◆ ᠤᠯᠤᠰ᠎ᠤᠨ ᠡᠨᠧᠷᠭᠢ᠎ᠶᠢᠨ ᠲᠣᠪᠴᠢᠶ᠎ᠠ᠎ᠶᠢᠨ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2025 ᠣᠨ᠎ᠳᠤ ᠮᠠᠨ᠎ᠤ ᠤᠯᠤᠰ᠎ᠤᠨ ᠪᠥᠬᠥ ᠨᠡᠢᠭᠡᠮ᠎ᠦᠨ ᠴᠠᠬᠢᠯᠭᠠᠨ ᠬᠡᠷᠡᠭᠯᠡᠭᠰᠡᠨ ᠬᠡᠮᠵᠢᠶ᠎ᠡ 103682 ᠳ᠋ᠦᠩᠰᠢᠭᠤᠷ ᠺᠢᠯᠦᠸᠠᠲ ᠴᠠᠭ᠎ᠲᠤ ᠬᠦᠷᠴᠡᠢ᠃ ᠤᠯᠤᠰ᠎ᠤᠨ ᠳᠣᠲᠣᠭᠠᠳᠤ᠎ᠶᠢᠨ ᠪᠠᠢᠳᠠᠯ᠎ᠠᠴᠠ ᠦᠵᠡᠪᠡᠯ᠂ ᠡᠨᠡ ᠪᠣᠯ ᠮᠠᠨ᠎ᠤ ᠤᠯᠤᠰ᠎ᠤᠨ ᠴᠠᠬᠢᠯᠭᠠᠨ ᠬᠡᠷᠡᠭᠯᠡᠬᠦ ᠬᠡᠮᠵᠢᠶ᠎ᠡ ᠠᠩᠬ᠎ᠠ ᠤᠳᠠᠭ᠎ᠠ 10 ᠲᠦᠮᠡᠨ ᠳ᠋ᠦᠩᠰᠢᠭᠤᠷ ᠺᠢᠯᠦᠸᠠᠲ ᠴᠠᠭ᠎ᠢ ᠳᠠᠪᠠᠵᠤ ᠪᠠᠢᠭ᠎ᠠ ᠶᠠᠪᠤᠳᠠᠯ ᠪᠣᠯᠣᠨ᠎ᠠ; 2015 ᠣᠨ᠎ᠠᠴᠠ ᠣᠳᠣ᠌ ᠪᠣᠯᠲᠠᠯ᠎ᠠ ᠠᠷᠪᠠᠨ ᠵᠢᠯ᠎ᠦᠨ ᠳᠣᠲᠣᠷ᠎ᠠ ᠬᠣᠶᠠᠷ ᠳᠠᠬᠢᠨ ᠨᠡᠮᠡᠭᠳᠡᠵᠡᠢ᠃ ᠪᠦᠬᠦ ᠳᠡᠯᠡᠬᠡᠢ᠎ᠶᠢ ᠠᠵᠢᠭ᠍ᠯᠠᠪᠠᠯ᠂ ᠡᠨᠡᠬᠦ ᠲᠣᠭ᠎ᠠ ᠨᠢ ᠪᠦᠬᠦ ᠪᠥᠮᠪᠥᠷᠴᠡᠭ᠎ᠦᠨ ᠳᠠᠩ ᠭᠠᠭᠴᠠ ᠤᠯᠤᠰ᠎ᠲᠤ ᠠᠩᠬ᠎ᠠ ᠤᠳᠠᠭ᠎ᠠ ᠢᠯᠡᠷᠡᠵᠦ᠂ ᠠᠮᠧᠷᠢᠺᠠ᠎ᠶᠢᠨ ᠪᠦᠬᠦ ᠵᠢᠯ᠎ᠦᠨ ᠴᠠᠬᠢᠯᠭᠠᠨ ᠬᠡᠷᠡᠭᠯᠡᠭᠰᠡᠨ ᠬᠡᠮᠵᠢᠶᠡᠨ᠎ᠦ ᠬᠣᠶᠠᠷ ᠳᠠᠬᠢᠨ ᠲᠠᠢ ᠲᠡᠩᠴᠡᠵᠦ᠂ ᠡᠸᠦ᠋ᠷᠦᠫᠡ ᠲᠢᠪ᠎ᠦᠨ ᠤᠯᠤᠰ᠎ᠤᠳ᠎ᠤᠨ ᠬᠣᠯᠪᠣᠭ᠎ᠠ᠂ ᠤᠷᠤᠰ᠂ ᠡᠨᠡᠳᠬᠡᠭ᠂ ᠶᠠᠫᠤᠨ ᠵᠡᠷᠭᠡ ᠳᠦᠷᠪᠡᠨ ᠠᠵᠤ ᠠᠬᠤᠢ᠎ᠶᠢᠨ ᠴᠣᠭᠴᠠ᠎ᠶᠢᠨ ᠵᠢᠯ᠎ᠦᠨ ᠴᠠᠬᠢᠯᠭᠠᠨ ᠬᠡᠷᠡᠭᠯᠡᠭᠰᠡᠨ ᠬᠡᠮᠵᠢᠶ᠎ᠡ᠎ᠶᠢᠨ ᠨᠡᠢᠯᠡᠪᠦᠷᠢ᠎ᠡᠴᠡ ᠳᠠᠪᠠᠭᠰᠠᠨ ᠪᠠᠢᠨ᠎ᠠ᠃
— ᠲᠥᠪ ᠲᠧᠯᠸᠢᠰ᠎ᠦᠨ ᠰᠣᠨᠢᠨ ᠮᠡᠳᠡᠭᠡ᠎ᠡᠴᠡ
ᠦᠨᠡᠯᠡᠯᠳᠡ᠄ ᠴᠠᠬᠢᠯᠭᠠᠨ ᠬᠡᠷᠡᠭᠯᠡᠭᠰᠡᠨ ᠬᠡᠮᠵᠢᠶ᠎ᠡ ᠠᠵᠦ ᠠᠬᠣᠢ ᠵᠢᠨ ᠨᠡᠮᠡᠭᠳᠡᠯ᠎ᠢ ᠬᠠᠷᠡᠭᠤᠯᠵᠦ ᠪᠠᠢᠳᠠᠭ᠃ ᠳᠤᠮᠳᠠᠳᠤ ᠤᠯᠤᠰ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ ᠨᠢ 《ᠰᠢᠨ᠎ᠡ》 ᠲᠡᠢᠰᠢ ᠤᠷᠤᠭᠰᠢᠯᠠᠵᠤ᠂ 《ᠪᠤᠬᠢᠷᠳᠦᠯ ᠦᠬᠡᠢ》 ᠲᠡᠢᠰᠢ ᠤᠷᠤᠭᠰᠢᠯᠠᠵᠤ᠂ ᠨᠡᠩ ᠭᠣᠢᠳᠠ ᠰᠠᠢᠬᠠᠨ ᠢᠷᠡᠭᠡᠳᠦᠢ᠎ᠶᠢ ᠵᠢᠷᠤᠭᠯᠠᠵᠦ ᠪᠤᠢ᠃
◆ ᠣᠢᠷ᠎ᠠ᠎ᠶᠢᠨ ᠬᠤᠭᠤᠴᠠᠭᠠᠨ᠎ᠳᠤ ᠭᠠᠭᠴᠠᠭᠠᠷ ᠡᠵᠡᠮᠰᠢᠯ᠎ᠢ ᠡᠰᠡᠷᠭᠦᠴᠡᠬᠦ ᠲᠠᠯ᠎ᠠ᠎ᠪᠠᠷ ᠰᠢᠨ᠎ᠡ ᠠᠵᠢᠯᠯᠠᠭᠠᠠᠪᠤᠭᠰᠠᠨ ᠪᠠᠢᠨ᠎ᠠ᠃ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠭᠠᠭᠴᠠᠭᠠᠷ ᠡᠵᠡᠮᠰᠢᠯ᠎ᠢ ᠡᠰᠡᠷᠭᠦᠴᠡᠬᠦ ᠵᠦᠢ ᠪᠤᠰᠤ ᠥᠷᠢᠰᠦᠯᠳᠦᠭᠡᠨ᠎ᠢ ᠡᠰᠡᠷᠭᠦᠴᠡᠬᠦ ᠵᠥᠪᠯᠡᠯ᠎ᠦᠨ ᠠᠯᠪᠠᠨ ᠭᠡᠷ᠎ᠦᠨ ᠵᠠᠬᠢᠶᠠᠯᠠᠭ᠎ᠠ ᠵᠢᠨ ᠲᠠᠪᠴᠠᠩ᠎ᠤᠨ ᠦᠢᠯᠡᠴᠢᠯᠡᠭᠡᠨ᠎ᠦ ᠠᠵᠢᠯ ᠲᠥᠷᠥᠯ᠎ᠦᠨ ᠵᠠᠬ᠎ᠠ ᠳᠡᠯᠭᠡᠭᠦᠷ᠎ᠦᠨ ᠥᠷᠢᠰᠦᠯᠳᠦᠭᠡᠨ᠎ᠦ ᠪᠠᠢᠳᠠᠯ᠎ᠢ ᠪᠠᠢᠴᠠᠭᠠᠨ ᠦᠨᠡᠯᠡᠬᠦ ᠠᠵᠢᠯ ᠥᠷᠨᠢᠭᠦᠯᠪᠡ᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠵᠢᠨ ᠣᠢᠷ᠎ᠠ᠎ᠳᠦ ᠬᠠᠷᠭᠤᠭᠤᠯᠤᠨ ᠪᠠᠢᠴᠠᠭᠠᠬᠰᠠᠨᠢ ᠦᠨᠳᠦᠰᠦᠯᠡᠨ᠂ ᠰᠶ᠋ᠶᠸ ᠴᠧᠩ᠎ᠦᠨ ᠵᠠᠬ᠎ᠠ ᠳᠡᠯᠭᠡᠭᠦᠷ᠎ᠢ ᠵᠠᠬᠢᠷᠬᠤ ᠪᠠᠢᠷᠢ ᠰᠠᠭᠤᠷᠢ᠎ᠪᠠᠨ ᠳᠤᠷ᠎ᠠ᠎ᠪᠠᠷ᠎ᠢᠶᠠᠨ ᠬᠡᠷᠡᠭᠯᠡᠭᠰᠡᠨ ᠰᠡᠵᠢᠭᠯᠡᠯᠲᠡᠢ ᠠᠵᠢᠯᠯᠠᠭ᠎ᠠ᠎ᠶᠢ ᠬᠡᠷᠡᠭ ᠪᠣᠯᠭᠠᠨ ᠳᠡᠩᠰᠡᠯᠡᠵᠦ ᠪᠠᠢᠴᠠᠭᠠᠪᠠ᠃ ᠡᠭᠦᠨ᠎ᠡᠴᠡ ᠡᠮᠦᠨ᠎ᠡ ᠠ ᠯᠢ ᠪᠠ ᠪᠠ ᠪᠦᠯᠦᠭᠯᠡᠯ᠂ ᠮᠧᠶ ᠲᠣᠸᠠᠨ ᠭᠠᠭᠴᠠᠭᠠᠷ ᠡᠵᠡᠮᠰᠢᠬᠰᠡᠨ ᠠᠵᠢᠯᠯᠠᠭ᠎ᠠ᠎ᠠᠴᠠ ᠪᠣᠯᠵᠤ ᠲᠣᠰ ᠲᠣᠰ 182.28 ᠳ᠋ᠦᠩᠰᠢᠭᠤᠷ ᠲᠥᠭᠥᠷᠢᠭ᠂ 34.42 ᠳ᠋ᠦᠩᠰᠢᠭᠤᠷ ᠲᠥᠭᠥᠷᠢᠭ᠎ᠦᠨ ᠵᠣᠭᠣᠰ᠎ᠢᠶᠠᠷ ᠲᠣᠷᠭᠠᠭᠳᠠᠵᠡᠢ᠃
— 《ᠠᠷᠠᠳ᠎ᠤᠨ ᠡᠳᠦᠷ᠎ᠦᠨ ᠰᠣᠨᠢᠨ》 ᠡᠴᠡ
ᠦᠨᠡᠯᠡᠯᠳᠡ᠄ ᠭᠠᠭᠴᠠᠭᠠᠷ ᠡᠵᠡᠮᠰᠢᠯ ᠪᠤᠯ 《ᠳᠣᠲᠣᠭᠠᠳᠤ ᠰᠢᠷᠦᠬᠦᠨ ᠦᠷᠢᠰᠦᠯᠳᠦᠬᠡᠨ》 ᠦ ᠠᠬᠢᠭᠤᠯᠤᠭ᠍ᠴᠢ᠂ ᠰᠢᠨ᠎ᠡ᠎ᠶᠢ ᠡᠭᠦᠳᠬᠦ᠎ᠶᠢᠨ ᠶᠡᠬᠡ ᠳᠠᠢᠰᠤᠨ ᠮᠥᠨ᠂ ᠭᠠᠭᠴᠠᠭᠠᠷ ᠡᠵᠡᠮᠰᠢᠯ᠎ᠢ ᠡᠰᠡᠷᠭᠦᠴᠡᠬᠦ ᠪᠣᠯ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠦᠨᠳᠦᠰᠦᠨ ᠳᠦᠷᠢᠮ ᠮᠥᠨ᠂ ᠭᠠᠭᠴᠠᠭᠠᠷ ᠡᠵᠡᠮᠰᠢᠯ᠎ᠢ ᠡᠰᠡᠷᠭᠦᠴᠡᠬᠦ ᠶᠠᠪᠤᠳᠠᠯ ᠤᠯᠠᠮ ᠭᠦᠨᠵᠡᠭᠡᠢᠷᠡᠬᠦ ᠲᠤᠳᠤᠮ ᠵᠠᠬ᠎ᠠ ᠳᠡᠯᠭᠡᠭᠦᠷ᠎ᠦᠨ ᠠᠮᠢᠳᠤᠯᠢᠭ᠋ ᠬᠦᠴᠦᠨ ᠤᠯᠠᠮ ᠪᠠᠳᠠᠷᠠᠨ᠎ᠠ᠃
◆ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠲᠠᠯ᠎ᠠ ᠪᠡᠷ ᠪᠥᠬᠥ ᠲᠠᠯ᠎ᠠ᠎ᠶᠢᠨ 《ᠲᠣᠭᠲᠠᠭᠠᠯ》 ᠭᠠᠷᠭᠠᠪᠠ᠄ ᠥᠨᠳᠥᠷ ᠴᠠᠯᠢᠩᠤᠯᠭᠤᠨᠡ ᠬᠡᠵᠦ ᠬᠤᠳᠠᠯ ᠬᠠᠭᠤᠷᠮᠠᠭ᠎ᠢᠶᠠᠷ ᠤᠬᠠᠭᠤᠯᠵᠤ ᠪᠣᠯᠬᠤ ᠦᠭᠡᠢ᠂ ᠬᠡᠯᠪᠡᠷᠢ᠎ᠶᠢ ᠨᠢ ᠥᠭᠡᠷᠡᠲᠦᠭᠦᠯᠦᠨ ᠠᠵᠢᠯᠲᠠᠨ ᠡᠯᠰᠡᠬᠦ ᠮᠡᠳᠡᠭᠡ ᠵᠠᠩᠭᠢ᠎ᠶᠢ ᠨᠡᠢᠲᠡᠯᠡᠵᠦ ᠪᠣᠯᠬᠤ ᠦᠭᠡᠢ ᠁ ᠣᠢᠷ᠎ᠠ᠎ᠳᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠲᠥᠪ᠎ᠦᠨ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ᠂ ᠳᠣᠲᠣᠭᠠᠳᠤ᠎ᠶᠢ ᠬᠠᠮᠠᠭᠠᠯᠠᠬᠤ ᠶᠠᠮᠤᠨ᠂ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠬᠠᠮᠲᠤᠷᠠᠨ 《ᠰᠦᠯᠵᠢᠶᠡᠨ᠎ᠦ ᠲᠠᠪᠴᠠᠩ᠎ᠤᠨ ᠠᠵᠢᠯᠲᠠᠨ ᠡᠯᠰᠡᠬᠦ ᠲᠥᠷᠥᠯ᠎ᠦᠨ ᠮᠡᠳᠡᠭᠡ ᠵᠠᠩᠭᠢ᠎ᠶᠢ ᠨᠡᠢᠲᠡᠯᠡᠬᠦ᠎ᠶᠢ ᠵᠢᠷᠤᠮᠵᠢᠭᠤᠯᠬᠤ ᠲᠤᠬᠠᠢ ᠮᠡᠳᠡᠭᠳᠡᠯ》 ᠨᠡᠢᠲᠡᠯᠡᠵᠦ᠂ ᠰᠦᠯᠵᠢᠶ᠎ᠡ᠎ᠪᠡᠷ ᠠᠵᠢᠯᠲᠠᠨ ᠡᠯᠰᠡᠬᠦ ᠡᠮᠬᠢ ᠵᠢᠷᠤᠮ᠎ᠢ ᠤᠯᠠᠮ ᠨᠢᠭᠡ ᠠᠯᠬᠤᠮ ᠵᠢᠷᠤᠮᠵᠢᠭᠤᠯᠪᠡ᠃
— 《 ᠠᠵᠢᠯᠴᠢᠨ᠎ᠤ ᠡᠳᠦᠷ᠎ᠦᠨ ᠰᠣᠨᠢᠨ》 ᠡᠴᠡ
ᠦᠨᠡᠯᠡᠯᠳᠡ᠄ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠵᠠᠬ᠎ᠠ ᠳᠡᠯᠭᠡᠭᠦᠷ᠎ᠲᠦ 《ᠬᠢᠵᠠᠭᠠᠷᠯᠠᠯ》 ᠲᠤᠭᠳᠠᠭᠠᠬᠰᠠᠨ ᠨᠢ ᠠᠵᠢᠯ ᠡᠷᠢᠭᠰᠡᠳ᠎ᠦᠨ ᠡᠷᠬᠡ ᠠᠰᠢᠭ᠋᠎ᠢ ᠬᠦᠴᠦᠲᠡᠢ ᠬᠠᠮᠠᠭᠠᠯᠠᠵᠤ ᠪᠠᠢᠭ᠎ᠠ ᠶᠠᠪᠤᠳᠠᠯ ᠮᠥᠨ᠃ ᠭᠡᠪᠡᠴᠦ 《ᠬᠢᠵᠠᠭᠠᠷᠯᠠᠯ》 ᠨᠢ ᠪᠣᠳᠠᠲᠤ ᠦᠷ᠎ᠡ ᠪᠦᠲᠦᠮᠵᠢ ᠲᠠᠢ ᠪᠠᠢᠬᠣ ᠡᠰᠡᠬᠦ᠎ᠶᠢᠨ ᠵᠠᠩᠭᠢᠯᠠᠭ᠎ᠠ ᠨᠢ ᠬᠢᠨᠠᠯᠲᠠ ᠬᠠᠮᠢᠶᠠᠷᠤᠯᠲᠠ᠎ᠶᠢ ᠦᠷᠭᠦᠯᠵᠢᠯᠡᠨ ᠴᠢᠩᠭᠠᠳᠬᠠᠵᠦ᠂ ᠵᠢᠷᠤᠮᠵᠢᠯ᠎ᠢ ᠨᠠᠢᠳᠠᠪᠤᠷᠢᠵᠢᠭᠤᠯᠵᠤ ᠳᠡᠶ᠋ᠢᠯᠬᠦ ᠡᠰᠡᠬᠦ᠎ᠳᠦ ᠪᠠᠢᠨ᠎ᠠ᠃