75 ᠵᠦᠶ᠋ᠯ ᠤ᠋ᠨ ᠤᠯᠤᠰ ᠤ᠋ᠨ ᠭᠤᠤᠯᠳᠠᠯᠭ᠎ᠠ ᠲᠠᠶ ᠬᠠᠮᠠᠭᠠᠯᠠᠯᠳᠠ ᠵᠢᠨ ᠠᠮᠢᠲᠠᠨ
2026-01-26 10:41:50
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠣᠢᠷ᠎ᠠ ᠳ᠋ᠤ᠂ ᠤᠯᠤᠰ ᠤ᠋ᠨ ᠬᠣᠶᠠᠳᠤᠭᠠᠷ ᠳᠡᠰ ᠤ᠋ᠨ ᠬᠠᠮᠠᠭᠠᠯᠠᠯᠲᠠ ᠵᠢᠨ ᠠᠮᠢᠲᠠᠨ ᠪᠣᠯᠬᠤ ᠲᠤᠷᠤᠭ ᠪᠤᠭᠤ ᠴᠠᠰᠤᠨ ᠤ᠋ ᠳᠠᠷᠠᠭᠠᠬᠢ ᠠᠯᠠᠱᠠ ᠠᠭᠤᠯᠠᠨ ᠳ᠋ᠤ ᠢᠯᠡᠷᠡᠪᠡ᠃ ᠣᠢᠷ᠎ᠠ ᠵᠢᠨ ᠵᠢᠯ ᠳ᠋ᠦ᠂ ᠥᠪᠥᠷ ᠮᠣᠩᠭᠣᠯ ᠤ᠋ᠨ ᠠᠯᠠᠱᠠ ᠠᠭᠤᠯᠠ ᠵᠢᠨ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠠᠮᠢ ᠠᠬᠤᠶ ᠣᠷᠴᠢᠨ ᠲᠣᠭᠣᠷᠢᠨ ᠲᠠᠰᠤᠷᠠᠯᠲᠠ ᠥᠬᠡᠶ ᠰᠠᠢᠵᠢᠷᠠᠵᠤ᠂ ᠬᠡᠭᠡᠷ᠎ᠡ ᠵᠢᠨ ᠠᠮᠢᠲᠠᠨ ᠳ᠋ᠤ ᠣᠷᠣᠱᠢᠨ ᠠᠮᠢᠳᠤᠷᠠᠬᠤ ᠰᠠᠢᠨ ᠰᠠᠢᠬᠠᠨ ᠤᠷᠴᠢᠨ ᠨᠦᠬᠦᠴᠡᠯ ᠢ᠋ ᠪᠦᠷᠢᠯᠳᠦᠭᠦᠯᠦᠨ ᠦᠭᠴᠦ᠂ ᠤᠳᠤ ᠪᠤᠯᠬᠤ ᠳ᠋ᠤ ᠨᠢᠭᠡᠨᠲᠡ 75 ᠵᠦᠶ᠋ᠯ ᠤ᠋ᠨ ᠤᠯᠤᠰ ᠤ᠋ᠨ ᠭᠤᠤᠯᠳᠠᠯᠭ᠎ᠠ ᠲᠠᠶ ᠬᠠᠮᠠᠭᠠᠯᠠᠯᠳᠠ ᠵᠢᠨ ᠠᠮᠢᠲᠠᠨ ᠡᠨᠳᠡ ᠣᠷᠣᠱᠢᠨ ᠠᠮᠢᠳᠤᠷᠠᠵᠤ ᠪᠤᠢ᠃

ᠣᠢᠷ᠎ᠠ ᠵᠢᠨ ᠵᠢᠯ ᠡᠴᠡ ᠨᠠᠭᠠᠰᠢ᠂ ᠠᠯᠠᠱᠠ ᠠᠭᠤᠯᠠ ᠠᠯᠢ ᠣᠯᠠᠨ ᠵᠦᠢᠯ ᠤ᠋ᠨ ᠬᠠᠮᠠᠭᠠᠯᠠᠯᠲᠠ ᠪᠠ ᠪᠥᠲᠥᠭᠡᠨ ᠪᠠᠢᠭᠤᠯᠤᠯᠲᠠ᠎ᠪᠠᠷ ᠳᠡᠮᠵᠢᠨ ᠠᠮᠢ ᠠᠬᠤᠶ ᠣᠷᠴᠢᠨ ᠲᠣᠭᠣᠷᠢᠨ ᠢᠯᠡᠳᠲᠡ ᠰᠠᠢᠵᠢᠷᠠᠵᠤ᠂ ᠠᠮᠢ ᠠᠬᠤᠶ ᠵᠢᠨ ᠱᠢᠰᠲ᠋ᠧᠮ ᠤ᠋ᠨ ᠣᠯᠠᠨ ᠶᠠᠩᠵᠤᠲᠤ ᠴᠢᠨᠠᠷ᠂ ᠲᠣᠭ᠍ᠲᠠᠪᠤᠷᠢᠲᠤ ᠴᠢᠨᠠᠷ᠂ ᠦᠷᠭᠦᠯᠵᠢᠯᠡᠬᠦ᠌ ᠴᠢᠨᠠᠷ ᠲᠠᠰᠤᠷᠠᠯᠲᠠ ᠥᠬᠡᠶ ᠳᠡᠭᠡᠭᠰᠢᠯᠡᠪᠡ᠃ ᠬᠠᠮᠤᠭ ᠤ᠋ᠨ ᠱᠢᠨ᠎ᠡ ᠲᠣᠭ᠎ᠠ ᠪᠠᠷᠢᠮᠲᠠ ᠶ᠋ᠢ ᠦᠨᠳᠦᠰᠦᠯᠡᠪᠡᠯ᠂ ᠬᠠᠮᠠᠭᠠᠯᠠᠯᠲᠠ ᠵᠢᠨ ᠣᠷᠣᠨ ᠪᠠᠢᠭᠤᠯᠤᠭ᠍ᠳᠠᠬᠰᠠᠨ ᠡᠴᠡ ᠨᠠᠭᠠᠰᠢ ᠣᠶ ᠱᠢᠭᠤᠶ ᠵᠢᠨ ᠲᠠᠯᠠᠪᠠᠶ 32.14 ᠲᠦᠮᠡᠨ ᠮᠥ᠍ ᠪᠠᠢᠭ᠍ᠰᠠᠨ ᠡᠴᠡ ᠪᠡᠨ 58.2 ᠲᠦᠮᠡᠨ ᠮᠥ᠍ ᠪᠣᠯᠵᠤ ᠨᠡᠮᠡᠭᠳᠡᠨ᠂ ᠣᠶ ᠱᠢᠭᠤᠶ ᠵᠢᠨ ᠪᠦᠷᠬᠦᠴᠡ ᠵᠢᠨ ᠨᠣᠷᠮ᠎ᠠ 31.6% ᠪᠠᠢᠭ᠍ᠰᠠᠨ ᠡᠴᠡ ᠪᠡᠨ 57.3% ᠪᠣᠯᠤᠨ ᠳᠡᠭᠡᠭ᠌ᠰᠢᠯᠡᠵᠦ᠍᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠤᠷᠭᠤᠮᠠᠯ ᠤ᠋ᠨ ᠬᠤᠴᠢᠯᠭ᠎ᠠ ᠵᠢᠨ ᠶᠡᠷᠦᠩᠬᠡᠶ ᠪᠦᠷᠬᠦᠴᠡ ᠵᠢᠨ ᠬᠡᠮᠵᠢᠶ᠎ᠡ 80% ᠳ᠋ᠤ ᠬᠦᠷᠴᠠᠢ᠃ 352 ᠵᠦᠢᠯ ᠤ᠋ᠨ ᠡᠬᠡ ᠬᠠᠭᠤᠷᠠᠶ ᠵᠢᠨ ᠰᠡᠭᠡᠷᠲᠡᠨ ᠤ᠋ ᠳᠤᠲᠤᠷ᠎ᠠ ᠤᠯᠤᠰ ᠤ᠋ᠨ ᠭᠣᠣᠯᠳᠠᠯᠭ᠎ᠠ ᠲᠠᠶ ᠬᠠᠮᠠᠭᠠᠯᠠᠯᠳᠠ ᠵᠢᠨ ᠳᠦᠷᠰᠦ 75 ᠵᠦᠢᠯ ᠪᠤᠶ᠃ ᠡᠭᠦᠨ ᠤ᠋ ᠬᠠᠮᠲᠤ᠂ ᠲᠦᠷᠰᠤ ᠵᠢᠨ ᠰᠦᠷᠦᠭ ᠤ᠋ᠨ ᠲᠣᠭ᠎ᠠ ᠴᠦ᠍ ᠦᠷᠭᠦᠯᠵᠢᠯᠡᠨ ᠨᠡᠮᠡᠭ᠌ᠳᠡᠵᠦ᠍᠂ ᠶᠠᠩᠬᠢᠷ ᠤ᠋ᠨ ᠲᠣᠭ᠎ᠠ 2001 ᠣᠨ ᠳ᠋ᠤ 1.6 ᠲᠦᠮᠡ ᠪᠠᠢᠭ᠍ᠰᠠᠨ ᠡᠴᠡ ᠪᠡᠨ ᠨᠡᠮᠡᠭ᠌ᠳᠡᠭᠡᠳ 5 ᠲᠦᠮᠡ ᠭᠠᠷᠤᠶ ᠪᠣᠯᠵᠣ᠂ ᠲᠤᠷᠤᠭ ᠪᠤᠭᠤ ᠵᠢᠨ ᠲᠦᠷᠰᠤ ᠵᠢᠨ ᠰᠦᠷᠦᠭ 2000 ᠭᠠᠷᠤᠶ ᠪᠠᠢᠭ᠍ᠰᠠᠨ ᠡᠴᠡ ᠪᠡᠨ ᠨᠡᠮᠡᠭ᠌ᠳᠡᠭᠡᠳ 7000 ᠭᠠᠷᠤᠶ ᠪᠣᠯᠵᠣ᠂ ᠠᠮᠢᠲᠠᠨ ᠳ᠋ᠤ ᠢᠳᠡᠭᠳᠡᠭᠰᠡᠨ ᠤᠷᠭᠤᠮᠠᠯ ᠤ᠋ᠨ ᠬᠤᠴᠢᠯᠭ᠎ᠠ ᠴᠤ᠌ ᠪᠣᠷᠣᠭᠠᠨ ᠤ᠋ ᠤᠯᠠᠷᠢᠯ ᠳ᠋ᠤ ᠮᠠᠰᠢ ᠲᠦᠷᠭᠡᠨ ᠵᠢᠡᠷ ᠰᠡᠷᠭᠦᠵᠤ᠂ 《ᠠᠮᠢᠲᠠᠨ ᠢᠳᠡᠰᠢ ᠡᠷᠢᠬᠦ᠌ — ᠤᠷᠭᠤᠮᠠᠯ ᠤ᠋ᠨ ᠬᠤᠴᠢᠯᠭ᠎ᠠ ᠰᠡᠷᠭᠦᠬᠦ》 ᠰᠠᠢᠨ ᠣᠷᠴᠢᠯ ᠢ᠋ ᠪᠦᠷᠢᠯᠳᠦᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号