《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠢ᠋ᠢᠨ ᠬᠤᠭᠤᠴᠠᠭᠠᠨᠳᠤ ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠰᠠᠯᠠᠭ᠎ᠠ ᠮᠥᠴᠢᠷ ᠤ᠋ᠨ ᠬᠢᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠢ᠋ᠢ ᠨᠢᠭᠡ ᠴᠣᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮᠲᠡᠶ ᠵᠠᠰᠠᠬᠤ ᠢ᠋ᠢ ᠪᠠᠷᠢᠮᠲᠠᠯᠠᠵᠤ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠢ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠢ᠋ᠢᠨ ᠪᠠᠢᠯᠳᠤᠬᠤ ᠪᠣᠳᠣᠯᠭ᠎ᠠ ᠪᠡᠷ ᠵᠢᠯᠣᠭᠣᠳᠤᠮᠵᠢ ᠪᠣᠯᠭᠠᠵᠤ᠂ ᠭᠤᠤᠯ ᠮᠥᠷᠡᠨ ᠨᠠᠭᠤᠷ ᠴᠥᠭᠥᠷᠥᠮ ᠤ᠋ᠨ ᠠᠮᠢ ᠠᠬᠤᠶ ᠢ᠋ᠢ ᠰᠡᠷᠭᠦᠭᠡᠬᠦ᠌᠂ ᠬᠥᠷᠥᠰᠥ᠍ ᠱᠢᠷᠣᠶ ᠢ᠋ᠢᠨ ᠢᠳᠡᠭ᠌ᠳᠡᠯ ᠢ᠋ ᠵᠠᠰᠠᠬᠤ ᠵᠡᠷᠭᠡ ᠢᠨᠵᠧᠨᠧᠷᠢᠩ ᠢ᠋ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠭᠡ ᠤᠯᠤᠰ ᠤ᠋ᠨ ᠤᠮᠠᠷᠠᠲᠤ ᠢ᠋ᠢᠨ ᠤᠰᠤ ᠢ᠋ᠢ ᠨᠠᠩ ᠲᠤᠩᠭᠠᠯᠠᠭ᠂ ᠠᠭᠤᠯᠠ ᠢ᠋ᠢ ᠨᠠᠩ ᠨᠤᠭᠤᠭᠠᠨ ᠪᠤᠯᠭᠠᠪᠠ᠃
ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠢ᠋ᠢᠨ ᠲᠦᠷᠢᠮ ᠢ᠋ ᠪᠥᠬᠥ᠌ ᠲᠠᠯ᠎ᠠ ᠪᠡᠷ ᠬᠡᠷᠡᠭ᠌ᠵᠢᠭᠦᠯᠵᠦ᠍᠂ ᠲᠠᠪᠤᠨ ᠵᠢᠯ ᠤ᠋ᠨ ᠲᠤᠷᠰᠢ ᠨᠡᠢᠲᠡ 1.66 ᠲᠦᠮᠡᠨ ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠡᠭᠦᠷᠭᠡ ᠬᠠᠷᠢᠭᠤᠴᠠᠯᠭ᠎ᠠ ᠪᠡᠨ ᠭᠦᠶ᠋ᠴᠡᠳᠭᠡᠨ᠂ ᠭᠤᠤᠯ ᠮᠥᠷᠡᠨ ᠨᠠᠭᠤᠷ ᠴᠥᠭᠥᠷᠥᠮ ᠢ᠋ ᠨᠡᠢᠲᠡ 122.6 ᠲᠦᠮᠡᠨ ᠬᠥᠮᠦᠨ ᠤᠳᠠᠭ᠎ᠠ ᠴᠠᠭ᠍ᠳᠠᠨ ᠪᠠᠢᠴᠠᠭᠠᠵᠤ᠂ ᠨᠢᠭᠡ ᠪᠦᠯᠦᠭ ᠭᠤᠤᠯ ᠮᠥᠷᠡᠨ ᠨᠠᠭᠤᠷ ᠴᠥᠭᠥᠷᠥᠮ ᠤ᠋ᠨ ᠬᠠᠮᠠᠭᠠᠯᠠᠯᠲᠠ ᠵᠠᠰᠠᠯᠲᠠ ᠢ᠋ᠢᠨ ᠭᠤᠤᠯᠳᠠᠯᠭ᠎ᠠ ᠲᠠᠢ ᠬᠦᠴᠢᠷ ᠠᠰᠠᠭᠤᠳᠠᠯ ᠢ᠋ ᠡᠷᠴᠢᠮᠲᠠᠢ ᠰᠢᠢᠳᠪᠦᠷᠢᠯᠡᠪᠠ᠃ ᠬᠤᠯᠪᠤᠭᠳᠠᠯ ᠪᠦᠬᠦᠢ ᠰᠠᠯᠠᠭ᠎ᠠ ᠮᠥᠴᠢᠷᠬᠠᠮᠲᠤᠷᠠᠨ ᠬᠠᠤᠯᠢ ᠬᠡᠷᠡᠭ᠌ᠵᠢᠭᠦᠯᠬᠦ᠌ ᠨᠡᠢᠯᠡᠮᠡᠯ ᠬᠦᠴᠦᠨ ᠢ᠋ ᠪᠣᠶ ᠪᠣᠯᠭᠠᠨ᠂ ᠨᠡᠢᠲᠡ 7507 ᠠᠰᠠᠭᠤᠳᠠᠯ ᠢ᠋ ᠢᠯᠭᠠᠷᠠᠭᠤᠯᠤᠨ ᠴᠡᠭ᠌ᠴᠡᠯᠡᠨ ᠵᠠᠰᠠᠵᠤ᠂ 160.2 ᠲᠦᠮᠡ ᠭᠠᠷᠤᠶ ᠲᠣᠨ ᠬᠣᠭ ᠨᠣᠪᠰᠢ ᠢ᠋ᠢ ᠴᠡᠪᠡᠷᠯᠡᠨ᠂ ᠭᠤᠤᠯ ᠮᠥᠷᠡᠨ ᠨᠠᠭᠤᠷ ᠴᠥᠭᠥᠷᠥᠮ ᠤ᠋ᠨ ᠳᠦᠷᠰᠦ ᠪᠠᠢᠳᠠᠯᠳᠤ ᠦᠨᠳᠦᠰᠦᠨ ᠴᠢᠨᠠᠷᠲᠠᠶ ᠬᠤᠪᠢᠷᠠᠯᠲᠠ ᠢ᠋ᠢ ᠪᠡᠶᠡᠯᠡᠭᠦᠯᠪᠡ᠃
ᠬᠠᠮᠵᠢᠯᠴᠠᠨ ᠵᠠᠰᠠᠬᠤ ᠲᠣᠭ᠍ᠲᠠᠴᠠ ᠦᠶ᠋ᠯᠡᠳᠦᠯ ᠢ᠋ ᠪᠠᠳᠠᠷᠠᠭᠤᠯᠵᠤ᠂ ᠮᠤᠵᠢ ᠠᠯᠤᠰᠯᠠᠨ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌ ᠢ᠋ᠢ ᠴᠢᠩᠭᠠᠳᠭᠠᠵᠤ᠂ ᠤᠷᠢᠳ ᠬᠣᠵᠢᠳ ᠨᠢᠩᠱᠢᠶᠠ᠂ ᠭᠠᠨᠰᠦ ᠵᠡᠷᠭᠡ 8 ᠬᠥᠷᠰᠢ ᠵᠡᠷᠭᠡᠯᠡᠳᠡᠭᠡ ᠮᠤᠵᠢ ᠦᠪᠡᠷᠳᠡᠭᠡᠨ ᠵᠠᠰᠠᠬᠤ ᠣᠷᠣᠨ ᠤ᠋ 43 ᠬᠣᠲᠠ ᠱᠢᠶᠠᠨ ᠲᠠᠢ 35 ᠮᠤᠵᠢ ᠣᠷᠣᠨ ᠠᠯᠤᠰᠯᠠᠭ᠍ᠰᠠᠨ ᠭᠣᠣᠯ ᠮᠦᠷᠡᠨ ᠨᠠᠭᠤᠷ ᠴᠦᠬᠦᠷᠦᠮ ᠢ᠋ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠵᠦ᠍ ᠬᠣᠯᠪᠣᠭᠠᠯᠠᠨ ᠵᠠᠰᠠᠬᠤ ᠲᠣᠭ᠍ᠲᠠᠴᠠ ᠢ᠋ᠢ ᠪᠠᠢᠭᠤᠯᠵᠤ᠂ ᠰᠠᠪᠠ ᠭᠠᠵᠠᠷ ᠤ᠋ᠨ ᠠᠮᠢ ᠠᠬᠤᠢ ᠢ᠋ᠢᠨ ᠠᠮᠤᠷ ᠲᠦᠪᠱᠢᠨ ᠢ᠋ ᠬᠠᠮᠲᠤ ᠪᠡᠷ ᠬᠠᠮᠠᠭᠠᠯᠠᠪᠠ᠃ ᠬᠠᠲᠤᠨ ᠭᠤᠤᠯ᠂ ᠬᠠᠷ᠎ᠠ ᠭᠤᠤᠯ᠂ ᠨᠤᠨ ᠮᠥᠷᠡᠨ᠂ ᠯᠤᠤᠬ᠎ᠠ ᠢ᠋ᠢᠨ ᠭᠤᠤᠯ ᠵᠡᠷᠭᠡ ᠮᠤᠵᠢ ᠠᠯᠤᠰᠯᠠᠭ᠍ᠰᠠᠨ 17 ᠭᠤᠤᠯ ᠮᠥᠷᠡᠨ ᠤ᠋ ᠤᠰᠤᠨ ᠤ᠋ ᠡᠬᠢ ᠪᠠᠶᠠᠯᠢᠭ ᠤ᠋ᠨ ᠲᠣᠬᠢᠷᠠᠭᠤᠯᠤᠯᠲᠠ ᠢ᠋ᠢ ᠡᠮᠬᠢ ᠵᠢᠷᠤᠮ ᠲᠠᠢ ᠪᠡᠷ ᠥᠷᠨᠢᠭᠦᠯᠵᠤ᠂ ᠭᠤᠤᠯᠳᠠᠯᠭ᠎ᠠ ᠲᠠᠢ ᠨᠠᠭᠤᠷ ᠲᠤ᠌ ᠤᠰᠤ ᠨᠥᠬᠥᠪᠥᠷᠢᠯᠡᠬᠦ᠌ ᠢ᠋ᠢ ᠦᠷᠭᠦᠯᠵᠢᠯᠡᠨ ᠠᠬᠢᠭᠤᠯᠵᠤ᠂ ᠲᠠᠪᠤᠨ ᠵᠢᠯ ᠤ᠋ᠨ ᠲᠤᠷᠰᠢ ᠤᠯᠠᠭᠠᠨᠰᠤᠬᠠᠢ ᠨᠠᠭᠤᠷ ᠲᠤ᠌ ᠨᠡᠢᠲᠡ 23 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠤᠰᠤ ᠨᠥᠬᠥᠪᠥᠷᠢᠯᠡᠵᠦ᠍᠂ ᠲᠠᠭ᠎ᠠ ᠢ᠋ᠢᠨ ᠨᠠᠭᠤᠷ ᠲᠤ᠌ 6316 ᠲᠦᠮᠡᠨ ᠪᠣᠰᠣᠭ᠎ᠠ ᠳᠥᠷᠪᠡᠯᠵᠢᠨ ᠮᠧᠲ᠋ᠷ ᠤᠰᠤ ᠨᠥᠬᠥᠪᠥᠷᠢᠯᠡᠪᠠ᠃