ᠡᠪᠡᠰᠦᠨ᠎ᠦ ᠦᠢᠯᠡᠰ᠎ᠦᠨ ᠤᠯᠤᠰ᠎ᠤ᠋ᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠥᠪᠥᠷ ᠮᠣᠩᠭᠣᠯ᠎ᠳᠤ ᠪᠠᠢᠭᠤᠯᠤᠭ᠍ᠳᠠᠪᠠ
2026-01-27 09:31:36
ᠵᠣᠬᠢᠶᠠᠭ᠍ᠴᠢ᠄
ᠪᠠᠢ ᠯᠢᠶᠠᠨ ᠯᠢᠦ ᠶᠠᠩ
ᠣᠩᠱᠢᠭ᠍ᠰᠠᠨ ᠣᠳᠠᠭ᠎ᠠ᠄
★★★☆☆

ᠡᠪᠡᠰᠦᠨ᠎ᠦ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠪᠠᠢᠯᠳᠤᠬᠤ ᠪᠣᠳᠣᠯᠭ᠎ᠠ᠎ᠶ᠋ᠢᠨ ᠬᠦᠴᠦᠨ ᠢ᠋ ᠬᠤᠷᠠᠮᠳᠤᠭᠤᠯᠪᠠ


ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠲᠢᠩᠬᠢᠮ᠎ᠡᠴᠡ ᠤᠢ᠍ᠢᠯᠠᠭᠠᠭ᠍ᠰᠠᠨ ᠵᠢᠡᠷ᠂ 1 ᠰᠠᠷ᠎ᠠ᠎ᠶ᠋ᠢᠨ 21 ᠤ᠋ ᠡᠳᠦᠷ᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠶᠠᠮᠤᠨ᠂ ᠤᠯᠤᠰ᠎ᠤᠨ ᠤᠢ ᠱᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠬᠠᠮᠲᠤ᠎ᠪᠠᠷ ᠡᠪᠡᠰᠦᠨ᠎ᠦ ᠦᠢᠯᠡᠰ᠎ᠦᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠠᠢᠭᠤᠯᠬᠤ᠎ᠶ᠋ᠢ ᠳᠡᠮᠵᠢᠬᠦ᠌ ᠲᠤᠬᠠᠢ ᠴᠣᠬᠣᠯᠠᠪᠤᠷᠢᠯᠠᠵᠤ᠂ ᠥᠪᠥᠷ ᠮᠣᠩᠭᠣᠯ᠎ᠤᠨ ᠤᠯᠤᠰ᠎ᠤᠨ ᠲᠡᠰ᠎ᠤᠨ ᠱᠢᠨ᠎ᠡ᠎ᠶ᠋ᠢ ᠡᠭᠦᠳᠬᠦ᠌ ᠲᠠᠪᠴᠠᠩ 10 ᠪᠤᠯᠵᠤ ᠨᠡᠮᠡᠭ᠌ᠳᠡᠪᠡ᠃

ᠡᠪᠡᠰᠦᠨ᠎ᠦ ᠦᠢᠯᠡᠰ᠎ᠦᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠨᠢ ᠱᠢᠨ᠎ᠡ ᠮᠠᠶᠢᠭ᠎ᠤᠨ ᠤᠯᠤᠰ ᠳᠠᠶᠠᠭᠠᠷ᠎ᠤᠨ ᠪᠠᠢᠭᠤᠯᠤᠯ ᠢ᠋ ᠦᠢᠯᠡᠳᠦᠯᠭᠡᠵᠢᠭᠦᠯᠵᠦ᠍᠂ ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠡᠪᠡᠰᠦᠨ᠎ᠦ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠪᠠᠢᠯᠳᠤᠬᠤ ᠪᠤᠳᠤᠯᠭ᠎ᠠ᠎ᠶ᠋ᠢᠨ ᠬᠦᠴᠦᠨ᠎ᠢ ᠴᠤᠬᠴᠠᠯᠠᠬᠤ》 ᠪᠡᠷ ᠬᠠᠷᠠᠯᠲᠠ ᠪᠣᠯᠭᠠᠵᠤ᠂ ᠡᠪᠡᠰᠦᠨ᠎ᠦ ᠠᠵᠤ ᠦᠢᠯᠡᠰ᠎ᠦᠨ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ ᠠᠵᠢᠯ᠎ᠢ ᠥᠷᠨᠢᠭᠦᠯᠵᠦ᠍᠂ ᠦᠷ᠎ᠡ ᠪᠦᠲᠦᠭᠡᠯ᠎ᠢ ᠣᠨᠳᠣᠣᠱᠢᠭᠤᠯᠬᠤ ᠪᠠ ᠠᠵᠤ ᠦᠢᠯᠡᠰᠵᠢᠭᠦᠯᠬᠦ᠌᠎ᠶ᠋ᠢ ᠠᠬᠢᠭᠤᠯᠵᠤ᠂ ᠤᠯᠤᠰ᠎ᠤᠨ ᠲᠠᠷᠢᠮᠠᠯ᠎ᠤᠨ ᠦᠢᠯᠡᠰ᠎ᠦᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠮᠢ ᠠᠬᠤᠢ᠎ᠶ᠋ᠢᠨ ᠠᠮᠤᠷ ᠲᠦᠪᠱᠢᠨ᠎ᠢ ᠪᠠᠲᠤᠯᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ᠃

ᠡᠪᠡᠰᠦᠨ᠎ᠦ ᠦᠶ᠋ᠯᠡᠰ᠎ᠦᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠠᠢᠷᠢᠰᠢᠭᠤᠯᠤᠨ ᠪᠥᠲᠥᠭᠡᠨ ᠪᠠᠢᠭᠤᠯᠬᠤ ᠪᠣᠯ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠂ ᠨᠠᠮ᠎ᠤᠨ ᠬᠣᠷᠢᠳᠤᠭᠠᠷ ᠶᠡᠬᠡ ᠬᠤᠷᠠᠯ ᠵᠢᠴᠢ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠠᠨ᠎ᠤ ᠤᠯᠤᠰ᠎ᠤᠨ ᠡᠪᠡᠰᠦᠨ᠎ᠦ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠪᠡᠰᠦᠨ᠎ᠦ ᠦᠶ᠋ᠯᠡᠰ᠎ᠦᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠢᠶᠠᠷ ᠵᠣᠬᠢᠶᠠᠨ ᠪᠠᠢᠭᠤᠯᠬᠤ ᠨᠢᠭᠡᠴᠢ ᠪᠣᠯᠭᠠᠵᠤ᠂ ᠮᠧᠩ ᠼᠤᠤ ᠠᠮᠢ ᠠᠬᠤᠶ ᠣᠷᠴᠢᠨ ᠲᠣᠭᠣᠷᠢᠨ᠎ᠤ (ᠪᠦᠯᠦᠭ᠌ᠯᠡᠯ) ᠬᠤᠪᠢᠴᠠᠭᠠᠳᠤ ᠬᠢᠵᠠᠭᠠᠷᠲᠤ ᠺᠣᠮᠫᠠᠨᠢ᠎ᠪᠠᠷ ᠲᠦᠷᠦᠭᠦᠯᠡᠨ ᠪᠥᠲᠥᠭᠡᠨ ᠪᠠᠢᠭᠤᠯᠬᠤ ᠨᠢᠭᠡᠴᠢ ᠪᠣᠯᠭᠠᠵᠤ᠂ ᠣᠲᠣ ᠦᠶ᠎ᠡ᠎ᠶ᠋ᠢᠨ ᠮᠠᠯ ᠠᠵᠤ ᠠᠬᠤᠶ ᠵᠢᠨ (ᠪᠦᠯᠦᠭ᠌ᠯᠡᠯ) ᠬᠢᠵᠠᠭᠠᠷᠲᠤ ᠺᠣᠮᠫᠠᠨᠢ᠂ ᠰᠸᠴᠤᠸᠠᠨ᠎ᠤ ᠣᠶ ᠱᠢᠭᠤᠶ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ ᠵᠡᠷᠭᠡ 9 ᠠᠵᠤ ᠠᠬᠤᠢᠯᠠᠯ ᠪᠠ ᠯᠠᠨᠵᠧᠸ᠋ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠬᠦᠳᠡᠬᠡ ᠠᠵᠦ ᠠᠬᠤᠢ ᠵᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠨᠤᠳᠤᠬ ᠪᠡᠯᠴᠢᠬᠡᠷ᠎ᠤᠨ ᠲᠠᠰᠤᠬ ᠵᠡᠷᠭᠡ 6 ᠶᠡᠬᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠎ᠢ ᠲᠦᠪᠯᠡᠷᠡᠬᠦᠯᠤᠨ ᠬᠠᠮᠲᠤ᠎ᠪᠠᠷ ᠪᠥᠲᠥᠭᠡᠨ ᠪᠠᠢᠭᠤᠯᠤᠨ᠎ᠠ᠃ ᠲᠥᠪ᠎ᠢ ᠡᠬᠢᠯᠡᠨ ᠪᠠᠢᠭᠤᠯᠤᠭ᠍ᠰᠠᠨ᠎ᠤ ᠳᠠᠷᠠᠭ᠎ᠠ᠂ ᠡᠪᠡᠰᠦᠨ ᠦᠷ᠎ᠡ᠎ᠶ᠋ᠢᠨ ᠦᠶ᠋ᠯᠡᠰ᠎ᠦᠨ ᠠᠮᠤᠷ ᠲᠦᠪᠱᠢᠨ᠂ ᠲᠡᠵᠢᠭᠡᠯ ᠡᠪᠡᠰᠦ ᠬᠢᠭᠡᠳ ᠠᠮᠤ ᠪᠤᠳᠠᠭᠠᠨ᠎ᠤ ᠠᠮᠤᠷ ᠲᠦᠪᠱᠢᠨ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠰᠡᠷᠭᠦᠭᠡᠨ ᠵᠠᠰᠠᠬᠤ᠂ ᠡᠪᠡᠰᠦᠨ᠎ᠦ ᠦᠶ᠋ᠯᠡᠰ᠎ᠦᠨ ᠲᠣᠨᠣᠭ ᠲᠥᠬᠥᠭᠡᠷᠦᠮᠵᠢ᠎ᠶ᠋ᠢ ᠪᠡᠶ᠎ᠡ᠎ᠪᠡᠨ ᠳᠠᠭᠠᠭᠠᠵᠤ ᠡᠵᠡᠮᠳᠡᠵᠦ᠍ ᠪᠣᠯᠬᠤ ᠵᠡᠷᠭᠡ ᠴᠢᠬᠤᠯᠠ ᠶᠡᠬᠡ ᠮᠡᠷᠭᠡᠵᠢᠯ᠎ᠦᠨ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠪᠡᠰᠦᠨ᠎ᠤ ᠡᠭᠦᠯᠳᠡᠷ᠎ᠢ ᠰᠣᠩᠭᠣᠨ ᠪᠣᠢᠵᠢᠭᠤᠯᠬᠤ ᠪᠠ ᠦᠷ᠎ᠡ᠎ᠶ᠋ᠢ ᠥᠨᠳᠥᠷ ᠪᠦᠲᠦᠮᠵᠢᠲᠡᠶ ᠦᠶ᠋ᠯᠡᠳᠪᠦᠷᠢᠯᠡᠬᠦ᠌᠂ ᠴᠢᠨᠠᠷ ᠰᠠᠢᠲᠠᠶ ᠲᠡᠵᠢᠭᠡᠯ ᠡᠪᠡᠰᠦ᠎ᠶ᠋ᠢ ᠦᠶ᠋ᠯᠡᠳᠪᠦᠷᠢᠯᠡᠬᠦ᠌ ᠪᠠ ᠥᠨᠳᠥᠷ ᠪᠦᠲᠦᠮᠵᠢᠲᠡᠶ ᠠᠱᠢᠭ᠍ᠯᠠᠬᠤ᠂ ᠪᠡᠯᠴᠢᠭᠡᠷ᠎ᠦᠨ ᠠᠮᠢ ᠠᠬᠤᠶ᠎ᠶ᠋ᠢ ᠰᠡᠷᠭᠦᠭᠡᠨ ᠵᠠᠰᠠᠬᠤ ᠪᠠ ᠦᠷᠭᠦᠯᠵᠢᠯᠡᠨ ᠠᠱᠢᠭ᠍ᠯᠠᠬᠤ ᠵᠡᠷᠭᠡ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠢ ᠭᠤᠤᠯᠳᠠᠯᠭ᠎ᠠ᠎ᠲᠠᠶ ᠱᠢᠪᠲᠤᠯᠵᠤ᠂ ᠱᠢᠯᠢᠳᠡᠭ ᠲᠡᠵᠢᠭᠡᠯ ᠡᠪᠡᠰᠦ᠂ ᠠᠮᠢ ᠠᠬᠤᠶ᠎ᠳᠤ ᠬᠡᠷᠡᠭ᠌ᠯᠡᠬᠦ᠌ ᠡᠪᠡᠰᠦ᠂ ᠵᠦᠯᠭᠡ ᠡᠪᠡᠰᠦ ᠵᠡᠷᠭᠡ ᠱᠢᠨ᠎ᠡ ᠡᠭᠦᠯᠳᠡᠷ᠎ᠢ ᠰᠣᠩᠭᠣᠨ ᠪᠣᠢᠵᠢᠭᠤᠯᠬᠤ ᠵᠡᠷᠭᠡ ᠵᠠᠩᠭᠢᠯᠠᠭ᠎ᠠ᠎ᠶ᠋ᠢᠨ ᠮᠡᠷᠭᠡᠵᠢᠯ ᠬᠢᠭᠡᠳ ᠲᠣᠨᠣᠭ ᠲᠥᠬᠥᠭᠡᠷᠦᠮᠵᠢ᠎ᠶ᠋ᠢ ᠪᠦᠷᠢᠯᠳᠦᠭᠦᠯᠵᠦ᠍᠂ ᠡᠪᠡᠰᠦᠨ᠎ᠦ ᠦᠶ᠋ᠯᠡᠰ᠎ᠦᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠱᠢᠰᠲ᠋ᠧᠮ᠎ᠲᠡᠶ ᠱᠢᠶ᠋ᠳᠪᠦᠷᠢᠯᠡᠬᠦ᠌ ᠲᠥᠰᠦᠯ ᠬᠠᠩᠭᠠᠨ᠎ᠠ᠃

ᠡᠪᠡᠰᠦᠨ᠎ᠦ ᠦᠶ᠋ᠯᠡᠰ᠎ᠦᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ (ᠥᠪᠥᠷ ᠮᠣᠩᠭᠣᠯ) ᠤ᠋ᠨ ᠬᠢᠵᠠᠭᠠᠷᠲᠤ ᠺᠣᠮᠫᠠᠨᠢ᠎ᠨᠢ ᠲᠥᠪ᠎ᠦᠨ ᠪᠣᠳᠠᠲᠤ ᠴᠣᠭ᠍ᠴᠠᠵᠢᠭ᠍ᠰᠠᠨ ᠡᠵᠡᠩᠨᠡᠯᠲᠡ᠎ᠶ᠋ᠢᠨ ᠪᠠᠢᠭᠤᠯᠤᠮᠵᠢ ᠪᠣᠯᠤᠭ᠍ᠰᠠᠨ᠎ᠤ ᠬᠤᠪᠢ᠎ᠳᠤ᠂ 《4 + 5》 ᠶ᠋ᠢᠨ ᠵᠠᠭ᠍ᠪᠤᠷ ᠶᠣᠰᠣᠭᠠᠷ ᠣᠷᠣᠨ ᠵᠠᠶ᠎ᠶ᠋ᠢᠨ ᠬᠠᠮᠵᠢᠯᠴᠠᠨ ᠱᠢᠨ᠎ᠡ᠎ᠶ᠋ᠢ ᠡᠭᠦᠳᠬᠦ᠌ ᠪᠠᠢᠷᠢᠰᠢᠭᠤᠯᠤᠯᠲᠠ ᠬᠢᠨ᠎ᠠ᠂ ᠲᠤᠬᠠᠢᠯᠠᠪᠠᠯ ᠬᠥᠬᠡᠬᠣᠲᠠ᠎ᠳᠤ ᠶᠡᠷᠦᠩᠬᠡᠶ ᠬᠡᠯᠲᠡᠰ ᠪᠠᠢᠭᠤᠯᠵᠤ᠂ ᠡᠪᠡᠰᠦᠨ᠎ᠦ ᠡᠭᠦᠯᠳᠡᠷ᠎ᠢ ᠰᠣᠩᠭᠣᠨ ᠪᠣᠢᠵᠢᠭᠤᠯᠬᠤ ᠪᠠ ᠦᠷ᠎ᠡ᠎ᠶ᠋ᠢ ᠥᠨᠳᠥᠷ ᠪᠦᠲᠦᠮᠵᠢᠲᠡᠶ᠎ᠪᠡᠷ ᠦᠶ᠋ᠯᠡᠳᠪᠦᠷᠢᠯᠡᠬᠦ᠌᠂ ᠴᠢᠨᠠᠷ ᠰᠠᠢᠲᠠᠶ ᠡᠪᠡᠰᠦ ᠪᠣᠷᠳᠣᠭ᠎ᠠ ᠦᠶ᠋ᠯᠡᠳᠪᠦᠷᠢᠯᠡᠬᠦ᠌ ᠪᠠ ᠥᠨᠳᠥᠷ ᠪᠦᠲᠦᠮᠵᠢᠲᠡᠶ᠎ᠪᠡᠷ ᠠᠱᠢᠭ᠍ᠯᠠᠬᠤ᠂ ᠨᠤᠳᠤᠭ ᠪᠡᠯᠴᠢᠭᠡᠷ ᠤ᠋ᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠪᠠ ᠦᠷᠭᠦᠯᠵᠢᠯᠡᠨ ᠠᠱᠢᠭ᠍ᠯᠠᠬᠤ᠂ ᠣᠶᠤᠨᠳᠤ ᠲᠤᠨᠤᠭ ᠲᠦᠬᠦᠭᠡᠷᠤᠮᠵᠢ ᠵᠢᠨ ᠲᠦᠪᠯᠡᠷᠡᠯ ᠪᠠ ᠱᠢᠨ᠎ᠡ᠎ᠶ᠋ᠢ ᠡᠭᠦᠳᠬᠦ᠌ ᠵᠡᠷᠭᠡ 4 ᠰᠤᠳᠤᠯᠬᠤ ᠲᠠᠰᠤᠬ᠎ᠢ ᠪᠥᠲᠥᠭᠡᠨ ᠪᠠᠢᠭᠤᠯᠵᠤ᠂ ᠵᠡᠭᠦᠨ ᠬᠣᠢᠲᠤ᠎ᠶ᠋ᠢᠨ ᠬᠦᠶ᠋ᠲᠡᠨ ᠣᠷᠣᠨ᠂ ᠤᠮᠠᠷᠠᠲᠤ ᠵᠢᠨ ᠳᠤᠯᠠᠭᠠᠨ ᠣᠷᠣᠨ᠂ ᠪᠠᠷᠠᠭᠤᠨ ᠬᠣᠢᠲᠤ᠎ᠶ᠋ᠢᠨ ᠭᠠᠩ ᠬᠠᠭᠤᠷᠠᠶ ᠣᠷᠣᠨ᠂ ᠡᠮᠦᠨᠡᠲᠦ ᠵᠢᠨ ᠳᠤᠯᠠᠭᠠᠨ ᠣᠷᠣᠨ᠂ ᠬᠥᠬᠡᠨᠠᠭᠤᠷ ᠲᠥᠪᠡᠳ᠎ᠦᠨ ᠥᠨᠳᠥᠷᠯᠢᠭ᠎ᠦᠨ ᠥᠨᠳᠥᠷ ᠬᠦᠶ᠋ᠲᠡᠨ ᠣᠷᠣᠨ ᠵᠡᠷᠭᠡ ᠪᠥᠬᠥ᠌ ᠤᠯᠤᠰ᠎ᠤᠨ ᠲᠠᠪᠤᠨ ᠶᠡᠬᠡ ᠲᠥᠯᠥᠭᠡᠯᠡᠬᠦ᠌ ᠴᠢᠨᠠᠷᠲᠠᠶ ᠣᠷᠣᠨ ᠪᠦᠰᠡ᠎ᠳᠦ 5 ᠣᠷᠣᠨ ᠪᠦᠰᠡ᠎ᠶ᠋ᠢᠨ ᠲᠦᠪ ᠪᠠᠢᠭᠤᠯᠤᠨ᠎ᠠ᠃ ᠲᠥᠯᠥᠪᠵᠢᠭᠦᠯᠭᠡ᠎ᠶᠤᠰᠤᠭᠠᠷ᠂ 2030 ᠣᠨ ᠪᠣᠯᠬᠤ᠎ᠳᠤ᠂ ᠲᠥᠪ᠎ᠲᠦ 500 ᠬᠥᠮᠦᠨ᠎ᠦ ᠬᠡᠪᠴᠢᠶᠡᠨ᠎ᠦ ᠰᠤᠳᠤᠯᠤᠨ ᠨᠡᠭᠡᠭᠡᠬᠦ᠌ ᠪᠦᠯᠬᠦᠮ ᠪᠦᠷᠢᠯᠳᠦᠬᠦᠯᠵᠦ᠍᠂ ᠡᠪᠡᠰᠦ ᠳᠠᠷᠢᠬᠤ ᠮᠡᠷᠭᠡᠵᠢᠯ᠎ᠢ ᠳᠡᠯᠡᠬᠡᠶ᠎ᠶ᠋ᠢᠨ ᠲᠡᠷᠢᠭᠦᠨ᠎ᠦ ᠲᠦᠪᠱᠢᠨ᠎ᠳᠦ ᠬᠦᠷᠭᠡᠬᠦ᠌᠎ᠶ᠋ᠢ ᠠᠬᠢᠭᠤᠯᠵᠤ᠂ ᠴᠢᠨᠠᠷ ᠰᠠᠢᠲᠠᠶ ᠡᠪᠡᠰᠦ ᠪᠣᠷᠳᠣᠭ᠎ᠠ᠎ᠶ᠋ᠢ ᠤᠯᠤᠰ᠎ᠲᠠᠭᠠᠨ ᠦᠶ᠋ᠯᠡᠳᠪᠦᠷᠢᠯᠡᠬᠦ᠌ ᠡᠪᠡᠰᠤ ᠪᠤᠷᠳᠤᠭ᠎ᠠ᠎ᠪᠡᠷ ᠣᠷᠣᠯᠠᠭᠤᠯᠬᠤ᠂ ᠡᠪᠡᠰᠦᠨ᠎ᠦ ᠦᠶ᠋ᠯᠡᠰ᠎ᠦᠨ ᠲᠣᠨᠣᠭ ᠲᠥᠬᠥᠭᠡᠷᠦᠮᠵᠢ᠎ᠶ᠋ᠢᠨ ᠤᠶᠤᠨᠴᠢᠯᠠᠯᠳᠠ ᠵᠢᠨ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠪᠥᠬᠥ᠌ ᠪᠥᠮᠪᠥᠷᠴᠡᠭ᠎ᠦᠨ ᠨᠤᠳᠤᠭ ᠪᠡᠯᠴᠢᠭᠡᠷ᠎ᠦᠨ ᠴᠦᠯᠯᠡᠷᠭᠡᠭ᠌ᠵᠢᠯ᠎ᠢ ᠵᠠᠰᠠᠬᠤ᠎ᠳᠤ ᠳᠤᠮᠳᠠᠳᠤ ᠤᠯᠤᠰ᠎ᠤᠨ ᠲᠥᠰᠦᠯ᠎ᠢ ᠬᠠᠩᠭᠠᠨ᠎ᠠ; 2035 ᠣᠨ ᠪᠣᠯᠬᠤ᠎ᠳᠤ᠂ ᠡᠪᠡᠰᠦᠨ᠎ᠦ ᠠᠵᠤ ᠦᠶ᠋ᠯᠡᠰ᠎ᠦᠨ ᠪᠥᠬᠥ᠌ ᠬᠡᠯᠬᠢᠶ᠎ᠡ᠎ᠶ᠋ᠢ ᠬᠠᠮᠤᠷᠤᠭ᠍ᠰᠠᠨ ᠮᠡᠷᠭᠡᠵᠢᠯ᠎ᠦᠨ ᠱᠢᠰᠲ᠋ᠧᠮ᠎ᠢ ᠪᠠᠢᠭᠤᠯᠵᠤ᠂ ᠡᠪᠡᠰᠦᠨ᠎ᠦ ᠠᠵᠤ ᠦᠶ᠋ᠯᠡᠰ᠎ᠦᠨ ᠬᠡᠪᠴᠢᠶᠡᠵᠢᠨ ᠨᠡᠮᠡᠭ᠌ᠳᠡᠬᠦ᠌᠎ᠶ᠋ᠢ ᠳᠠᠢᠴᠢᠯᠠᠵᠤ᠂ ᠨᠠᠩ ᠣᠯᠠᠨ ᠡᠪᠡᠰᠦᠨ᠎ᠦ ᠦᠶ᠋ᠯᠡᠰ᠎ᠦᠨ ᠠᠵᠤ ᠠᠬᠤᠢᠯᠠᠯ᠎ᠤᠨ ᠳᠡᠯᠡᠬᠡᠶ᠎ᠳᠦ ᠨᠥᠯᠥᠭᠡᠯᠡᠬᠦ᠌ ᠬᠦᠴᠦᠨ᠎ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ ᠪᠣᠯᠵᠣ ᠪᠣᠢᠵᠢᠬᠤ᠎ᠶ᠋ᠢ ᠲᠤᠯᠭᠠᠭᠤᠷᠢᠯᠠᠵᠤ᠂ ᠡᠪᠡᠰᠦᠨ᠎ᠦ ᠠᠵᠤ ᠦᠶ᠋ᠯᠡᠰ᠎ᠦᠨ ᠪᠥᠬᠥ᠌ ᠲᠠᠯ᠎ᠠ᠎ᠪᠠᠷ ᠲᠠᠰ ᠳᠡᠪᠱᠢᠬᠦ᠌᠎ᠶ᠋ᠢ ᠠᠬᠢᠭᠤᠯᠤᠨ᠎ᠠ᠃

2022 ᠣᠨ᠎ᠡᠴᠡ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠥᠪᠥᠷ ᠮᠣᠩᠭᠣᠯ᠎ᠤᠨ ᠡᠪᠡᠰᠦᠨ᠎ᠦ ᠦᠢᠯᠡᠰ ᠭᠡᠬᠦ᠌ ᠡᠨᠡ ᠬᠦ᠌ ᠤᠨᠴᠠᠯᠢᠬ᠍ᠳᠤ ᠳᠠᠪᠠᠭᠤᠯᠢᠭ ᠠᠵᠤ ᠦᠢᠯᠡᠰ᠎ᠦᠨ ᠲᠣᠭᠣᠷᠢᠨ᠎ᠳᠤ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠦ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠠᠢᠷᠢᠰᠢᠭᠤᠯᠤᠨ ᠪᠠᠢᠭᠤᠯᠵᠤ᠂ ᠡᠪᠡᠰᠦᠨ᠎ᠦ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠂ ᠡᠪᠡᠰᠦᠨ᠎ᠦ ᠦᠢᠯᠡᠰ᠎ᠦᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠠᠢᠭᠤᠯᠬᠤ᠎ᠳᠤ ᠪᠠᠲᠤ ᠪᠡᠬᠢ ᠰᠠᠭᠤᠷᠢ ᠲᠠᠯᠪᠢᠵᠤ ᠥᠭ᠌ᠪᠡ᠃ ᠡᠪᠡᠰᠦᠨ᠎ᠦ ᠦᠶ᠋ᠯᠡᠰ᠎ᠦᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠡᠯᠡᠳᠭᠡᠨ ᠪᠠᠢᠭᠤᠯᠬᠤ ᠱᠠᠲᠤᠨ᠎ᠳᠤ᠂ ᠨᠡᠢᠲᠡ 44 ᠱᠢᠨ᠎ᠡ ᠡᠭᠦᠯᠳᠡᠷ᠂ 68 ᠵᠦᠶ᠋ᠯ᠎ᠦᠨ ᠡᠷᠬᠡ ᠣᠯᠭᠣᠭ᠍ᠰᠠᠨ ᠲᠤᠰᠭᠠᠶ ᠠᠱᠢᠭ ᠢ᠋ ᠬᠢᠨᠡᠨ ᠲᠠᠨᠭᠰᠠᠯᠠᠵᠤ᠂ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠬᠦᠷᠠᠩ ᠴᠠᠷᠭᠠᠰᠤ 60K ᠱᠢᠩᠭᠡᠨ ᠲᠦᠯᠦᠪᠳᠤ ᠭᠧᠨ᠎ᠦ ᠢᠯᠳᠡᠰᠤ ᠵᠡᠷᠭᠡ 3 ᠵᠦᠶ᠋ᠯ᠎ᠦᠨ ᠦᠷ᠎ᠡ ᠪᠦᠲᠦᠭᠡᠯ ᠣᠯᠠᠨ ᠤᠯᠤᠰ᠎ᠤᠨ ᠲᠡᠷᠢᠭᠦᠨ᠎ᠦ ᠲᠦᠪᠱᠢᠨ᠎ᠳᠦ ᠬᠦᠷᠴᠦ᠍᠂ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠬᠦᠷᠠᠩ ᠴᠠᠷᠭᠠᠰᠤ᠎ᠶ᠋ᠢᠨ ᠦᠷ᠎ᠠ ᠵᠢᠨ ᠲᠠᠷᠢᠶᠠᠨ ᠳ᠋ᠡᠬᠢ ᠤᠶᠤᠨᠲᠤ ᠡᠪᠡᠰᠦ ᠠᠷᠢᠯᠭᠠᠬᠤ ᠮᠠᠱᠢᠨ ᠬᠥᠮᠦᠨ ᠵᠡᠷᠭᠡ ᠲᠣᠨᠣᠭ ᠲᠥᠬᠥᠭᠡᠷᠦᠮᠵᠢ᠎ᠶ᠋ᠢᠨ ᠳᠠᠭᠠᠭᠤᠯᠤᠭ᠍ᠴᠢ ᠠᠵᠢᠯ ᠲᠥᠷᠥᠯ᠎ᠲᠡᠶ ᠪᠣᠯᠤᠭ᠍ᠰᠠᠨ ᠪᠥᠭᠡᠳ ᠤᠯᠤᠰ᠎ᠤᠨ ᠡᠪᠡᠰᠦᠨ᠎ᠦ ᠠᠵᠤ ᠦᠶ᠋ᠯᠡᠰ᠎ᠦᠨ ᠮᠡᠳᠡᠯᠭᠡ᠎ᠶ᠋ᠢᠨ ᠥᠮᠴᠢᠯᠡᠯ ᠤ᠋ᠨ ᠡᠷᠬᠡ᠎ᠶ᠋ᠢᠨ ᠡᠵᠡᠩᠨᠡᠯᠲᠡ᠎ᠶ᠋ᠢᠨ ᠲᠥᠪ᠂ ᠤᠯᠤᠰ᠎ᠤᠨ ᠣᠶ ᠱᠢᠭᠤᠶ ᠡᠪᠡᠰᠦ ᠤᠷᠭᠤᠮᠠᠯ᠎ᠤᠨ ᠱᠢᠨ᠎ᠡ ᠡᠭᠦᠯᠳᠡᠷ᠎ᠦᠨ ᠬᠥᠬᠡᠬᠣᠲᠠ᠎ᠶ᠋ᠢᠨ ᠱᠢᠯᠭᠠᠨ ᠲᠤᠷᠱᠢᠬᠤ ᠥᠷᠲᠡᠭᠡ ᠵᠡᠷᠭᠡ ᠵᠠᠩᠭᠢᠯᠠᠭ᠎ᠠ᠎ᠶ᠋ᠢᠨ ᠠᠴᠢᠶᠠᠯᠠᠪᠤᠷᠢ᠎ᠨᠢ ᠵᠥᠪᠱᠢᠶᠡᠷᠡᠭ᠌ᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号