ᠥᠪᠥᠷ ᠮᠣᠩᠭᠣᠯ ᠤ᠋ᠨ ᠠᠩᠬᠠᠳᠠᠭ᠍ᠴᠢ 《ᠴᠠᠬᠢᠯᠭᠠᠨ ᠬᠦᠴᠦ + ᠲᠡᠦᠬᠡ ᠶ᠋ᠢᠨ ᠳᠤᠷᠠᠰᠭᠠᠯᠲᠤ ᠵᠦᠶ᠋ᠯᠡᠰ》 ᠤ᠋ᠨ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠠᠩᠭᠢ ᠪᠠᠢᠭᠤᠯᠤᠭᠳᠠᠵᠡᠢ
2026-01-26 10:53:20
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ᠂ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠲᠣᠪᠴᠢᠶ᠎ᠠ ᠪᠣᠯᠤᠨ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭ᠌ᠯᠡᠯ ᠺᠣᠮᠫᠠᠨᠢ ᠶ᠋ᠢᠨ ᠬᠢᠨ ᠲᠦᠷᠦᠬᠦᠬᠡᠨ ᠬᠠᠮᠲᠤᠷᠠᠯᠴᠠᠭᠠᠨ ᠤ᠋ ᠰᠠᠨᠠᠮᠵᠢ ᠶ᠋ᠢᠨ ᠪᠢᠴᠢᠭ ᠲᠦ᠍ ᠭᠠᠷ ᠤ᠋ᠨ ᠥᠰᠥᠭ ᠵᠢᠷᠤᠭ᠍ᠰᠠᠨ ᠪᠥᠭᠡᠳ ᠴᠠᠬᠢᠯᠭᠠᠨ ᠬᠦᠴᠦᠨ᠎ᠦ ᠪᠦᠯᠦᠭ᠌ᠯᠡᠯ ᠤ᠋ᠨ ᠬᠠᠮᠢᠶ᠎ᠠ ᠪᠥᠬᠥᠶ ᠨᠢᠭᠡᠴᠢ ᠳ᠋ᠤ 《ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠬᠠᠮᠠᠭᠠᠯᠠᠬᠤ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠠᠩᠭᠢ》 ᠶ᠋ᠢᠨ ᠫᠠᠢᠰᠠ ᠣᠯᠭᠣᠨ᠂ ᠮᠠᠨ ᠤ᠋ ᠤᠷᠤᠨ ᠤ᠋ ᠠᠩᠬᠠᠳᠠᠭ᠍ᠴᠢ 《ᠴᠠᠬᠢᠯᠭᠠᠨ ᠬᠦᠴᠦ + ᠲᠡᠦᠬᠡ ᠶ᠋ᠢᠨ ᠳᠤᠷᠠᠰᠭᠠᠯᠲᠤ ᠵᠦᠶ᠋ᠯᠡᠰ》 ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠬᠠᠮᠠᠭᠠᠯᠠᠬᠤ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠠᠩᠭᠢ ᠪᠠᠢᠭᠤᠯᠤᠭ᠍ᠳᠠᠪᠠ᠃

《ᠴᠠᠬᠢᠯᠭᠠᠨ ᠬᠦᠴᠦ + ᠲᠡᠦᠬᠡ ᠶ᠋ᠢᠨ ᠳᠤᠷᠠᠰᠭᠠᠯᠲᠤ ᠵᠦᠶ᠋ᠯᠡᠰ》 ᠤ᠋ᠨ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠠᠩᠭᠢ ᠵᠢ ᠵᠣᠬᠢᠶᠠᠨ ᠪᠠᠢᠭᠤᠯᠤᠭ᠍ᠰᠠᠨ ᠶᠠᠪᠤᠳᠠᠯ ᠪᠤᠯ ᠵᠠᠰᠠᠭ ᠤ᠋ᠨ ᠤᠷᠳᠤᠨ ᠪᠤᠯᠤᠨ ᠠᠵᠤ ᠠᠬᠤᠢᠯᠠᠯ ᠬᠠᠮᠵᠢᠯᠴᠠᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠠᠮᠤᠷ ᠲᠦᠪᠱᠢᠨ ᠤ᠋ ᠬᠠᠮᠠᠭᠠᠯᠠᠯᠳᠠ ᠶ᠋ᠢᠨ ᠱᠤᠭᠤᠮ ᠢ᠋ ᠪᠠᠢᠭᠤᠯᠤᠭᠰᠠᠨ ᠱᠢᠨ᠎ᠡ ᠰᠦᠪᠡᠭ᠌ᠴᠢᠯᠡᠯᠲᠡ ᠪᠤᠯᠤᠨ᠎ᠠ᠃ ᠡᠨᠡ ᠬᠦ᠌ ᠴᠣ ᠱᠢᠨ᠎ᠡ ᠬᠠᠮᠲᠤᠷᠠᠯᠴᠠᠭᠠᠨ ᠤ᠋ ᠵᠠᠭ᠍ᠪᠤᠷ ᠨᠢ ᠴᠠᠬᠢᠯᠭᠠᠨ ᠬᠦᠴᠦᠨ ᠤ᠋ ᠱᠢᠰᠲ᠋ᠧᠮ ᠤ᠋ᠨ 《ᠪᠦᠷᠬᠦᠴᠡ ᠥᠷᠭᠡᠨ᠂ ᠡᠩᠨᠡᠭᠡ ᠭᠠᠷᠮᠠᠭᠠᠢ᠂ ᠠᠵᠢᠯ ᠨᠠᠷᠢᠨ》 ᠪᠠᠢᠳᠠᠭ ᠥᠪᠡᠷᠮᠢᠴᠡ ᠳᠠᠪᠠᠭᠤᠯᠢᠭ ᠢ᠋ ᠠᠮᠢᠳᠤᠯᠢᠭ ᠠᠰᠢᠭᠯᠠᠨ ᠴᠠᠬᠢᠯᠭᠠᠨ ᠤᠳᠠᠰᠤ ᠵᠢ ᠲᠣᠭᠣᠷᠢᠨ ᠴᠠᠭ᠍ᠳᠠᠬᠤ ᠵᠠᠮ ᠢ᠋ ᠲᠡᠥᠬᠡ ᠶ᠋ᠢᠨ ᠲᠤᠷᠠᠰᠬᠠᠯᠳᠦ ᠵᠦᠢᠯ ᠤ᠋ᠨ ᠦᠯᠡᠳᠡᠭ᠌ᠳᠡᠯ ᠢ᠋ ᠬᠠᠮᠠᠭᠠᠯᠠᠬᠤ ᠵᠠᠮ ᠪᠣᠯᠭᠠᠨ ᠬᠤᠪᠢᠷᠠᠭᠤᠯᠵᠤ᠂ ᠴᠠᠬᠢᠯᠭᠠᠨ ᠬᠦᠴᠦᠨ ᠤ᠋ ᠠᠵᠢᠯᠳᠠᠨ ᠠᠵᠢᠯᠴᠢᠨ ᠢ᠋ ᠰᠣᠶᠣᠯ ᠤ᠋ᠨ ᠥᠪ ᠤ᠋ᠨ ᠬᠠᠮᠠᠭᠠᠯᠠᠭ᠍ᠴᠢ ᠪᠣᠯᠭᠠᠵᠠᠢ᠃ ᠲᠡᠷᠡ ᠨᠢ ᠴᠠᠬᠢᠯᠭᠠᠨ ᠬᠦᠴᠦᠨ ᠤ᠋ ᠠᠮᠤᠷ ᠲᠦᠪᠱᠢᠨ ᠪᠣᠯᠤᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠠᠮᠤᠷ ᠲᠦᠪᠱᠢᠨ ᠤ᠋ ᠳᠠᠪᠬᠤᠷ ᠬᠠᠮᠠᠭᠠᠯᠠᠯᠲᠠ ᠶ᠋ᠢᠨ ᠱᠢᠰᠲ᠋ᠧᠮ ᠢ᠋ ᠪᠠᠢᠭᠤᠯᠬᠤ ᠪᠠᠷ ᠳᠡᠮᠵᠢᠨ ᠣᠲᠣ ᠦᠶ᠎ᠡ ᠶ᠋ᠢᠨ ᠴᠠᠬᠢᠯᠭᠠᠨ ᠤ᠋ ᠲᠤᠤᠷ ᠤ᠋ᠨ ᠪᠥᠲᠥᠭᠡᠨ ᠪᠠᠢᠭᠤᠯᠤᠯᠲᠠ ᠪᠣᠯᠤᠨ ᠰᠣᠶᠣᠯ ᠤ᠋ᠨ ᠥᠪ ᠤ᠋ᠨ ᠬᠠᠮᠠᠭᠠᠯᠠᠯᠲᠠ ᠵᠢ ᠵᠡᠷᠭᠡ ᠪᠡᠷ ᠶᠠᠪᠤᠭ᠍ᠳᠠᠭᠤᠯᠵᠤ  ᠬᠠᠮᠵᠢᠯᠴᠠᠨ ᠪᠠᠲᠤᠯᠠᠬᠤ ᠵᠢ ᠠᠬᠢᠭᠤᠯᠪᠠ᠃

ᠥᠪᠥᠷ ᠮᠣᠩᠭᠣᠯ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠡᠬᠢ ᠪᠠᠶᠠᠯᠢᠭ ᠡᠯᠪᠡᠭ᠂ ᠲᠡᠦᠬᠡ ᠭᠦᠨ ᠵᠤᠵᠠᠭᠠᠨ᠂ ᠣᠨᠴᠠᠯᠢᠭ ᠢᠯᠡ ᠲᠣᠳᠣ ᠪᠠᠢᠵᠤ᠂ ᠪᠥᠬᠥ᠌ ᠣᠷᠣᠨ ᠳ᠋ᠤ 2.1 ᠲᠦᠮᠡ ᠭᠠᠷᠤᠶ ᠱᠢᠯᠵᠢᠭᠦᠯᠵᠦ᠍ ᠦᠯᠦ ᠪᠤᠯᠬᠤ ᠲᠡᠦᠬᠡ ᠶ᠋ᠢᠨ ᠳᠤᠷᠠᠰᠭᠠᠯᠲᠤ ᠵᠦᠶ᠋ᠯᠡᠰ᠂ ᠮᠦᠽᠧᠶ ᠳ᠋ᠤ ᠬᠠᠳᠠᠭᠠᠯᠠᠵᠤ ᠪᠠᠢᠭ᠎ᠠ 135 ᠲᠦᠮᠡᠨ ᠢᠵᠢ ᠲᠡᠦᠬᠡ ᠶ᠋ᠢᠨ ᠳᠤᠷᠠᠰᠭᠠᠯᠲᠤ ᠵᠦᠶ᠋ᠯᠡᠰ ᠨᠢ 5000 ᠭᠠᠷᠤᠶ ᠵᠢᠯ ᠤ᠋ᠨ ᠳᠤᠮᠳᠠᠳᠤ ᠶ᠋ᠢᠨ ᠪᠣᠯᠪᠠᠰᠤᠨ ᠢ᠋ ᠲᠦᠯᠦᠬᠡᠯᠡᠨ᠂ ᠥᠪᠥᠷ ᠮᠣᠩᠭᠣᠯ ᠣᠷᠣᠨ ᠤ᠋ ᠦᠨᠳᠦᠰᠦᠲᠡᠨ ᠨᠤᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠠᠸ᠋ᠭ᠎ᠠ ᠰᠦᠷᠯᠢᠭ ᠲᠡᠦᠬᠡᠨ ᠶᠠᠪᠤᠴᠠ ᠵᠢ ᠬᠡᠷᠡᠴᠢᠯᠡᠵᠦ ᠪᠠᠢᠳᠠᠭ᠃ ᠠᠵᠢᠯ ᠲᠥᠷᠥᠯ ᠠᠯᠤᠰᠯᠠᠭᠰᠠᠨ 1900 ᠭᠠᠷᠤᠶ ᠬᠦᠮᠦᠨ ᠲᠠᠢ 《ᠴᠠᠬᠢᠯᠭᠠᠨ ᠬᠦᠴᠦ + ᠲᠡᠦᠬᠡ ᠶ᠋ᠢᠨ ᠳᠤᠷᠠᠰᠭᠠᠯᠲᠤ ᠵᠦᠶ᠋ᠯᠡᠰ》 ᠤ᠋ᠨ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠡᠩᠨᠡᠭᠡ ᠨᠢ ᠥᠪᠥᠷ ᠮᠣᠩᠭᠣᠯ ᠤ᠋ᠨ ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷᠡᠬᠢ ᠰᠣᠶᠣᠯ ᠤ᠋ᠨ ᠥᠪ ᠢ᠋ 《ᠰᠠᠬᠢᠨ ᠬᠠᠮᠠᠭᠠᠯᠠᠬᠤ ᠪᠠᠳᠤ ᠬᠡᠷᠡᠮ》 ᠢ᠋ ᠴᠤᠭᠴᠠᠯᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号