ᠬᠠᠮᠢᠶᠠᠷᠤᠯᠳᠠ ᠪᠡᠷ ᠬᠦᠭᠵᠢᠯᠳᠡ ᠵᠢ ᠠᠬᠢᠭᠤᠯᠤᠶ᠎ᠠ
2026-01-26 10:44:31
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠤᠰᠤᠨ ᠤ᠋ ᠡᠬᠢ ᠪᠠᠶᠠᠯᠢᠭ ᠤ᠋ᠨ ᠬᠠᠮᠢᠶᠠᠷᠤᠯᠲᠠ ᠪᠣᠯ ᠠᠮᠢ ᠠᠬᠤᠢ ᠵᠢᠨ ᠠᠰᠠᠭᠤᠳᠠᠯ ᠪᠣᠯᠬᠤ ᠪᠠᠷ ᠪᠠᠷᠠᠬᠤ ᠦᠭᠡᠢ᠂ ᠨᠡᠩ ᠴᠤ᠌ ᠬᠥᠭᠵᠢᠯᠲᠡ ᠵᠢᠨ ᠠᠰᠠᠭᠤᠳᠠᠯ ᠪᠣᠯᠬᠤ ᠶᠤᠮ


2016 ᠣᠨ ᠤ᠋ 1 ᠰᠠᠷ᠎ᠠ ᠵᠢᠨ 25 ᠤ᠋ ᠡᠳᠦᠷ ᠡᠴᠡ ᠡᠬᠢᠯᠡᠨ ᠬᠡᠷᠡᠭᠵᠢᠭᠦᠯᠦᠭᠰᠡᠨ ᠥᠪᠥᠷ ᠮᠣᠩᠭᠣᠯ ᠤ᠋ᠨ ᠰᠢᠨ᠎ᠡ ᠪᠡᠷ ᠵᠠᠰᠠᠪᠤᠷᠢ ᠤᠷᠤᠭᠤᠯᠤᠭᠰᠠᠨ 《ᠠᠵᠢᠯ ᠲᠥᠷᠥᠯ ᠤ᠋ᠨ ᠤᠰᠤ ᠬᠡᠷᠡᠭᠯᠡᠬᠦ ᠲᠣᠭᠲᠠᠭᠰᠠᠨ ᠨᠣᠷᠮ᠎ᠠ》 ᠤᠷᠤᠨ ᠨᠤᠳᠤᠭ ᠤ᠋ᠨ ᠪᠠᠷᠢᠮᠵᠢᠶ᠎ᠠ ᠪᠣᠯ ᠤᠰᠤᠨ ᠤ᠋ ᠡᠬᠢ ᠪᠠᠶᠠᠯᠢᠭ ᠢ᠋ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠨ ᠨᠢᠭᠡᠨ ᠴᠢᠬᠤᠯᠠ ᠠᠯᠬᠤᠮ ᠪᠣᠯᠤᠨ᠎ᠠ᠃ ᠤᠰᠤᠨ ᠤ᠋ ᠡᠬᠢ ᠪᠠᠶᠠᠯᠢᠭ ᠬᠠᠷᠢᠴᠠᠩᠭᠤᠢ ᠳᠤᠳᠠᠮᠠᠭ ᠪᠠᠢᠭ᠎ᠠ ᠥᠪᠥᠷ ᠮᠣᠩᠭᠣᠯ ᠨᠢ ᠤᠰᠤ ᠬᠡᠷᠡᠭᠯᠡᠭᠦ ᠲᠣᠭᠲᠠᠭᠰᠠᠨ ᠨᠤᠷᠮ᠎ᠠ ᠵᠢ ᠳᠤᠭᠳᠠᠭᠠᠨ ᠤᠰᠤ ᠠᠷᠪᠢᠯᠠᠬᠤ ᠵᠢ ᠠᠬᠢᠭᠤᠯᠵᠤ᠂ ᠪᠠᠷᠢᠮᠵᠢᠶ᠎ᠠ ᠪᠠᠷ ᠬᠥᠭᠵᠢᠯᠲᠡ ᠵᠢ ᠬᠥᠲᠥᠯᠦᠨ ᠵᠢᠯᠣᠭᠣᠳᠤᠨ᠂ 《ᠤᠰᠤᠨ ᠤ᠋ ᠬᠡᠮᠵᠢᠶ᠎ᠡ ᠪᠡᠷ ᠦᠢᠯᠡᠳᠪᠦᠷᠢᠯᠡᠯ ᠵᠢᠡᠨ ᠲᠣᠭᠲᠠᠭᠠᠵᠤ᠂ ᠤᠰᠤᠨ ᠤ᠋ ᠬᠡᠮᠵᠢᠶ᠎ᠡ ᠪᠠᠷ ᠬᠣᠲᠠ ᠵᠢᠨ ᠪᠦᠳᠦᠭᠡᠨ ᠪᠠᠢᠭᠤᠯᠤᠯᠳᠠ ᠪᠠᠨ ᠲᠣᠭᠲᠠᠭᠠᠬᠤ》 ᠠᠮᠢ ᠠᠬᠤᠢ ᠵᠢᠨ ᠵᠠᠰᠠᠯᠳᠠ ᠵᠢᠨ ᠣᠶᠤᠨ ᠤᠬᠠᠭᠠᠨ ᠢ᠋ ᠲᠤᠳᠤᠷᠠᠭᠤᠯᠵᠠᠢ᠃

ᠰᠢᠨ᠎ᠡ ᠪᠡᠷ ᠵᠠᠰᠠᠪᠤᠷᠢ ᠤᠷᠤᠭᠤᠯᠤᠭᠰᠠᠨ 《ᠠᠵᠢᠯ ᠲᠥᠷᠥᠯ ᠤ᠋ᠨ ᠤᠰᠤ ᠬᠡᠷᠡᠭᠯᠡᠬᠦ ᠲᠣᠭᠲᠠᠭᠰᠠᠨ ᠨᠣᠷᠮ᠎ᠠ》 ᠨᠢ ᠤᠯᠠᠮᠵᠢᠯᠠᠯᠲᠤ ᠠᠵᠤ ᠦᠢᠯᠡᠰ ᠲᠠᠢ ᠬᠤᠯᠪᠤᠭᠳᠠᠭᠰᠠᠨ ᠵᠢᠡᠷ ᠪᠠᠷᠠᠬᠤ ᠥᠬᠡᠢ ᠨᠡᠩ ᠴᠤ᠌ ᠳ᠋ᠠᠢᠲ᠋ᠠ ᠬᠦᠮᠤᠷᠭᠡ ᠵᠢᠨ ᠲᠥᠪ ᠵᠡᠷᠭᠡ ᠰᠢᠨ᠎ᠡ ᠪᠡᠷ ᠮᠠᠨᠳᠤᠵᠤ ᠪᠠᠢᠭ᠎ᠠ ᠠᠵᠢᠯ ᠲᠥᠷᠥᠯ ᠳ᠋ᠤ ᠬᠤᠯᠪᠤᠭᠳᠠᠵᠤ᠂ ᠲᠥᠷᠥ ᠵᠢᠨ ᠪᠣᠳᠣᠯᠭ᠎ᠠ ᠵᠢᠨ ᠬᠤᠰᠢᠭᠤᠴᠢ ᠴᠢᠨᠠᠷ ᠪᠤᠯᠤᠨ ᠰᠢᠰᠲ᠋ᠧᠮᠲᠦ ᠴᠢᠨᠠᠷ ᠢ᠋ ᠬᠠᠷᠠᠭᠤᠯᠪᠠ᠃ ᠰᠠᠭᠠᠯᠢ ᠵᠢᠨ ᠦᠨᠢᠶ᠎ᠡ ᠲᠡᠵᠢᠭᠡᠬᠦ᠂ ᠦᠵᠦᠮ ᠲᠠᠷᠢᠬᠤ ᠵᠡᠷᠭᠡ ᠣᠨᠴᠠᠯᠢᠭᠲᠤ ᠠᠵᠤ ᠦᠢᠯᠡᠰ ᠤ᠋ᠨ ᠤᠰᠤ ᠬᠡᠷᠡᠭᠯᠡᠬᠦ ᠪᠠᠷᠢᠮᠵᠢᠶ᠎ᠠ ᠵᠢ ᠨᠠᠷᠢᠯᠢᠭᠵᠢᠭᠤᠯᠤᠨ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠣᠷᠣᠨ ᠤ᠋ ᠪᠠᠢᠳᠠᠯ ᠳ᠋ᠤ᠌ ᠰᠠᠭᠤᠷᠢᠯᠠᠬᠰᠠᠨ ᠮᠥᠷᠲᠡᠭᠡᠨ ᠪᠠᠰᠠ ᠶᠡᠭᠡ ᠲᠠᠯ᠎ᠠ ᠳ᠋ᠤ᠌ ᠦᠢᠯᠡᠴᠢᠯᠡᠵᠦ᠂ ᠠᠵᠤ ᠦᠢᠯᠡᠰ ᠤ᠋ᠨ ᠪᠣᠬᠢᠷᠲᠤᠯ ᠦᠭᠡᠢ ᠬᠡᠯᠪᠡᠷᠢ ᠪᠡᠨ ᠬᠤᠪᠢᠷᠠᠭᠤᠯᠬᠤ ᠳ᠋ᠤ᠌ 《ᠤᠰᠤ ᠬᠡᠷᠡᠭᠯᠡᠬᠦ ᠬᠡᠮᠵᠢᠭᠦᠷ》 ᠢ᠋ ᠲᠣᠳᠣᠷᠬᠠᠢᠯᠠᠪᠠ᠃

ᠡᠨᠡ ᠬᠦ᠌ ᠠᠷᠭ᠎ᠠ ᠬᠡᠮᠵᠢᠶ᠎ᠡ ᠨᠢ ᠪᠢᠴᠢᠭ ᠮᠠᠲ᠋ᠧᠷᠢᠶᠠᠯ ᠤ᠋ᠨ ᠰᠢᠨᠡᠴᠢᠯᠡᠯᠲᠡ ᠲᠡᠳᠦᠢ ᠪᠢᠰᠢ᠂ ᠨᠡᠩ ᠴᠤ᠌ ᠬᠥᠭᠵᠢᠯᠲᠡ ᠵᠢᠨ ᠣᠢᠯᠠᠭᠠᠭᠳᠠᠬᠤᠨ ᠤ᠋ ᠳᠡᠰ ᠲᠠᠪᠰᠢᠯᠲᠠ ᠪᠣᠯᠬᠤ ᠶᠤᠮ᠃ ᠤᠰᠤ ᠬᠡᠷᠡᠭᠯᠡᠭᠦ ᠳᠤᠭᠳᠠᠭᠰᠠᠨ ᠨᠣᠷᠮ᠎ᠠ ᠵᠢᠨ ᠬᠦᠯᠢᠶᠡᠰᠦᠯᠡᠯ ᠵᠢᠡᠷ ᠳᠠᠮᠵᠢᠨ ᠡᠯ᠎ᠡ ᠠᠵᠢᠯ ᠲᠥᠷᠥᠯ ᠤ᠋ᠨ ᠬᠢᠨ ᠤ᠋ ᠤᠰᠤ ᠠᠷᠪᠢᠯᠠᠬᠤ ᠮᠠᠶᠢᠭ ᠤ᠋ᠨ ᠦᠢᠯᠡᠳᠪᠦᠷᠢᠯᠡᠯ ᠤ᠋ᠨ ᠳᠠᠢᠰᠢ ᠬᠤᠪᠢᠷᠠᠭᠤᠯᠬᠤ ᠵᠢ ᠠᠬᠢᠭᠤᠯᠬᠤ ᠨᠢ ᠣᠷᠣᠨ ᠪᠦᠰᠡ ᠵᠢᠨ ᠤᠰᠤᠨ ᠤ᠋ ᠡᠬᠢ ᠪᠠᠶᠠᠯᠢᠭ ᠤ᠋ᠨ ᠳᠠᠷᠤᠭᠠᠰᠤ ᠵᠢ ᠨᠠᠮᠳᠠᠭᠤᠯᠬᠤ᠂ ᠠᠵᠤ ᠦᠢᠯᠡᠰ ᠤ᠋ᠨ ᠪᠠᠢᠷᠢᠰᠢᠭᠤᠯᠤᠯᠳᠠ ᠵᠢ ᠰᠢᠯᠢᠳᠡᠭᠵᠢᠭᠦᠯᠬᠦ᠂ ᠬᠥᠮᠦᠨ ᠬᠢᠭᠡᠳ ᠪᠠᠢᠭᠠᠯᠢ ᠵᠢᠨ ᠡᠶ᠎ᠡ ᠵᠤᠬᠢᠴᠠᠩᠭᠤᠢ ᠬᠠᠮᠲᠤ ᠪᠠᠷ ᠣᠷᠣᠰᠢᠬᠤ ᠳ᠋ᠤ᠌ ᠴᠦᠮ ᠠᠰᠢᠭᠲᠠᠢ ᠪᠤᠯᠬᠤ ᠨᠢ ᠢᠯᠡᠭᠡᠨ᠃

ᠤᠰᠤᠨ ᠤ᠋ ᠡᠬᠢ ᠪᠠᠶᠠᠯᠢᠭ ᠳᠤᠲᠠᠭᠳᠠᠬᠤ ᠪᠣᠯ ᠥᠪᠥᠷ ᠮᠣᠩᠭᠣᠯ ᠤ᠋ᠨ ᠠᠵᠤ ᠠᠬᠤᠢ ᠨᠡᠢᠭᠡᠮ ᠤ᠋ᠨ ᠴᠢᠨᠠᠷ ᠰᠠᠢᠲᠠᠢ ᠬᠥᠭᠵᠢᠯᠲᠡ ᠵᠢ ᠬᠦᠯᠢᠶᠡᠰᠦᠯᠡᠵᠤ ᠪᠠᠢᠭ᠎ᠠ ᠴᠢᠬᠤᠯᠠ ᠬᠦᠴᠦᠨ ᠵᠦᠢᠯ ᠤ᠋ᠨ ᠨᠢᠭᠡ ᠪᠤᠯᠬᠤ ᠨᠢ ᠳᠠᠮᠵᠢᠭ ᠦᠭᠡᠢ᠂ ᠤᠰᠤᠨ ᠤ᠋ ᠡᠬᠢ ᠪᠠᠶᠠᠯᠢᠭ ᠤ᠋ᠨ ᠬᠠᠮᠢᠶᠠᠷᠤᠯᠲᠠ ᠪᠣᠯ ᠠᠮᠢ ᠠᠬᠤᠢ ᠵᠢᠨ ᠠᠰᠠᠭᠤᠳᠠᠯ ᠪᠣᠯᠬᠤ ᠪᠠᠷ ᠪᠠᠷᠠᠬᠤ ᠦᠭᠡᠢ᠂ ᠨᠡᠩ ᠴᠤ᠌ ᠬᠥᠭᠵᠢᠯᠲᠡ ᠵᠢᠨ ᠠᠰᠠᠭᠤᠳᠠᠯ ᠪᠣᠯᠤᠨ᠎ᠠ᠃ ᠤᠰᠤ ᠬᠡᠷᠡᠭᠯᠡᠭᠦ ᠳᠤᠭᠳᠠᠭᠰᠠᠨ ᠨᠣᠷᠮ᠎ᠠ ᠵᠢᠨ ᠬᠦᠯᠢᠶᠡᠰᠦᠯᠡᠯ ᠵᠢᠡᠷ ᠳᠠᠮᠵᠢᠨ ᠠᠮᠢ ᠠᠬᠤᠢ ᠵᠢᠨ ᠤᠯᠠᠭᠠᠨ ᠱᠤᠭᠤᠮ ᠢ᠋ ᠠᠵᠤ ᠦᠢᠯᠡᠰ ᠤ᠋ᠨ ᠳᠡᠰ ᠳᠡᠪᠰᠢᠭᠦᠯᠬᠦ ᠲᠦᠷᠭᠡᠳᠬᠡᠭᠦᠷ ᠪᠣᠯᠭᠠᠨ ᠬᠤᠪᠢᠷᠠᠭᠤᠯᠵᠤ᠂ ᠡᠢᠮᠦᠷᠬᠦᠦ 《ᠤᠰᠤᠨ ᠤ᠋ ᠬᠡᠮᠵᠢᠶ᠎ᠡ ᠪᠠᠷ ᠦᠢᠯᠡᠳᠪᠦᠷᠢᠯᠡᠯ ᠢ᠋ ᠬᠥᠭᠵᠢᠭᠦᠯᠬᠦ》 ᠠᠷᠭ᠎ᠠ ᠵᠠᠮ ᠨᠢ ᠡᠬᠢ ᠪᠠᠶᠠᠯᠢᠭ ᠤ᠋ᠨ ᠬᠡᠯᠪᠡᠷᠢ ᠵᠢᠨ ᠭᠠᠵᠠᠷ ᠣᠷᠣᠨ ᠤ᠋ ᠬᠡᠯᠪᠡᠷᠢ ᠪᠠᠨ ᠬᠤᠪᠢᠷᠠᠭᠤᠯᠬᠤ ᠳ᠋ᠤ᠌ ᠳᠤᠯᠢ ᠪᠤᠯᠬᠤᠢᠴᠠ ᠦᠢᠯᠡᠳᠤᠯ ᠲᠠᠢ  ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号