ᠨᠠᠢᠷᠠᠭᠤᠯᠤᠭ᠍ᠴᠢ᠎ᠶ᠋ᠢᠨ ᠦᠭᠡ᠄ ᠬᠤᠷᠢᠨ ᠨᠢᠭᠡᠳᠦᠭᠡᠷ ᠬᠤᠭᠤᠴᠠᠭᠠᠨ᠎ᠤ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠮᠦᠰᠦ ᠴᠠᠰᠤᠨ᠎ᠤ ᠨᠠᠭᠠᠳᠤᠮ᠂ 2025 ᠤᠨ᠎ᠤ ᠮᠦᠰᠦ ᠴᠠᠰᠤᠨ᠎ᠤ ᠪᠠᠭᠠᠳᠤᠳ᠎ᠤᠨ ᠴᠤᠭᠯᠠᠭᠠᠨ᠂ ᠬᠤᠷᠢᠨ ᠬᠤᠶᠠᠳᠤᠭᠠᠷ ᠬᠤᠭᠤᠴᠠᠭᠠᠨ᠎ᠤ ᠲᠤᠮᠳᠠᠳᠤ ᠤᠷᠤᠰ ᠮᠤᠩᠭᠤᠯ᠎ᠤᠨ ᠤᠯᠠᠨ ᠤᠯᠤᠰ᠎ᠤᠨ ᠮᠦᠰᠦ ᠴᠠᠰᠤᠨ᠎ᠤ ᠨᠠᠢᠷ ᠵᠡᠷᠭᠡ ᠴᠢᠬᠤᠯᠠ ᠶᠡᠭᠡ ᠠᠵᠢᠯᠯᠠᠭ᠎ᠠ ᠵᠠᠯᠭᠠᠭ᠎ᠠ ᠪᠡᠷ ᠶᠠᠪᠤᠭᠳᠠᠬᠤ ᠵᠢ ᠲᠠᠭᠠᠯᠳᠤᠨ ᠂ ᠦᠪᠦᠷ ᠮᠤᠩᠭᠤᠯ᠎ᠤᠨ ᠡᠯ᠎ᠡ ᠭᠠᠵᠠᠷ ᠲᠸ᠋ ᠦᠪᠡᠷᠮᠢᠴᠡ ᠤᠨᠴᠠᠯᠢᠬ ᠪᠦᠬᠦᠢ ᠮᠦᠰᠦ ᠴᠠᠰᠤᠨ᠎ᠤ ᠠᠵᠢᠯᠯᠠᠭ᠎ᠠ ᠦᠷᠭᠡᠨ ᠲᠠᠯᠭᠡᠷ ᠦᠷᠨᠢᠵᠦ᠂ ᠬᠠᠬᠢᠷ ᠬᠦᠢᠳᠡᠨ ᠤᠯᠠᠷᠢᠯ᠎ᠢ ᠬᠦᠭᠵᠢᠶᠡᠨ ᠨᠠᠷᠬᠢᠶᠠᠨ ᠵᠢᠡᠷ ᠪᠢᠯᠬᠠᠭᠤᠯᠵᠤ᠂《ᠬᠦᠶ᠋ᠲᠡᠨ ᠡᠬᠢ ᠪᠠᠶᠠᠯᠢᠭ》᠎ᠢ᠋《ᠬᠠᠯᠠᠮᠱᠢᠯ ᠠᠵᠤ ᠦᠢᠯᠡᠰ 》ᠪᠣᠯᠭᠠᠨ ᠬᠤᠪᠢᠷᠠᠭᠤᠯᠤᠯᠠ᠃ ᠲᠣᠰ ᠵᠣᠬᠢᠶᠠᠯ᠎ᠳᠤ ᠪᠢᠳᠡ ᠥᠪᠥᠷ ᠮᠣᠩᠭᠣᠯ᠎ᠤᠨ ᠡᠯ᠎ᠡ ᠭᠠᠵᠠᠷ᠎ᠤᠨ ᠮᠥᠰᠥ᠍ ᠴᠠᠰᠤᠨ᠎ᠤ ᠨᠠᠭᠠᠳᠤᠮ᠎ᠤᠨ ᠬᠢᠯᠠᠰ ᠴᠡᠭ᠎ᠢ ᠭᠦᠨᠵᠡᠭᠡᠶ ᠠᠭᠤᠳᠠᠯᠵᠤ᠂ ᠮᠥᠰᠥ᠍ ᠴᠠᠰᠤᠨ᠎ᠤ ᠨᠠᠭᠠᠳᠤᠮ᠎ᠢ ᠬᠥᠭ᠌ᠵᠢᠭᠦᠯᠬᠦ᠌ ᠱᠢᠨ᠎ᠡ ᠠᠷᠭ᠎ᠠ ᠬᠡᠮᠵᠢᠶᠡᠵᠢᠴᠢ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ ᠪᠢᠴᠢᠭ ᠮᠠᠲ᠋ᠧᠷᠢᠶᠠᠯ᠎ᠢ ᠡᠮᠬᠢᠯᠡᠨ ᠳᠢᠭ᠌ᠯᠡᠵᠦ᠍᠂ ᠥᠪᠥᠷ ᠮᠣᠩᠭᠣᠯ᠎ᠤᠨ ᠮᠥᠰᠥ᠍ ᠴᠠᠰᠤᠨ᠎ᠤ ᠵᠢᠭᠤᠯᠴᠢᠯᠠᠯ᠎ᠤᠨ ᠥᠷᠨᠢᠩᠭᠦᠶ ᠬᠥᠭ᠌ᠵᠢᠯᠲᠡ ᠵᠢ ᠢᠯᠡᠷᠡᠭᠦᠯᠬᠦ᠌ ᠵᠢ ᠵᠤᠷᠢᠯ᠎ᠠ᠃

ᠵᠡᠭᠦᠨ ᠡᠴᠡ ᠪᠠᠷᠠᠭᠤᠨᠰᠢ 2400 ᠭᠠᠷᠤᠢ ᠺᠢᠯᠤᠮᠸᠲᠷ᠎ᠤᠨ ᠨᠤᠳᠤᠭ ᠲᠡᠪᠢᠰᠭᠡᠷ᠂ ᠲᠠᠯ᠎ᠠ ᠨᠤᠲᠤᠭ᠂ ᠤᠢ ᠱᠢᠭᠤᠢ᠂ ᠡᠯᠡᠰᠦᠨ ᠴᠦᠯ᠂ ᠮᠥᠩᠭᠥᠨ ᠵᠠᠰᠠᠯ ᠵᠢᠡᠷ ᠭᠤᠶᠤᠯᠠᠵᠤ᠂ ᠤᠯᠠᠮᠵᠢᠯᠠᠯᠲᠤ ᠲᠠᠯ᠎ᠠ ᠨᠤᠲᠤᠭ᠎ᠤᠨ ᠦᠪᠡᠳᠡᠭ᠌ᠰᠢ ᠴᠤᠭ᠍ᠯᠠᠭᠠᠨ᠎ᠠᠴᠠ ᠣᠲᠣ ᠦᠶ᠎ᠡ᠎ᠶ᠋ᠢᠨ ᠡᠯᠧᠮᠧᠨ᠋ᠲ᠎ᠢ ᠠᠭᠤᠰᠤᠯᠴᠠᠭᠤᠯᠤᠭ᠍ᠰᠠᠨ ᠮᠥᠰᠥ᠍ ᠴᠠᠰᠤᠨ᠎ᠤ ᠰᠣᠶᠣᠯ ᠵᠢᠭᠤᠯᠴᠢᠯᠠᠯ᠎ᠤᠨ ᠦᠪᠡᠳᠡᠭ᠌ᠰᠢ ᠨᠠᠢᠷ ᠬᠦᠷᠳᠡᠯ᠎ᠡ᠂ ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ ᠠᠯᠢ ᠣᠯᠠᠨ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠪᠡᠷ ᠡᠪᠦᠯ᠎ᠦᠨ ᠤᠯᠠᠷᠢᠯ᠎ᠤᠨ ᠵᠢᠭᠤᠯᠴᠢᠯᠠᠯ᠎ᠢ ᠬᠥᠭ᠌ᠵᠢᠭᠡᠪᠡ᠃
【ᠦᠵᠡᠭᠳᠡᠯ ᠨᠢᠭᠡ】
ᠬᠥᠯᠥᠨ ᠪᠣᠢᠷ ᠬᠣᠲᠠ ᠄ ᠥᠪᠥᠷ ᠮᠣᠩᠭᠣᠯ᠎ᠤᠨ ᠮᠥᠰᠥ᠍ ᠴᠠᠰᠤᠨ᠎ᠤ ᠵᠢᠭᠤᠯᠴᠢᠯᠠᠯ᠎ᠤᠨ ᠭᠤᠤᠯ ᠣᠷᠣᠨ ᠪᠦᠰᠡ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠨ ᠨᠢᠭᠡᠳᠦᠭᠡᠷ ᠬᠤᠭᠤᠴᠠᠭᠠᠨ᠎ᠤ ᠮᠥᠰᠥ᠍ ᠴᠠᠰᠤᠨ᠎ᠤ ᠨᠠᠭᠠᠳᠤᠮ᠎ᠢᠶᠠᠷ ᠤᠳᠤᠷᠢᠳᠤᠮᠵᠢ ᠪᠣᠯᠭᠠᠵᠤ᠂ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠥᠷᠨᠢᠯᠲᠡ ᠭᠠᠷᠭᠠᠪᠠ᠃ ᠠᠵᠢᠯᠯᠠᠭ᠎ᠠ ᠨᠢ 2025 ᠤᠨ᠎ᠤ 12 ᠰᠠᠷ᠎ᠠ᠎ᠶ᠋ᠢᠨ 21 ᠤ᠋ ᠡᠳᠦᠷ᠎ᠡᠴᠡ 2026 ᠤᠨ᠎ᠤ 3 ᠰᠠᠷ᠎ᠠ ᠪᠣᠯᠲᠠᠯ᠎ᠠ ᠦᠷᠭᠦᠯᠵᠢᠯᠡᠨ᠎ᠡ᠃ ᠡᠨᠡ ᠬᠦ᠌ ᠬᠤᠭᠤᠴᠠᠭᠠᠨ᠎ᠳᠤ ᠢᠮᠢᠨ ᠭᠣᠣᠯ᠎ᠤᠨ ᠮᠥᠰᠥ᠍ ᠴᠠᠰᠤᠨ᠎ᠤ ᠨᠠᠢᠷ᠂ ᠵᠠᠯᠠᠨ ᠠᠢᠯ ᠬᠤᠳᠠ᠎ᠶ᠋ᠢᠨ ᠮᠥᠰᠥ᠍ ᠴᠠᠰᠤᠨ᠎ᠤ ᠨᠠᠢᠷ᠂ ᠭᠡᠭᠡᠨ ᠭᠣᠣᠯ ᠬᠤᠳᠠ᠎ᠶ᠋ᠢᠨ ᠬᠦᠢᠳᠡᠨ᠎ᠦ ᠲᠤᠢᠯ᠎ᠤᠨ ᠨᠠᠢᠷ ᠵᠡᠷᠭᠡ ᠠᠯᠢ ᠤᠯᠠᠨ ᠪᠠᠶᠠᠯᠢᠭ ᠠᠭᠤᠯᠭᠠᠪᠦᠬᠦᠢ ᠠᠵᠢᠯᠯᠠᠭ᠎ᠠ ᠥᠷᠨᠢᠭᠦᠯᠤᠨ᠎ᠠ᠃ ᠡᠭᠦᠨ᠎ᠳᠦ᠂ ᠬᠠᠭᠤᠴᠢᠨ ᠪᠠᠷᠭᠤ ᠬᠣᠱᠢᠭᠤᠨ᠎ᠤ ᠮᠥᠰᠥ᠍ ᠴᠠᠰᠤᠨ᠎ᠤ ᠲᠡᠯᠭᠡᠷ ᠨᠠᠭᠠᠳᠤᠮ᠂ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠡᠪᠦᠯ᠎ᠦᠨ ᠤᠯᠠᠷᠢᠯ᠎ᠤᠨ ᠨᠡᠭᠦᠳᠡᠯ ᠰᠣᠶᠣᠯ᠎ᠤᠨ ᠪᠡᠶᠡᠴᠢᠯᠡᠨ ᠣᠢᠯᠠᠭᠠᠬᠤ ᠤᠯᠠᠷᠢᠯ ᠵᠡᠷᠭᠡ ᠠᠵᠢᠯᠯᠠᠭ᠎ᠠ ᠨᠢ ᠵᠢᠭᠤᠯᠴᠢᠯᠠᠬᠰᠠᠳ᠎ᠲᠤ ᠲᠠᠯ᠎ᠠ ᠨᠤᠲᠤᠭ᠎ᠤᠨ ᠮᠥᠰᠥ᠍ ᠴᠠᠰᠤᠨ᠎ᠤ ᠰᠣᠶᠣᠯ᠎ᠤᠨ ᠥᠪᠡᠷᠮᠢᠴᠡ ᠷᠢᠳᠢ ᠱᠢᠳᠢ᠎ᠶ᠋ᠢ ᠭᠦᠨᠵᠡᠭᠡᠢ ᠤᠢ᠍ᠢᠯᠠᠭᠠᠭᠤᠯᠬᠤ ᠪᠤᠯᠤᠨ᠎ᠠ᠃ ᠡᠭᠦᠨ᠎ᠡᠴᠡ ᠭᠠᠳᠠᠨ᠎ᠠ᠂ ᠬᠥᠯᠥᠨ ᠪᠤᠢ᠌ᠷ ᠬᠤᠳᠠ ᠵᠢᠨ ᠬᠢᠨ ᠪᠠᠰᠠ 《ᠬᠥᠯᠥᠨ ᠪᠤᠢ᠌ᠷ᠎ᠤᠨ ᠠᠩᠬᠠᠨ᠎ᠤ ᠴᠠᠰᠤ ᠵᠢ ᠵᠤᠷᠢᠶᠠ》 ᠭᠡᠬᠦ᠌ ᠤᠢ ᠱᠢᠭᠤᠢ᠎ᠶ᠋ᠢᠨ ᠷᠤᠮᠠᠨᠲ᠋ᠢᠬ ᠬᠤᠷᠢᠮ᠎ᠤᠨ ᠶᠣᠰᠣᠯᠠᠯ ᠵᠢᠴᠢ ᠴᠠᠰᠤᠲᠤ ᠤᠢ᠎ᠳᠤ ᠥᠪᠡᠷ᠎ᠢᠶᠡᠨ ᠮᠠᠱᠢᠨ ᠲᠡᠷᠭᠡ ᠵᠢᠯᠣᠭᠣᠳᠴᠤ ᠵᠢᠭᠤᠯᠴᠢᠯᠠᠬᠤ ᠵᠡᠷᠭᠡ ᠤᠨᠴᠠᠯᠢᠬ᠍ᠳᠤ ᠠᠵᠢᠯᠯᠠᠭ᠎ᠠ ᠥᠷᠨᠢᠭᠦᠯᠵᠦ᠍᠂ ᠮᠠᠰᠢ ᠤᠯᠠᠨ ᠵᠢᠭᠤᠯᠴᠢᠯᠠᠬᠰᠠᠳ᠎ᠤᠨ ᠠᠩᠬᠠᠷᠤᠯ᠎ᠢ ᠲᠠᠲᠠᠵᠤ ᠪᠤᠢ᠃


【ᠦᠵᠡᠭᠳᠡᠯ ᠬᠤᠶᠠᠷ 】
ᠷᠠᠱᠢᠶᠠᠨ ᠬᠤᠳᠠ ᠄ ᠬᠢᠩᠭᠠᠨ ᠠᠢᠮᠠᠭ᠎ᠤᠨ ᠷᠠᠰᠢᠶᠠᠨ ᠬᠤᠳᠠ ᠥᠪᠡᠷᠮᠢᠴᠡ ᠣᠨᠴᠠᠯᠢᠭ᠎ᠲᠠᠶ ᠮᠥᠰᠥ᠍ ᠴᠠᠰᠤᠨ᠎ᠤ ᠡᠬᠢ ᠪᠠᠶᠠᠯᠢᠭ ᠪᠣᠯᠤᠨ ᠬᠠᠯᠠᠭᠤᠨ ᠷᠠᠱᠢᠶᠠᠨ᠎ᠤ ᠡᠬᠢ ᠪᠠᠶᠠᠯᠢᠭ᠎ᠲᠠᠭᠠᠨ ᠲᠦᠱᠢᠭ᠌ᠯᠡᠵᠦ᠍᠂ ᠮᠥᠰᠥ᠍ ᠴᠠᠰᠤᠨ᠎ᠤ ᠤᠯᠠᠷᠢᠯ᠎ᠤᠨ ᠠᠵᠢᠯᠯᠠᠭ᠎ᠠ ᠥᠷᠨᠢᠭᠦᠯᠪᠡ᠃ 2025 ᠤᠨ᠎ᠤ 11 ᠰᠠᠷ᠎ᠠ᠎ᠶ᠋ᠢᠨ 15 ᠤ᠋ ᠡᠳᠦᠷ᠂ ᠷᠠᠱᠢᠶᠠᠨ᠎ᠤ 2025 — 2026 ᠣᠨ᠎ᠤ ᠮᠥᠰᠥ᠍ ᠴᠠᠰᠤᠨ᠎ᠤ ᠤᠯᠠᠷᠢᠯ ᠵᠢᠴᠢ ᠬᠤᠷᠢᠳᠤᠭᠠᠷ ᠬᠤᠭᠤᠴᠠᠭᠠᠨ᠎ᠤ ᠮᠥᠰᠥ᠍ ᠴᠠᠰᠤᠨ᠎ᠤ ᠨᠠᠢᠷ ᠡᠷᠬᠢᠯᠡᠪᠡ᠃ ᠲᠤᠰ ᠠᠵᠢᠯᠯᠠᠭ᠎ᠠ᠎ᠨᠢ ᠵᠢᠨ ᠵᠢᠶᠠᠩ ᠭᠧᠦ᠍ᠶ᠋ᠢᠨ ᠬᠠᠯᠠᠭᠤᠨ ᠷᠠᠱᠢᠶᠠᠨ᠂ ᠬᠥᠯᠳᠡᠳᠡᠭ ᠦᠬᠡᠢ ᠭᠤᠤᠯ᠎ᠤᠨ ᠬᠥᠪᠪᠥᠯᠲᠡ᠂ ᠷᠠᠰᠢᠶᠠᠨ᠎ᠤ ᠴᠠᠨᠠᠯᠠᠯᠳᠠ ᠵᠡᠷᠭᠡ 10 ᠵᠦᠶ᠋ᠯ᠎ᠦᠨ ᠮᠥᠰᠥ᠍ ᠴᠠᠰᠤᠨ᠎ᠤ ᠬᠡᠷᠡᠭ᠌ᠯᠡᠭᠡᠨ᠎ᠦ ᠱᠢᠷᠢᠰ ᠦᠶ᠋ᠯᠡᠳᠬᠦᠨ ᠪᠠ 5 ᠵᠤᠷᠪᠤᠰ ᠵᠢᠭᠤᠯᠴᠢᠯᠠᠯ᠎ᠤᠨ ᠱᠤᠭᠤᠮ᠎ᠢ ᠭᠠᠷᠭᠠᠪᠠ᠃ ᠵᠢᠭᠤᠯᠴᠢᠯᠠᠬᠰᠠᠳ ᠮᠥᠰᠥ᠍ ᠴᠠᠰᠤᠨ᠎ᠤ ᠶᠢᠷᠳᠢᠨᠴᠦ ᠳ᠋ᠤ ᠬᠠᠯᠠᠭᠤᠨ ᠷᠠᠱᠢᠶᠠᠨ᠎ᠤ ᠭᠠᠢᠬᠠᠮᠰᠢᠭ᠎ᠢ ᠪᠡᠶᠡᠴᠢᠯᠡᠨ ᠤᠢᠯᠠᠭᠠᠵᠤ᠂ ᠮᠥᠰᠥ᠍ ᠴᠠᠰᠤᠨ᠎ᠤ ᠷᠣᠮᠠᠨᠲ᠋ᠢᠭᠢ ᠰᠡᠳᠬᠢᠯ ᠳ᠋ᠡᠭᠡᠨ ᠰᠡᠢᠯᠦᠨ᠎ᠡ᠃

【ᠦᠵᠡᠭᠳᠡᠯ ᠭᠤᠷᠪᠠ】
ᠬᠥᠬᠡᠬᠣᠲᠠ᠄ 2025 ᠤᠨ᠎ᠤ 12 ᠰᠠᠷ᠎ᠠ᠎ᠶ᠋ᠢᠨ ᠡᠬᠢ᠎ᠡᠴᠡ ᠡᠪᠦᠯ᠎ᠦᠨ ᠤᠯᠠᠷᠢᠯ᠎ᠤᠨ ᠮᠥᠰᠥ᠍ ᠴᠠᠰᠤᠨ᠎ᠤ ᠵᠢᠭᠤᠯᠴᠢᠯᠠᠯ᠎ᠤᠨ ᠱᠢᠷᠢᠰ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ᠎ᠨᠢ 2026 ᠤᠨ᠎ᠤ 3 ᠰᠠᠷ᠎ᠠ ᠪᠣᠯᠲᠠᠯ᠎ᠠ ᠦᠷᠭᠦᠯᠵᠢᠯᠡᠵᠦ᠂ ᠮᠥᠰᠥ᠍ ᠴᠠᠰᠤᠨ᠎ᠤ ᠵᠢᠭᠤᠯᠴᠢᠯᠠᠯ᠎ᠤᠨ ᠤᠯᠠᠷᠢᠯ᠎ᠤᠨ ᠡᠬᠢᠯᠡᠯᠲᠡ᠎ᠶ᠋ᠢᠨ ᠶᠣᠰᠣᠯᠠᠯ᠂ ᠣᠨ ᠠᠯᠤᠰᠯᠠᠬᠰᠠᠨ ᠱᠢᠷᠢᠰ ᠠᠵᠢᠯᠯᠠᠭ᠎ᠠ ᠵᠢᠴᠢ ᠴᠠᠭᠠᠨ ᠰᠠᠷ᠎ᠠ᠎ᠶ᠋ᠢᠨ ᠠᠷᠪᠠᠨ ᠲᠠᠪᠤᠨ᠎ᠤ ᠦᠯᠵᠡᠢᠳᠦ ᠡᠳᠦᠷ᠎ᠤᠨ ᠪᠠᠶᠠᠷ ᠵᠡᠷᠭᠡ 3 ᠶᠡᠬᠡ ᠬᠡᠰᠡᠭ᠎ᠢᠶᠡᠷ ᠭᠤᠤᠯᠳᠠᠭᠤᠯᠵᠤ᠂ 6 ᠶᠡᠬᠡ ᠭᠤᠤᠯ ᠰᠡᠳᠦᠪᠲᠦ ᠠᠵᠢᠯᠯᠠᠭ᠎ᠠ ᠦᠷᠨᠢᠬᠦᠯᠵᠦ᠂ 7 ᠶᠡᠬᠡ ᠠᠭᠤᠰᠤᠯᠴᠠᠯ᠎ᠤᠨ ᠲᠦᠷᠦᠯ ᠲᠡᠮᠳᠡᠭ᠎ᠢ ᠱᠢᠰᠲ᠋ᠧᠮ᠎ᠲᠡᠶ ᠡᠭᠦᠳᠦᠨ᠎ᠡ᠃ ᠶᠡᠬᠡ ᠲᠦᠷᠭᠡᠨ ᠭᠤᠤᠯ᠎ᠤᠨ ᠲᠠᠪᠤᠳᠤᠭᠠᠷ ᠬᠤᠭᠤᠴᠠᠭᠠᠨ᠎ᠤ ᠮᠥᠰᠥ᠍ ᠴᠠᠰᠤᠨ᠎ᠤ ᠨᠠᠢᠷ᠂ ᠬᠠᠷᠠᠠᠤᠰᠤ ᠨᠠᠭᠤᠷ᠎ᠤᠨ ᠡᠪᠦᠯ᠎ᠦᠨ ᠠᠩᠨᠠᠯ᠎ᠤᠨ ᠪᠠᠶᠠᠷ ᠵᠡᠷᠭᠡ ᠠᠵᠢᠯᠯᠠᠭ᠎ᠠ ᠵᠢᠴᠢ ᠮᠥᠰᠥ᠍ ᠴᠠᠰᠤᠨ᠎ᠤ ᠰᠢᠨ᠎ᠡ ᠨᠠᠭᠠᠳᠤᠮ᠂ ᠳᠠᠭᠤᠤ ᠬᠥᠭ᠌ᠵᠢᠮ᠎ᠦᠨ ᠲᠣᠭ᠍ᠯᠠᠯᠲᠠ᠂ ᠳ᠋ᠧᠩ᠎ᠦᠨ ᠦᠵᠡᠭᠦᠯᠭᠡ ᠵᠡᠷᠭᠡ ᠲᠦᠷᠦᠯ ᠵᠦᠢᠯ᠎ᠢᠶᠡᠷ ᠳᠠᠮᠵᠢᠭᠤᠯᠤᠨ᠂ ᠤᠮᠠᠷᠠᠲᠤ ᠬᠢᠯᠢ᠎ᠶ᠋ᠢᠨ ᠥᠪᠡᠷᠮᠢᠴᠡ ᠷᠢᠳᠢ ᠱᠢᠳᠢ᠎ᠲᠡᠶ ᠡᠪᠦᠯ᠎ᠦᠨ ᠤᠯᠠᠷᠢᠯ᠎ᠤᠨ ᠰᠣᠶᠣᠯ ᠵᠢᠭᠤᠯᠴᠢᠯᠠᠯ᠎ᠤᠨ IP ᠵᠢ ᠪᠦᠬᠦ᠌ ᠲᠠᠯ᠎ᠠ᠎ᠪᠠᠷ ᠪᠤᠢ ᠪᠣᠯᠭᠠᠵᠤ᠂ ᠬᠥᠬᠡᠬᠣᠲᠠ᠎ᠶ᠋ᠢ ᠮᠥᠰᠥ᠍ ᠴᠠᠰᠤᠨ᠎ᠤ ᠵᠢᠭᠤᠯᠴᠢᠯᠠᠯ᠎ᠤᠨ ᠤᠯᠠᠷᠢᠯ᠎ᠤᠨ ᠭᠣᠣᠯ ᠬᠠᠷᠠᠯᠲᠠᠲᠦ ᠣᠷᠣᠨ ᠪᠤᠯᠭᠠᠨ᠎ᠠ᠃

【ᠦᠵᠡᠭᠳᠡᠯ ᠲᠦᠷᠪᠡ】
ᠤᠯᠠᠭᠠᠨᠴᠠᠪ᠄ 2026 ᠤᠨ᠎ᠤ ᠤᠯᠠᠭᠠᠨᠴᠠᠪ᠎ᠤᠨ ᠭᠤᠷᠪᠠᠳᠤᠭᠠᠷ ᠬᠤᠭᠤᠴᠠᠭᠠᠨ᠎ᠤ ᠮᠥᠰᠥ᠍ ᠴᠠᠰᠤᠨ᠎ᠤ ᠨᠠᠭᠠᠳᠤᠮᠵᠢᠴᠢ ᠲᠡᠮᠡᠭᠡ ᠮᠣᠷᠢᠨ᠎ᠤ ᠤᠷᠤᠯᠳᠤᠭᠠᠨ 1 ᠰᠠᠷ᠎ᠠ᠎ᠶ᠋ᠢᠨ 26 ᠤ᠋ ᠡᠳᠦᠷ ᠡᠬᠢᠯᠡᠨ᠎ᠡ᠃ ᠤᠯᠠᠮᠵᠢᠯᠠᠯᠲᠤ ᠤᠷᠤᠯᠳᠤᠭᠠᠨ ᠮᠦᠷᠦᠢᠴᠡᠭᠡᠨ᠂ ᠠᠮᠲᠠᠲᠤ ᠢᠳᠡᠭᠡᠨᠠᠮᠳᠠᠯᠠᠬᠤ᠂ ᠮᠥᠰᠥ᠍ ᠴᠠᠰᠤᠨ᠎ᠤ ᠬᠠᠴᠢᠨ ᠰᠣᠨᠢᠷᠬᠠᠯ ᠪᠠ ᠡᠪᠦᠯ᠎ᠦᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠦᠪᠡᠳᠡᠭ᠌ᠰᠢ ᠴᠤᠭ᠍ᠯᠠᠭᠠᠨ ᠨᠢ ᠲᠠᠯ᠎ᠠ ᠨᠤᠲᠤᠭ᠎ᠤᠨ ᠠᠷᠠᠳ ᠲᠦᠮᠡᠨ᠎ᠦ ᠤᠷᠬᠢᠯᠤᠮ᠎ᠠ ᠬᠠᠯᠠᠭᠤᠨ ᠰᠡᠳᠭᠢᠯᠭᠡ ᠪᠠ ᠣᠮᠣᠭ ᠲᠡᠬᠦᠯᠳᠡᠷ ᠵᠣᠷᠢᠭ᠎ᠢ ᠢᠯᠡᠷᠡᠭᠦᠯᠬᠦ᠌ ᠪᠣᠯᠤᠨ᠎ᠠ᠃ ᠡᠭᠦᠨ᠎ᠡᠴᠡ ᠭᠠᠳᠠᠨ᠎ᠠ᠂ ᠠᠵᠢᠯᠯᠠᠭ᠎ᠠ᠎ᠳᠤ ᠪᠠᠰᠠ ᠮᠥᠰᠥ᠍ ᠴᠠᠰᠤᠨ᠎ᠤ ᠵᠢᠭᠤᠯᠴᠢᠯᠠᠯ᠎ᠤᠨ ᠰᠡᠭᠦᠳᠡᠷᠯᠡᠬᠦ᠌ ᠲᠣᠭᠣᠷᠢᠭ᠂ ᠮᠠᠯᠵᠢᠬᠤ ᠡᠷᠦᠬᠡ᠎ᠶ᠋ᠢᠨ ᠪᠡᠶᠡᠴᠢᠯᠡᠨ ᠣᠢᠯᠠᠭᠠᠬᠤ ᠲᠣᠭᠣᠷᠢᠭ ᠵᠡᠷᠭᠡ ᠴᠢᠳᠠᠮᠵᠢᠲᠤ ᠣᠷᠣᠨ ᠪᠦᠰᠡ᠎ᠶ᠋ᠢ ᠲᠣᠬᠢᠷᠠᠭᠤᠯᠤᠬᠰᠠᠨ ᠪᠠᠢᠳᠠᠬ᠃
《ᠬᠦᠶ᠋ᠲᠡᠨ ᠡᠬᠢ ᠪᠠᠶᠠᠯᠢᠭ》 ᠢ᠋ 《ᠬᠠᠯᠠᠮᠰᠢᠯ ᠠᠵᠤ ᠦᠶ᠋ᠯᠡᠰ》ᠪᠣᠯᠭᠠᠨ ᠬᠤᠪᠢᠷᠠᠭᠤᠯᠬᠤ᠎ᠶ᠋ᠢ ᠠᠬᠢᠭᠤᠯᠬᠤ᠎ᠶ᠋ᠢᠨ ᠲᠥᠯᠥᠭᠡ᠂ 2025 ᠣᠨ᠎ᠤ 10 ᠰᠠᠷ᠎ᠠ᠎ᠶ᠋ᠢᠨ 29 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《2025 — 2026 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠥᠰᠥ᠍ ᠴᠠᠰᠤᠨ᠎ᠤ ᠵᠢᠭᠤᠯᠴᠢᠯᠠᠯ᠎ᠤᠨ ᠤᠯᠠᠷᠢᠯ᠎ᠤᠨ ᠠᠵᠢᠯᠯᠠᠭ᠎ᠠ᠎ᠶ᠋ᠢᠨ ᠶᠡᠷᠦᠩᠬᠡᠶ ᠲᠥᠰᠦᠯ》᠎ᠢ᠋ ᠲᠠᠷᠤᠮᠠᠯᠯᠠᠨ ᠲᠠᠷᠬᠠᠭᠠᠪᠠ᠃ ᠲᠤᠰ 《ᠲᠥᠰᠦᠯ》 ᠳ᠋ᠤ ᠥᠪᠥᠷ ᠮᠣᠩᠭᠣᠯ᠎ᠤᠨ ᠮᠥᠰᠥ᠍ ᠴᠠᠰᠤᠨ᠎ᠤ ᠵᠢᠭᠤᠯᠴᠢᠯᠠᠯ᠎ᠤᠨ ᠤᠯᠠᠷᠢᠯ᠎ᠤᠨ ᠶᠡᠷᠦᠩᠬᠡᠶ ᠬᠠᠷᠠᠯᠲᠠ᠂ ᠭᠤᠤᠯ ᠡᠭᠦᠷᠭᠡ ᠪᠠ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠪᠠ᠃ 《ᠲᠥᠰᠦᠯ》 ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠨ ᠨᠢᠭᠡᠳᠦᠭᠡᠷ ᠬᠤᠭᠤᠴᠠᠭᠠᠨ᠎ᠤ ᠮᠥᠰᠥ᠍ ᠴᠠᠰᠤᠨ᠎ᠤ ᠨᠠᠭᠠᠳᠤᠮ᠎ᠢᠶᠠᠷ ᠵᠢᠯᠣᠭᠣᠳᠤᠮᠵᠢ ᠪᠣᠯᠭᠠᠵᠤ᠂ 159 ᠥᠪᠡᠷᠮᠢᠴᠡ ᠣᠨᠴᠠᠯᠢᠭ᠎ᠲᠠᠶ᠂ ᠠᠭᠤᠯᠭ᠎ᠠ ᠪᠠᠶᠠᠯᠢᠭ᠂ ᠬᠡᠯᠪᠡᠷᠢ ᠣᠯᠠᠨ ᠶᠠᠩᠵᠤ᠎ᠶ᠋ᠢᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠪᠠ 45 ᠵᠤᠷᠪᠤᠰ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠭᠤᠤᠯ ᠰᠡᠳᠦᠪᠲᠦ ᠵᠠᠮ ᠱᠤᠭᠤᠮ᠎ᠢ ᠭᠤᠤᠯᠳᠠᠯᠭ᠎ᠠ᠎ᠲᠠᠶ ᠭᠠᠷᠭᠠᠵᠤ᠂ ᠪᠥᠬᠥ᠌ ᠣᠷᠣᠨ᠎ᠤ ᠮᠥᠰᠥ᠍ ᠴᠠᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠬᠦ᠌᠎ᠪᠡᠷ ᠳᠠᠮᠵᠢᠭᠤᠯᠤᠨ᠂《ᠨᠢᠭᠡ ᠭᠠᠵᠠᠷ ᠨᠢᠭᠡ ᠣᠨᠴᠠᠯᠢᠭ᠎ᠲᠠᠶ᠂ ᠰᠠᠷ᠎ᠠ ᠪᠦᠷᠢ ᠭᠣᠢᠳᠠ ᠠᠵᠢᠯᠯᠠᠭ᠎ᠠ ᠲᠠᠢ᠂ ᠪᠥᠬᠥ᠌ ᠣᠷᠣᠨ ᠪᠦᠰᠡ᠎ᠪᠡᠷ ᠵᠢᠭᠤᠯᠴᠢᠯᠠᠵᠤ ᠪᠣᠯᠬᠤ》 ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠪᠠᠢᠷᠢᠱᠢᠯ᠎ᠢ ᠪᠦᠷᠢᠯᠳᠦᠬᠦᠯᠦᠭᠰᠡᠨ ᠪᠠᠢᠨ᠎ᠠ᠃
ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ ᠮᠥᠰᠥ᠍ ᠴᠠᠰᠤᠨ᠎ᠤ ᠨᠠᠭᠠᠳᠤᠮ᠎ᠤᠨ ᠠᠵᠢᠯᠯᠠᠭ᠎ᠠ ᠳᠤᠮᠳᠠ ᠱᠢᠨ᠎ᠡ᠎ᠶ᠋ᠢ ᠡᠭᠦᠳᠬᠦ᠌᠎ᠶ᠋ᠢ ᠴᠢᠬᠤᠯᠠᠴᠢᠯᠠᠵᠤ᠂ ᠤᠯᠠᠮᠵᠢᠯᠠᠯᠲᠤ ᠠᠷᠠᠳ᠎ᠤᠨ ᠵᠠᠩ ᠦᠶ᠋ᠯᠡ᠎ᠶ᠋ᠢ ᠣᠲᠣ ᠦᠶ᠎ᠡ᠎ᠶ᠋ᠢᠨ ᠡᠯᠧᠮᠧᠨ᠋ᠲ᠎ᠲᠡᠶ ᠪᠦᠷᠢᠨ ᠲᠡᠭᠦᠯᠳᠡᠷ ᠠᠭᠤᠰᠤᠯᠴᠠᠭᠤᠯᠪᠠ᠃ ᠵᠢᠱ᠌ᠢᠶᠡᠯᠡᠪᠡᠯ᠂ ᠬᠥᠯᠥᠨ ᠪᠣᠢᠷ ᠬᠣᠲᠠ ᠮᠥᠰᠥ᠍ ᠴᠠᠰᠤᠨ᠎ᠤ ᠨᠠᠭᠠᠳᠤᠮ᠎ᠤᠨ ᠬᠤᠭᠤᠴᠠᠭᠠᠨ᠎ᠳᠤ ᠮᠠᠱᠢᠨ ᠲᠡᠷᠭᠡᠨ᠎ᠦ ᠣᠢᠷ᠎ᠠ ᠵᠠᠮ᠎ᠤᠨ ᠷᠠᠯᠢ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠠ᠂ ᠴᠠᠰᠤᠨ ᠳᠡᠭᠡᠷᠡᠬᠢ ᠮᠣᠲ᠋ᠣᠷ᠎ᠤᠨ ᠬᠡᠭᠡᠷᠡᠯᠡᠨ ᠲᠠᠪᠬᠢᠬᠤ ᠱᠠᠩᠨᠠᠯᠲᠤ ᠤᠷᠤᠯᠳᠤᠭᠠᠨ ᠵᠡᠷᠭᠡ ᠣᠲᠣ ᠦᠶ᠎ᠡ᠎ᠶ᠋ᠢᠨ ᠮᠥᠰᠥ᠍ ᠴᠠᠰᠤᠨ᠎ᠤ ᠤᠷᠤᠯᠳᠤᠭᠠᠨ ᠶᠠᠪᠤᠭᠤᠯᠪᠠ᠃ ᠡᠭᠦᠨ᠎ᠦ ᠬᠠᠮᠲᠤ᠂ ᠡᠯ᠎ᠡ ᠭᠠᠵᠠᠷ᠎ᠤᠨ᠎ᠬᠢᠨ ᠪᠠᠰᠠ VR ᠨᠠᠭᠠᠳᠤᠮ᠎ᠤᠨ ᠪᠡᠶᠡᠴᠢᠯᠡᠨ ᠣᠢᠯᠠᠭᠠᠬᠤ ᠲᠤᠭᠤᠷᠢᠬ᠂ ᠮᠥᠰᠥ᠍ ᠴᠠᠰᠤᠨ᠎ᠤ ᠵᠢᠭᠤᠯᠴᠢᠯᠠᠯ᠎ᠤᠨ ᠬᠡᠷᠡᠯ ᠵᠢᠷᠤᠭ᠎ᠤᠨ ᠲᠤᠭᠤᠷᠢᠬ ᠵᠡᠷᠭᠡ ᠴᠢᠳᠠᠮᠵᠢᠳᠤ ᠣᠷᠣᠨ ᠪᠦᠰᠡ᠎ᠶ᠋ᠢ ᠪᠠᠢᠷᠢᠯᠠᠭᠤᠯᠵᠤ᠂ ᠵᠢᠭᠤᠯᠴᠢᠯᠠᠭ᠍ᠰᠠᠳ᠎ᠲᠤ ᠭᠦᠨ ᠨᠡᠪᠴᠢᠬᠦ᠌ ᠮᠠᠶᠢᠭ᠎ᠤᠨ ᠪᠡᠶᠡᠴᠢᠯᠡᠨ ᠣᠢᠯᠠᠭᠠᠬᠤ ᠳᠤᠮᠳᠠ ᠲᠠᠯ᠎ᠠ ᠨᠤᠲᠤᠭ᠎ᠤᠨ ᠰᠣᠶᠣᠯ᠎ᠤᠨ ᠭᠦᠨ ᠵᠤᠵᠠᠭᠠᠨ ᠪᠠ ᠷᠢᠳᠢ ᠱᠢᠳᠢ᠎ᠶ᠋ᠢ ᠮᠡᠳᠡᠷᠡᠭᠦᠯᠪᠡ᠃ᠬᠡᠷ ᠪᠦᠯᠢ᠎ᠶ᠋ᠢᠨ ᠮᠥᠰᠥ᠍ ᠴᠠᠰᠤᠨ᠎ᠤ ᠬᠡᠷᠡᠭ᠌ᠯᠡᠭᠡ ᠶ᠋ᠢ ᠬᠥᠭ᠌ᠵᠢᠭᠡᠬᠦ᠌᠎ᠶ᠋ᠢᠨ ᠲᠥᠯᠥᠭᠡ ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ ᠠᠯᠢ ᠣᠯᠠᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ ᠭᠠᠷᠭᠠᠪᠠ᠃ 12 ᠰᠠᠷ᠎ᠠ᠎ᠶ᠋ᠢᠨ 9᠎ᠤ᠋ ᠡᠳᠦᠷ᠂ ᠬᠥᠯᠥᠨ ᠪᠣᠢᠷ ᠬᠣᠲᠠ᠎ᠶ᠋ᠢᠨ ᠰᠤᠷᠭᠠᠨ ᠬᠥᠮᠦᠵᠢᠯ᠎ᠦᠨ ᠲᠣᠪᠴᠢᠶ᠎ᠠ᠂ ᠬᠥᠯᠥᠨ ᠪᠣᠢᠷ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠵᠡᠷᠭᠡ ᠬᠠᠮᠲᠤᠷᠠᠨ 《ᠬᠥᠯᠥᠨ ᠪᠣᠢᠷ ᠬᠣᠲᠠ᠎ᠶ᠋ᠢᠨ 2025 ᠣᠨ᠎ᠤ 〈ᠴᠠᠰᠤᠨ ᠴᠢᠯᠥᠭᠡ〉 ᠶ᠋ᠢᠨ ᠲᠤᠰᠭᠠᠶ ᠠᠵᠢᠯ᠎ᠤᠨ ᠲᠥᠰᠦᠯ》 ᠢ᠋ ᠳᠠᠷᠤᠮᠠᠯᠯᠠᠨ ᠲᠠᠷᠬᠠᠭᠠᠪᠠ᠃ ᠲᠤᠰ 《ᠲᠥᠰᠦᠯ》 ᠳ᠋ᠤ ᠳᠤᠷᠠᠳᠤᠭ᠍ᠰᠠᠨ ᠵᠢᠡᠷ᠂ ᠪᠥᠬᠥ᠌ ᠬᠣᠲᠠ᠎ᠶ᠋ᠢᠨ ᠬᠡᠪ᠎ᠦᠨ ᠶᠣᠰᠣᠭᠠᠷ ᠡᠵᠡᠩᠨᠡᠵᠦ᠍ ᠪᠠᠢᠭ᠎ᠠ ᠴᠠᠨᠠᠯᠠᠯᠳᠠ ᠵᠢᠨ ᠲᠠᠯᠠᠪᠠᠶ ᠨᠢ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠰᠤᠷᠤᠭ᠍ᠴᠢᠳ᠎ᠲᠤ ᠦᠨ᠎ᠡ ᠲᠥᠯᠥᠪᠦᠷᠢ ᠥᠬᠡᠶ᠎ᠪᠡᠷ ᠴᠠᠨᠠᠯᠠᠬᠤ ᠦᠢᠯᠡᠴᠢᠯᠡᠭᠡ ᠬᠠᠩᠭᠠᠵᠤ᠂ ᠬᠡᠪ᠎ᠦᠨ ᠶᠣᠰᠣᠭᠠᠷ ᠡᠵᠡᠩᠨᠡᠵᠦ᠍ ᠪᠠᠢᠭ᠎ᠠ A ᠲᠠᠰ᠎ᠤᠨ ᠵᠢᠭᠤᠯᠴᠢᠯᠠᠯ᠎ᠤᠨ ᠦᠵᠡᠮᠵᠢᠲᠦ ᠣᠷᠣᠨ ᠨᠢ ᠠᠩᠬ᠎ᠠ ᠢᠷᠡᠵᠦ ᠪᠠᠢᠭ᠎ᠠ ᠬᠦᠮᠦᠰ ᠡᠴᠡ ᠡᠭᠦᠳᠡᠨ ᠪᠢᠯᠧᠲ ᠬᠤᠷᠢᠶᠠᠬᠤ ᠥᠬᠡᠶ᠃ ᠡᠭᠦᠨ᠎ᠦ ᠬᠠᠮᠲᠤ᠂ 《ᠲᠥᠰᠦᠯ》 ᠳ᠋ᠤ ᠪᠠᠰᠠ ᠬᠡᠷ᠎ᠦᠨ ᠠᠬᠠᠮᠠᠳ᠎ᠤᠨ ᠬᠢᠨ᠎ᠤ ᠰᠤᠷᠤᠭ᠍ᠴᠢᠳ᠎ᠲᠤ ᠪᠠᠷ᠎ᠠ ᠪᠣᠯᠵᠣ ᠮᠥᠰᠥ᠍ ᠴᠠᠰᠤᠨ᠎ᠤ ᠠᠵᠢᠯᠯᠠᠭ᠎ᠠ᠎ᠳᠤ ᠣᠷᠣᠯᠴᠠᠬᠤ ᠳ᠋ᠤ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ ᠬᠦᠷᠳᠡᠭᠡᠨ ᠵᠣᠷᠢᠭ᠍ᠵᠢᠭᠤᠯᠪᠠ᠃ ᠡᠨᠡ ᠬᠦ᠌ ᠲᠥᠰᠦᠯ᠎ᠢ ᠬᠡᠷᠡᠭ᠌ᠵᠢᠭᠦᠯᠦᠭ᠌ᠰᠡᠨ ᠨᠢ ᠬᠡᠷ ᠪᠦᠯᠢ᠎ᠶ᠋ᠢᠨ ᠮᠥᠰᠥ᠍ ᠴᠠᠰᠤᠨ᠎ᠤ ᠬᠡᠷᠡᠭ᠌ᠯᠡᠭᠡᠨ᠎ᠦ ᠢᠳᠡᠪᠬᠢᠵᠢᠯ᠎ᠢ ᠲᠠᠢᠴᠢᠯᠠᠵᠤ᠂ ᠮᠥᠰᠥ᠍ ᠴᠠᠰᠤᠨ᠎ᠤ ᠵᠢᠭᠤᠯᠴᠢᠯᠠᠯ᠎ᠤᠨ ᠬᠥᠭ᠌ᠵᠢᠯᠲᠡ᠎ᠶ᠋ᠢ ᠠᠬᠢᠭᠤᠯᠪᠠ᠃
ᠥᠪᠥᠷ ᠮᠣᠩᠭᠣᠯ᠎ᠤᠨ ᠡᠯ᠎ᠡ ᠭᠠᠵᠠᠷ᠎ᠤᠨ ᠤᠨᠴᠠᠯᠢᠭ᠍ᠲᠤ ᠮᠥᠰᠥ᠍ ᠴᠠᠰᠤᠨ᠎ᠤ ᠨᠠᠭᠠᠳᠤᠮ ᠨᠢ ᠴᠣ ᠱᠢᠨ᠎ᠡ ᠳᠦᠷᠰᠦ ᠪᠠᠢᠳᠠᠯ᠎ᠢᠶᠠᠷ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃ ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠬᠤ᠂ ᠠᠵᠢᠯᠯᠠᠭ᠎ᠠ᠎ᠵᠢᠨ ᠱᠢᠨ᠎ᠡ᠎ᠶ᠋ᠢ ᠡᠭᠦᠳᠬᠦ᠌ ᠪᠠ ᠬᠡᠷᠡᠭ᠌ᠯᠡᠭᠡ᠎ᠶ᠋ᠢ ᠠᠬᠢᠭᠤᠯᠬᠤ ᠵᠡᠷᠭᠡ ᠱᠢᠨ᠎ᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠥᠪᠥᠷ ᠮᠣᠩᠭᠣᠯ 《ᠬᠦᠶ᠋ᠲᠡᠨ ᠡᠬᠢ ᠪᠠᠶᠠᠯᠢᠭ》 ᠢ᠋《ᠬᠠᠯᠠᠮᠱᠢᠯ ᠠᠵᠤ ᠦᠢᠯᠡᠰ》 ᠪᠣᠯᠭᠠᠨ ᠬᠤᠪᠢᠷᠠᠭᠤᠯᠤᠯᠠ᠃ ᠢᠷᠡᠭᠡᠳᠦᠶ᠎ᠳᠦ᠂ ᠨᠠᠩ ᠣᠯᠠᠨ ᠲᠥᠷᠥ᠎ᠶ᠋ᠢᠨ ᠪᠣᠳᠣᠯᠭ᠎ᠠ᠎ᠵᠢᠨ ᠨᠡᠢᠲᠡᠯᠡᠭᠳᠡᠨ ᠬᠡᠷᠡᠭ᠌ᠵᠢᠭᠦᠯᠦᠭᠳᠡᠬᠦ᠌ᠶ᠋ᠢ ᠳᠠᠭᠠᠯᠳᠤᠨ ᠥᠪᠥᠷ ᠮᠣᠩᠭᠣᠯ᠎ᠤᠨ ᠮᠥᠰᠥ᠍ ᠴᠠᠰᠤᠨ᠎ᠤ ᠠᠵᠢᠯᠯᠠᠭ᠎ᠠ ᠨᠠᠩ ᠥᠷᠭᠡᠨ ᠠᠭᠤᠳᠠᠮ ᠬᠥᠭ᠌ᠵᠢᠯᠲᠡ᠎ᠶ᠋ᠢᠨ ᠢᠷᠡᠭᠡᠳᠦᠶ᠎ᠵᠢ ᠤᠭ᠍ᠲᠤᠨ ᠠᠪᠴᠢᠷᠠᠬᠤ ᠨᠢ ᠯᠠᠪᠳᠠᠢ᠃