ᠥᠪᠥᠷ ᠮᠣᠩᠭᠤᠯ᠎ᠤᠨ ᠢᠳᠡᠪᠬᠢ ᠬᠦᠴᠦᠨᠳᠦ ᠰᠦᠯᠵᠢᠶᠡᠨ᠎ᠤ ᠰᠣᠳᠣᠨ ᠪᠦᠲᠦᠭᠡᠯ᠎ᠢ ᠴᠤᠭ᠍ᠯᠠᠭᠤᠯᠤᠨ ᠨᠡᠪᠲᠡᠷᠡᠭᠦᠯᠬᠦ᠌ ᠠᠵᠢᠯᠯᠠᠭ᠎ᠠ᠎ᠶ᠋ᠢᠨ ᠱᠢᠯᠭᠠᠷᠠᠭᠤᠯᠤᠯᠲᠠ᠎ᠶ᠋ᠢᠨ ᠦᠷ᠎ᠡ ᠳ᠋ᠦᠩ ᠲᠣᠳᠣᠷᠠᠪᠠ
2026-01-26 10:26:01
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠦᠪᠦᠷ ᠮᠤᠩᠭᠤᠯ᠎ᠤᠨ ᠦᠪᠡᠷᠲᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠰᠦᠯᠵᠢᠶᠠᠨ᠎ᠤ ᠠᠮᠤᠷ ᠲᠦᠪᠰᠢᠨ ᠪᠠ ᠮᠡᠲᠡᠭᠡ ᠵᠠᠩᠬᠢᠴᠢᠯᠠᠯᠲᠠ ᠢ᠋ᠢᠨ ᠬᠤᠷᠢᠶᠠᠨ᠎ᠤ ᠠᠯᠪᠠᠨ ᠬᠡᠷ᠎ᠡᠴᠡ ᠡᠷᠭᠢᠯᠡᠭ᠌ᠰᠡᠨ 《ᠡᠨᠡ ᠪᠤᠯ ᠤᠮᠠᠷᠠᠲᠤ ᠬᠢᠯᠢ ᠠᠮᠢᠵᠢᠷᠠᠯ ᠪᠢᠯᠬᠠᠬᠰᠠᠨ ᠦᠪᠦᠷ ᠮᠤᠩᠭᠤᠯ》 — 《2025 ᠦᠪᠦᠷ ᠮᠤᠩᠭᠤᠯ᠎ᠤᠨ ᠢᠲᠡᠪᠬᠢ ᠬᠦᠴᠦᠨᠳᠦ ᠰᠦᠯᠵᠢᠶᠡᠨ᠎ᠤ ᠰᠣᠳᠣᠨ ᠪᠦᠲᠦᠬᠡᠯ ᠢ᠋ ᠴᠤᠭ᠍ᠯᠠᠭᠤᠯᠤᠨ ᠨᠡᠪᠲᠡᠷᠡᠭᠦᠯᠭᠦ᠌ ᠠᠵᠢᠯᠯᠠᠭ᠎ᠠ》 ᠢ᠋ᠢᠨ ᠰᠤᠩᠭᠤᠭᠤᠯᠢ ᠢ᠋ᠢᠨ ᠦᠷ᠎ᠡ ᠳ᠋ᠦ᠋ᠩ ᠲᠤᠲᠤᠷᠠᠵᠦ᠂ ᠤᠯᠠᠨ ᠡᠬᠡᠯᠵᠢ᠎ᠶ᠋ᠢᠨ ᠶᠡᠷᠦᠩᠭᠡᠢᠯᠡᠭ᠌ᠰᠡᠨ ᠦᠨᠡᠯᠡᠯᠲᠡ᠎ᠪᠡᠷ ᠲᠠᠮᠵᠢᠨ 100 ᠱᠢᠯᠢᠲᠡᠭ ᠪᠦᠲᠦᠬᠡᠯ ᠴᠤᠯᠭᠤᠷᠠᠨ ᠭᠠᠷᠴᠠᠢ᠃

ᠲᠤᠰ ᠠᠵᠢᠯᠯᠠᠭ᠎ᠠ᠎ᠶ᠋ᠢ ᠡᠬᠢᠯᠡᠭᠦᠯᠦᠭ᠌ᠰᠡᠨ᠎ᠡᠴᠠ ᠨᠠᠭᠠᠰᠢ᠂ ᠡᠯ᠎ᠡ ᠨᠢᠭᠡᠴᠢ᠂ ᠭᠤᠣᠯ ᠵᠠᠭᠤᠴᠢᠯᠠᠭᠤᠷ ᠵᠢᠴᠢ ᠥᠷᠭᠡᠨ ᠣᠯᠠᠨ ᠰᠦᠯᠵᠢᠶᠡᠨ ᠠᠨᠳᠠ ᠨᠠᠷ ᠢᠳᠡᠪᠬᠢᠲᠡᠶ ᠴᠤᠤᠷᠢᠶᠠᠲᠤᠨ ᠳᠠᠭᠠᠵᠤ᠂ ᠢᠳᠡᠪᠬᠢᠲᠡᠶ ᠣᠷᠣᠯᠴᠠᠪᠠ᠃ ᠣᠷᠣᠯᠴᠠᠭ᠍ᠰᠠᠳ ᠢᠳᠡᠪᠬᠢ ᠬᠦᠴᠦᠨ᠎ᠢ ᠲᠠᠮᠵᠢᠭᠤᠯᠬᠤ ᠭᠤᠣᠯ ᠰᠡᠳᠦᠪ᠎ᠲᠠᠢ ᠨᠢᠭ᠍ᠲᠠ ᠤᠶᠠᠯᠳᠤᠭᠤᠯᠤᠨ᠂ ᠠᠮᠢᠳᠤᠯᠢᠭ ᠦᠭᠡ ᠬᠡᠯᠡ᠎ᠪᠠᠷ ᠳᠡᠷᠭᠡᠳᠡᠬᠢ ᠥᠯᠢᠭᠡᠷ᠎ᠢᠶᠠᠨ ᠶᠠᠷᠢᠵᠤ᠂ ᠱᠢᠨ᠎ᠡ ᠰᠡᠪᠡᠭᠦᠨ ᠪᠦᠲᠦᠭᠡᠯᠴᠢ ᠰᠡᠳᠭᠢᠬᠦᠢ᠎ᠪᠠᠷ ᠴᠠᠭ ᠦᠶ᠎ᠡ᠎ᠶ᠋ᠢᠨ ᠳᠦᠷᠰᠦ ᠪᠠᠢᠳᠠᠯ᠎ᠢ ᠢᠯᠡᠷᠡᠭᠦᠯᠵᠦ᠍᠂ ᠨᠠᠷᠢᠯᠢᠭ ᠰᠠᠢᠬᠠᠨ ᠦᠢᠯᠡᠳᠬᠦᠨ᠎ᠢᠶᠠᠷ ᠲᠠᠮᠵᠢᠭᠤᠯᠭ᠎ᠠ ᠢ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠠᠭᠤᠯᠭ᠎ᠠ᠂ ᠬᠡᠯᠪᠡᠷᠢ ᠬᠢᠭᠡᠳ ᠲᠠᠮᠵᠢᠭᠤᠯᠭ᠎ᠠ ᠢ᠋ᠢᠨ ᠠᠷᠭ᠎ᠠ ᠮᠠᠶᠢᠭ᠎ᠤᠨ ᠲᠠᠯ᠎ᠠ᠎ᠪᠠᠷ ᠣᠯᠠᠨ ᠲᠠᠯ᠎ᠠ᠎ᠪᠠᠷ ᠱᠢᠨ᠎ᠡ᠎ᠶ᠋ᠢ ᠡᠭᠦᠳᠬᠦ᠌᠎ᠶ᠋ᠢ ᠪᠡᠶᠡᠯᠡᠭᠦᠯᠵᠦ᠍᠂ ᠣᠯᠠᠨ ᠲᠠᠰ ᠳᠠᠪᠬᠤᠷᠭ᠎ᠠ᠎ᠶ᠋ᠢᠨ᠂ ᠥᠷᠭᠡᠨ ᠪᠦᠷᠬᠦᠴᠡ᠎ᠲᠠᠢ ᠢᠳᠡᠪᠬᠢ ᠬᠦᠴᠦᠨ᠎ᠤ ᠤᠬᠠᠭᠤᠯᠭ᠎ᠠ᠎ᠶ᠋ᠢᠨ ᠪᠠᠢᠷᠢᠱᠢᠯ᠎ᠢ ᠪᠣᠶ ᠪᠣᠯᠭᠠᠪᠠ᠃ ᠲᠤᠰ ᠠᠵᠢᠯᠯᠠᠭ᠎ᠠ᠎ᠳᠤ ᠨᠡᠢᠲᠡ 6585 ᠬᠤᠪᠢ ᠪᠦᠲᠦᠭᠡᠯ᠎ᠢ ᠭᠥᠯᠢᠶᠡᠨ ᠠᠪᠴᠤ᠌᠂ ᠦᠰᠦᠭ ᠪᠢᠴᠢᠭ᠂ ᠭᠡᠷᠡᠯ ᠵᠢᠷᠤᠭ᠂ ᠸᠢᠳᠢᠣ᠋᠂ ᠲᠤᠰᠭᠠᠢ ᠰᠡᠳᠦᠪᠲᠦ ᠲᠤᠰᠭᠠᠢ ᠪᠤᠯᠤᠩ᠂ ᠭᠤᠣᠯ ᠰᠡᠳᠦᠪᠲᠦ ᠠᠵᠢᠯᠯᠠᠭ᠎ᠠ ᠵᠢᠴᠢ AI ᠪᠦᠲᠦᠭᠡᠯ ᠵᠡᠷᠭᠡ ᠵᠢᠷᠭᠤᠭᠠᠨ ᠶᠡᠭᠡ ᠲᠦᠷᠦᠯ᠎ᠢ ᠬᠠᠮᠤᠷᠪᠠ᠃

ᠠᠵᠢᠯᠯᠠᠭ᠎ᠠ᠎ᠶ᠋ᠢᠨ ᠬᠠᠯᠠᠮᠰᠢᠯ᠎ᠤᠨ ᠬᠡᠮᠵᠢᠶ᠎ᠡ ᠦᠷᠭᠦᠯᠵᠢᠯᠡᠨ ᠳᠡᠭᠡᠭ᠌ᠰᠢᠯᠡᠬᠦ᠌᠎ᠶ᠋ᠢ ᠳᠠᠭᠠᠯᠳᠤᠨ᠂ 《ᠡᠨᠡ ᠪᠣᠯ ᠤᠮᠠᠷᠠᠲᠤ ᠬᠢᠯᠢ ᠠᠮᠢᠵᠢᠷᠠᠯ ᠪᠢᠯᠬᠠᠬᠰᠠᠨ ᠥᠪᠥᠷ ᠮᠣᠩᠭᠤᠯ》 ᠭᠡᠬᠦ᠌ ᠶᠠᠷᠢᠯᠴᠠᠭᠠᠨ᠎ᠤ ᠰᠡᠳᠦᠪ᠎ᠤᠨ ᠡᠯ᠎ᠡ ᠨᠡᠢᠭᠡᠮ᠎ᠤᠨ ᠬᠠᠷᠢᠯᠴᠠᠭᠠᠨ᠎ᠤ ᠲᠠᠪᠴᠠᠩ᠎ᠳᠡᠬᠢ ᠬᠤᠷᠰᠢᠯᠴᠠᠬᠰᠠᠨ ᠬᠡᠮᠵᠢᠶ᠎ᠡ ᠢᠯᠡᠳᠲᠡ ᠨᠡᠮᠡᠭ᠌ᠳᠡᠵᠦ᠍᠂ ᠪᠢᠴᠢᠯ ᠪᠦᠷᠬᠡ᠎ᠳᠡᠬᠢ ᠶᠠᠷᠢᠯᠴᠠᠭᠠᠨ᠎ᠤ ᠰᠡᠳᠦᠪ ᠢ᠋ ᠤᠩᠰᠢᠬᠰᠠᠨ ᠬᠡᠮᠵᠢᠶ᠎ᠡ ᠨᠡᠢᠲᠡ 3.6 ᠳ᠋ᠦᠩᠱᠢᠭᠤᠷ ᠤᠳᠠᠭ᠎ᠠ᠎ᠳᠤ ᠬᠦᠷᠴᠡᠶ; ᠸᠢᠳᠢᠣ᠋ ᠳ᠋ᠤᠭᠠᠷ ᠲᠡᠬᠢ ᠶᠠᠷᠢᠯᠴᠠᠭᠠᠨ᠎ᠤ ᠰᠡᠳᠦᠪ ᠢ᠋ ᠨᠡᠪᠲᠡᠷᠡᠭᠦᠯᠦᠭᠰᠡᠨ ᠬᠡᠮᠵᠢᠶ᠎ᠡ ᠨᠡᠢᠲᠡ 2.1 ᠳ᠋ᠦᠩᠱᠢᠭᠤᠷ ᠤᠳᠠᠭ᠎ᠠ᠎ᠳᠤ ᠬᠦᠷᠪᠡ; ᠴᠤᠤᠷᠢᠶ᠎ᠠ᠎ᠳᠡᠬᠢ ᠶᠠᠷᠢᠯᠴᠠᠭᠠᠨ᠎ᠤ ᠰᠡᠲᠦᠪ ᠢ᠋ ᠨᠡᠪᠲᠡᠷᠡᠭᠦᠯᠦᠭᠰᠡᠨ ᠬᠡᠮᠵᠢᠶ᠎ᠡ 3.9 ᠳ᠋ᠦᠩᠱᠢᠭᠤᠷ ᠤᠳᠠᠭ᠎ᠠ᠎ᠳᠤ ᠬᠦᠷᠴᠡᠶ; ᠪᠤᠰᠢᠭᠤ ᠭᠠᠷ ᠲᠡᠬᠢ ᠶᠠᠷᠢᠯᠴᠠᠭᠠᠨ᠎ᠤ ᠰᠡᠲᠦᠪ ᠢ᠋ ᠨᠡᠪᠲᠡᠷᠡᠭᠦᠯᠦᠭᠰᠡᠨ ᠬᠡᠮᠵᠢᠶ᠎ᠡ 1.8 ᠳ᠋ᠦᠩᠱᠢᠭᠤᠷ ᠤᠳᠠᠭ᠎ᠠ᠎ᠳᠤ ᠬᠦᠷᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号