠬᠤ ᠵᠡᠷᠭᠡ ᠲᠥᠷᠥ᠎ᠶᠢᠨ ᠪᠣᠳᠣᠯᠭ᠎ᠠ᠎ᠶᠢᠨ ᠠᠰᠢᠭ᠋᠎ᠢ ᠣᠨᠣᠪᠴᠢᠲᠠᠶ᠎ᠪᠠᠷ ᠬᠠᠮᠤᠭ᠎ᠤᠨ ᠠᠮᠢᠵᠢᠷᠠᠯ᠎ᠤᠨ ᠬᠦᠴᠦᠨ᠎ᠲᠠᠢ ᠰᠢᠨ᠎ᠡ᠎ᠶᠢ ᠡᠭᠦᠳᠬᠦ ᠭᠣᠣᠯ ᠴᠣᠭᠴᠠ᠎ᠳᠤ ᠬᠦᠷᠳᠡᠬᠡᠬᠦ᠎ᠶᠢ ᠪᠠᠲᠤᠯᠠᠨ᠎ᠠ᠃

 — 《ᠠᠵᠦ ᠠᠬᠣᠢ ᠵᠢᠨ ᠡᠳᠦᠷ ᠎ᠦᠨ ᠰᠣᠨᠢᠨ》 ᠡᠴᠡ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号