ᠵᠠᠷᠤᠳ ᠬᠤᠰᠢᠭᠤᠨ᠎ᠤ ᠰᠡᠳᠬᠢᠴᠡ᠎ᠶᠢᠨ ᠡᠷᠡᠭᠦᠯ ᠮᠡᠨᠳᠦ᠎ᠶᠢᠨ ᠥᠷᠲᠡᠭᠡ ᠠᠰᠢᠬᠯᠠᠯᠲᠠ ᠳ᠋ᠤ ᠤᠷᠤᠪᠠ
2026-01-26 16:31:35
ᠵᠣᠬᠢᠶᠠᠭ᠍ᠴᠢ᠄
ᠪᠤᠤ ᠴᠢᠩ ᠱᠧᠩ᠂ ᠵᠢᠶᠠ ᠵᠢᠶᠠ
ᠣᠩᠱᠢᠭ᠍ᠰᠠᠨ ᠣᠳᠠᠭ᠎ᠠ᠄
★★★☆☆

1 ᠰᠠᠷ᠎ᠠ᠎ᠶᠢᠨ 21᠎ᠤ᠋ ᠡᠳᠦᠷ᠂ ᠵᠠᠷᠤᠳ ᠬᠣᠰᠢᠭᠤᠨ᠎ᠤ ᠰᠡᠳᠬᠢᠴᠡ᠎ᠶᠢᠨ ᠡᠷᠡᠭᠦᠯ ᠮᠡᠨᠳᠦ᠎ᠶᠢᠨ ᠪᠣᠯᠪᠠᠰᠤᠨ᠎ᠤ ᠦᠢᠯᠡᠳᠦᠯᠭᠡ᠎ᠶᠢᠨ ᠥᠷᠲᠡᠭᠡ ᠲᠤᠰ ᠬᠤᠰᠢᠭᠤᠨ᠎ᠤ ᠯᠥᠪᠧᠢ ᠵᠡᠭᠡᠯᠢ ᠭᠤᠳᠤᠮᠵᠢ᠎ᠶᠢᠨ ᠴᠢᠨ ᠶᠤᠧᠠᠨ ᠨᠡᠢᠭᠡᠮ ᠲᠣᠭᠣᠷᠢᠭ᠋᠎ᠲᠤ ᠵᠢᠩᠬᠢᠨᠢ ᠪᠡᠷ ᠠᠰᠢᠭ᠍ᠯᠠᠯᠲᠠ᠎ᠳᠤ ᠣᠷᠣᠵᠤ᠂ ᠣᠯᠠᠨ ᠲᠦᠮᠡᠨ᠎ᠳᠦ ᠦᠨ᠎ᠡ ᠲᠦᠯᠦᠪᠦᠷᠢ ᠦᠭᠡᠢ᠎ᠪᠡᠷ ᠲᠤᠰᠬᠠᠢ ᠮᠡᠷᠭᠡᠵᠢᠯ᠎ᠦᠨ ᠰᠡᠳᠬᠢᠴᠡ᠎ᠶᠢᠨ ᠦᠢᠯᠡᠴᠢᠯᠡᠭᠡ ᠬᠠᠩᠭᠠᠵᠤ ᠪᠠᠢᠨ᠎ᠠ᠃

ᠲᠤᠰ ᠥᠷᠲᠡᠭᠡᠨ᠎ᠳᠦ ᠣᠶᠤᠨᠴᠢ ᠰᠡᠳᠬᠢᠴᠡ᠎ᠶᠢ ᠦᠨᠡᠯᠡᠬᠦ ᠰᠢᠰᠲ᠋ᠧᠮ᠂ ᠬᠥᠳᠡᠯᠭᠡᠭᠡᠨ᠎ᠤ ᠵᠠᠰᠠᠯᠭ᠎ᠠ ᠵᠢᠨ ᠲᠠᠰᠤᠭ ᠵᠡᠷᠭᠡ ᠲᠤᠰᠬᠠᠢ ᠮᠡᠷᠭᠡᠵᠢᠯ᠎ᠦᠨ ᠲᠥᠬᠦᠭᠡᠷᠦᠮᠵᠢ᠎ᠶᠢ ᠲᠣᠬᠢᠷᠠᠭᠤᠯᠵᠤ᠂ ᠵᠠᠯᠠᠭᠤᠴᠤᠳ ᠪᠠᠭᠠᠴᠤᠳ᠂ ᠨᠠᠰᠤᠲᠠᠢᠴᠤᠳ᠂ ᠬᠦᠴᠢᠷᠳᠡᠯ᠎ᠳᠦ ᠲᠤᠯᠭᠠᠷᠠᠭᠰᠠᠨ ᠭᠡᠷ ᠪᠦᠯᠢ ᠵᠡᠷᠭᠡ ᠬᠥᠮᠥᠰ᠎ᠲᠦ ᠭᠣᠣᠯᠳᠠᠯᠭ᠎ᠠ᠎ᠲᠠᠢ ᠦᠢᠯᠡᠴᠢᠯᠡᠵᠤ ᠪᠤᠢ᠃ ᠪᠠᠰᠠ 《ᠡᠷᠦᠬᠡ᠎ᠳᠦ ᠬᠦᠷᠴᠦ ᠰᠡᠳᠬᠢᠯ᠎ᠢ ᠠᠮᠤᠷᠵᠢᠭᠤᠯᠬᠤ ᠠᠵᠢᠯᠯᠠᠭ᠎ᠠ》 ᠥᠷᠨᠢᠭᠦᠯᠥᠨ᠂ ᠭᠡᠷ ᠲᠦ᠍ᠨᠢ ᠬᠦᠷᠴᠦ ᠦᠨᠡᠯᠡᠨ ᠵᠢᠱ᠌ᠢᠬᠦ ᠪᠠ ᠬᠥᠲᠥᠯᠥᠨ ᠵᠢᠯᠤᠭᠣᠳᠬᠤ᠎ᠪᠠᠷ ᠪᠠᠷᠠᠬᠤ ᠦᠭᠡᠢ᠂ 24 ᠴᠠᠭ᠎ᠤᠨ ᠠᠰᠠᠭᠤᠨ ᠯᠠᠪᠯᠠᠬᠤ ᠬᠠᠯᠠᠮᠰᠢᠯ ᠤᠲᠠᠰᠤ ᠨᠡᠪᠲᠡᠷᠡᠭᠦᠯᠵᠡᠢ᠃ ᠣᠯᠠᠨ ᠲᠦᠮᠡᠨ ᠰᠦᠯᠵᠢᠶᠡᠨ ᠳᠡᠭᠡᠷ᠎ᠡ ᠪᠠ ᠪᠤᠳᠠᠳᠤ ᠴᠤᠬᠴᠠ ᠳ᠋ᠤ ᠤᠷᠢᠳᠴᠢᠯᠠᠨ ᠪᠣᠯᠵᠣᠬᠤ᠎ᠪᠠᠷ ᠳᠠᠮᠵᠢᠨ᠂ ᠨᠢᠭᠡ ᠳ᠋ᠤ ᠨᠢᠭᠡ ᠪᠡᠷ ᠠᠰᠠᠭᠤᠨ ᠯᠠᠪᠯᠠᠬᠤ᠂ ᠪᠦᠯᠬᠦᠮ ᠨᠡᠶ᠋ᠢᠲᠡ ᠪᠡᠷ ᠬᠠᠪᠰᠤᠷᠤᠨ ᠵᠢᠯᠤᠭᠣᠳᠬᠤ ᠵᠡᠷᠭᠡ ᠦᠢᠯᠡᠴᠢᠯᠡᠭᠡ᠎ᠶᠢ ᠬᠥᠷᠳᠡᠵᠤ᠂ ᠪᠠᠰᠠ ᠡᠭᠦᠳᠡᠨ ᠳ᠋ᠤᠨᠢ ᠬᠥᠷᠴᠥ ᠥᠢᠯᠡᠴᠢᠯᠡᠨ᠂ ᠣᠶᠤᠨ ᠰᠠᠨᠠᠭᠠᠨ᠎ᠤ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠵᠤ ᠪᠠᠢᠨ᠎ᠠ᠃

ᠲᠣᠰ ᠬᠣᠰᠢᠭᠤᠨ᠎ᠤ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠦᠢᠯᠡᠴᠢᠯᠡᠭᠡᠨ᠎ᠦ ᠲᠥᠪ᠎ᠦᠨ ᠺᠠᠳ᠋ᠷ ᠰᠢᠤᠧᠠᠢ ᠢᠦᠢ ᠶᠢᠩ᠄《ᠰᠡᠳᠬᠢᠴᠡ᠎ᠶᠢᠨ ᠡᠷᠡᠭᠦᠯ ᠮᠡᠨᠳᠦ᠎ᠶᠢᠨ ᠪᠣᠯᠪᠠᠰᠤᠨ᠎ᠤ ᠦᠢᠯᠡᠳᠦᠯᠭᠡ᠎ᠶᠢᠨ ᠥᠷᠲᠡᠭᠡ᠎ᠶᠢ ᠪᠠᠶ᠋ᠢᠭᠤᠯᠤᠬᠰᠠᠨ᠎ᠤ ᠭᠤᠤᠯ ᠵᠤᠷᠢᠯᠳᠠ ᠨᠢ ᠪᠥᠬᠥ ᠬᠣᠰᠢᠭᠤᠨ᠎ᠤ ᠣᠯᠠᠨ ᠲᠦᠮᠡᠨ᠎ᠳᠦ ᠲᠤᠰᠬᠠᠢ 〈ᠣᠶᠤᠨ ᠰᠠᠨᠠᠭ᠎ᠠ ᠵᠢ ᠬᠠᠯᠠᠮᠵᠢᠯᠠᠬᠤ〉 ᠭᠠᠷᠠᠮ᠎ᠢ ᠪᠠᠢᠭᠤᠯᠥᠨ ᠥᠭᠴᠥ᠂ ᠥᠷᠭᠡᠨ ᠣᠯᠠᠨ ᠲᠦᠮᠡᠨ᠎ᠦ ᠰᠡᠳᠬᠢᠴᠡ᠎ᠶᠢᠨ ᠬᠡᠷᠡᠭᠴᠡᠭᠡ᠎ᠶᠢ ᠨᠠᠷᠢᠯᠢᠭ᠋ ᠣᠨᠣᠴᠠᠲᠠᠢ ᠬᠠᠩᠭᠠᠬᠤ᠎ᠳᠤ ᠤᠷᠤᠰᠢᠨ᠎ᠠ᠂ ᠡᠨᠡ ᠨᠢ ᠦᠨᠳᠦᠰᠦᠨ ᠱᠠᠲᠤᠨ᠎ᠤ ᠵᠠᠰᠠᠯᠲᠠ᠎ᠶᠢᠨ ᠣᠳᠣᠬᠢᠴᠢᠯᠠᠯᠲᠠ᠎ᠶᠢᠨ ᠵᠠᠩᠭᠢᠯᠠᠭ᠎ᠠ᠎ᠶᠢᠨ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ᠌ ᠰᠡᠳᠬᠢᠴᠠ ᠵᠢᠨ ᠵᠠᠰᠠᠯᠲᠠ᠎ᠪᠠᠷ ᠪᠥᠬᠥ ᠵᠠᠰᠠᠯᠲᠠ᠎ᠶᠢ ᠠᠬᠢᠭᠤᠯᠬᠤ᠂ ᠤᠯᠠᠨ ᠲᠦᠮᠡᠨ᠎ᠦ ᠵᠢᠷᠭᠠᠯᠲᠤ ᠲᠥᠷᠥᠭᠳᠡᠯ᠎ᠢ ᠳᠡᠭᠡᠭᠰᠢᠯᠡᠭᠦᠯᠬᠦ ᠪᠣᠳᠠᠲᠠᠢ ᠦᠢᠯᠡᠳᠦᠯᠭᠡ ᠪᠣᠯᠣᠨ᠎ᠠ》 ᠭᠡᠵᠤ ᠭᠡᠯᠡᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号