ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠤᠳᠤᠷᠢᠳᠭᠤ ᠪᠠᠭ 2025 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠵᠢᠴᠢ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠲᠤᠰᠭᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
2026-01-27 09:15:46
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ ᠬᠤᠷᠠᠯ ᠢ᠋ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠢ


ᠨᠠᠮ᠎ᠤᠨ ᠲᠥᠪ ᠬᠣᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ 1 ᠰᠠᠷ᠎ᠠ᠎ᠶ᠋ᠢᠨ 26 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠤᠳᠤᠷᠢᠳᠭᠤ ᠪᠠᠭ ᠨᠢᠭᠡ ᠡᠳᠦᠷ᠎ᠦᠨ ᠴᠠᠭ᠎ᠢ ᠬᠡᠷᠡᠭ᠌ᠰᠡᠵᠦ᠍ 2025 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠵᠢᠴᠢ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠲᠤᠰᠭᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ᠃ ᠡᠨᠡ ᠤᠳᠠᠭ᠎ᠠ᠎ᠶ᠋ᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠨᠢ ᠨᠠᠮ᠎ᠤᠨ ᠲᠥᠪ ᠬᠤᠷᠢᠶ᠎ᠡ ᠵᠢᠨ ᠤᠯᠤᠰ ᠲᠥᠷᠥ᠎ᠶ᠋ᠢᠨ ᠲᠣᠪᠴᠢᠶ᠎ᠠ ᠵᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢᠶᠠᠷ ᠪᠠᠷᠢᠮᠵᠢᠶ᠎ᠠ ᠪᠣᠯᠭᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠣᠭᠣᠮᠲᠠ ᠱᠢᠪᠲᠤᠯᠬᠤ ᠳᠠᠢᠯᠠᠯᠳᠤᠭᠠᠨ ᠬᠢᠬᠦ᠌᠂ ᠤᠳᠠᠭᠠᠨ ᠳᠠᠭᠠᠭᠠᠮᠠᠭᠠᠶ ᠳᠠᠢᠯᠠᠯᠳᠤᠭᠠᠨ ᠬᠢᠬᠦ᠌ ᠰᠢᠢᠳᠮᠡᠭ ᠵᠣᠷᠢᠭ ᠪᠣᠯᠤᠨ ᠬᠠᠲᠠᠭᠤ ᠵᠣᠷᠢᠭ᠎ᠢᠶᠠᠷ᠂ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠥᠷᠡᠰᠢ ᠥᠬᠡᠶ ᠨᠠᠢᠳᠠᠪᠤᠷᠢᠵᠢᠭᠤᠯᠵᠤ᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠪᠠᠢᠯᠭᠠᠬᠤ᠎ᠶ᠋ᠢ ᠠᠬᠢᠭᠤᠯᠵᠤ᠂ ᠲᠥᠪ᠎ᠦᠨ ᠲᠣᠭᠣᠷᠢᠨ ᠪᠠᠢᠴᠠᠭᠠᠯᠳᠠ ᠵᠢᠨ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠭᠦᠨᠵᠡᠭᠡᠶ ᠠᠬᠢᠭᠤᠯᠵᠤ᠂ ᠱᠢᠯᠢᠳᠡᠭ ᠰᠤᠷᠲᠠᠯ᠎ᠢᠶᠠᠷ ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌᠎ᠪᠡᠷ ᠭᠤᠤᠯ ᠰᠡᠳᠦᠪ ᠪᠣᠯᠭᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠳ᠋ᠦᠩᠨᠡᠯᠲᠡ᠎ᠶ᠋ᠢᠨ ᠶᠠᠷᠢᠶ᠎ᠠ ᠲᠠᠯᠪᠢᠪᠠ᠃ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠤᠳᠤᠷᠢᠳᠤᠯᠭ᠎ᠠ ᠪᠣᠯᠤᠨ 2025 ᠣᠨ᠎ᠤ ᠮᠤᠵᠢ ᠶᠠᠮᠤᠨ᠎ᠤ ᠲᠡᠰ᠎ᠤᠨ ᠨᠢᠭᠡᠴᠢ᠎ᠶ᠋ᠢᠨ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠨᠢᠭᠡᠳᠦᠭᠡᠷ ᠬᠢᠨᠡᠨ ᠵᠢᠯᠣᠭᠣᠳᠭᠤ ᠳᠤᠭᠤᠢᠯᠠᠩ᠂ ᠲᠥᠪ᠎ᠦᠨ ᠲᠣᠭᠣᠷᠢᠨ ᠪᠠᠢᠴᠠᠭᠠᠬᠤ ᠪᠠᠢᠭᠤᠯᠤᠮᠵᠢ᠎ᠶ᠋ᠢᠨ ᠬᠣᠯᠪᠣᠭ᠍ᠳᠠᠯ ᠪᠦᠬᠦᠢ ᠨᠥᠬᠥᠳ ᠬᠤᠷᠠᠯ᠎ᠳᠤ ᠣᠷᠣᠯᠴᠠᠵᠤ ᠵᠢᠭᠠᠨ ᠵᠢᠯᠣᠭᠣᠳᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠵᠠᠩ ᠱᠤᠤ ᠴᠦᠨ ᠬᠤᠷᠠᠯ᠎ᠳᠤ ᠰᠤᠯᠠ ᠣᠷᠣᠯᠴᠠᠵᠠᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠢ᠎ᠠ ᠡᠨᠡ ᠤᠳᠠᠭ᠎ᠠ᠎ᠶ᠋ᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢᠲᠤᠷ ᠬᠤᠷᠠᠯᠳᠤᠭᠤᠯᠬᠤ᠎ᠶ᠋ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠪᠠ᠃ ᠬᠤᠷᠠᠯ᠎ᠡᠴᠡ ᠡᠮᠦᠨ᠎ᠡ ᠬᠤᠷᠠᠯ᠎ᠤᠨ ᠲᠥᠰᠦᠯ᠎ᠢ ᠨᠠᠷᠢᠨ ᠨᠢᠮᠪᠠᠶ ᠲᠣᠭ᠍ᠲᠠᠭᠠᠵᠤ᠂ ᠰᠤᠷᠤᠯᠴᠠᠵᠤ ᠰᠤᠳᠤᠯᠤᠨ ᠶᠠᠷᠢᠯᠴᠠᠬᠤ᠎ᠶ᠋ᠢ ᠭᠦᠨᠵᠡᠭᠡᠶ ᠥᠷᠨᠢᠭᠦᠯᠵᠦ᠍᠂ ᠥᠷᠭᠡᠨ᠎ᠢᠶᠡᠷ ᠰᠠᠨᠠᠯ ᠰᠠᠨᠠᠭᠤᠯᠭ᠎ᠠ ᠬᠤᠷᠢᠶᠠᠵᠤ᠂ ᠬᠠᠷᠢᠯᠴᠠᠨ ᠰᠡᠳᠭᠢᠯ᠎ᠦᠨ ᠦᠭᠡ᠎ᠪᠡᠨ ᠶᠠᠷᠢᠯᠴᠠᠵᠤ᠂ ᠬᠠᠷᠭᠤᠭᠤᠯᠤᠭᠰᠠᠨ ᠪᠠᠢᠴᠠᠭᠠᠯᠲᠠ ᠵᠢᠨ ᠮᠠᠲ᠋ᠧᠷᠢᠶᠠᠯ᠎ᠢ ᠨᠠᠷᠢᠨ ᠬᠢᠨᠠᠮᠠᠭᠠᠶ ᠪᠢᠴᠢᠵᠦ᠍᠂ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢᠲᠤᠷ ᠬᠤᠷᠠᠯᠳᠤᠭᠤᠯᠬᠤ᠎ᠳᠤ ᠭᠦᠶ᠋ᠴᠡᠳ ᠪᠡᠯᠡᠳᠭᠡᠯ ᠬᠢᠵᠡᠶ᠃

ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠤᠳᠤᠷᠢᠳᠭᠤ ᠪᠠᠭ᠎ᠤᠨ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠭ᠍ᠰᠠᠨ ᠪᠠᠢᠳᠠᠯ᠂ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠭ᠍ᠰᠠᠨ ᠪᠠᠢᠳᠠᠯ ᠪᠣᠯᠤᠨ ᠲᠣᠰ ᠤᠳᠠᠭ᠎ᠠ᠎ᠶ᠋ᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠰᠠᠨᠠᠯ ᠬᠤᠷᠢᠶᠠᠭ᠍ᠰᠠᠨ ᠪᠠᠢᠳᠠᠯ᠎ᠢ ᠵᠠᠷᠯᠠᠨ ᠮᠡᠳᠡᠭ᠌ᠳᠡᠪᠡ᠃ ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠤᠳᠤᠷᠢᠳᠭᠤ ᠪᠠᠭ᠎ᠤᠨ ᠡᠮᠦᠨ᠎ᠡ᠎ᠡᠴᠡ ᠬᠠᠷᠭᠤᠭᠤᠯᠤᠭ᠍ᠰᠠᠨ ᠪᠠᠢᠴᠠᠭᠠᠯᠲᠠ ᠬᠢᠭ᠌ᠰᠡᠨ ᠪᠥᠭᠡᠳ ᠲᠦᠷᠦᠭᠦᠯᠡᠨ ᠬᠤᠪᠢ ᠬᠥᠮᠦᠨ᠎ᠦ ᠬᠠᠷᠭᠤᠭᠤᠯᠤᠭ᠍ᠰᠠᠨ ᠪᠠᠢᠴᠠᠭᠠᠯᠲᠠ ᠥᠷᠨᠢᠭᠦᠯᠪᠡ᠃ ᠪᠤᠰᠤᠳ ᠪᠠᠢᠩᠭᠤ᠎ᠶ᠋ᠢᠨ ᠭᠡᠱᠢᠭᠦᠳ ᠨᠢᠭᠡᠳ ᠨᠢᠭᠡ᠎ᠪᠡᠷ ᠬᠤᠪᠢ ᠬᠥᠮᠦᠨ᠎ᠦ ᠬᠠᠷᠭᠤᠭᠤᠯᠤᠭᠰᠠᠨ ᠪᠠᠢᠴᠠᠭᠠᠯᠲᠠ ᠬᠢᠪᠡ᠃ ᠪᠠᠢᠩᠭᠤ᠎ᠶ᠋ᠢᠨ ᠭᠡᠱᠢᠭᠦᠨ ᠨᠢᠭᠡᠪᠦᠷᠢ ᠦᠭᠡ ᠬᠡᠯᠡᠭ᠌ᠰᠡᠨ᠎ᠦ ᠲᠠᠷᠠᠭ᠎ᠠ᠂ ᠪᠤᠰᠤᠳ ᠨᠥᠬᠥᠳ ᠲᠡᠰ ᠳᠠᠷᠠᠭᠠᠯᠠᠨ ᠱᠢᠭᠦᠮᠵᠢᠯᠡᠬᠦ᠌ ᠰᠠᠨᠠᠯ ᠳᠤᠷᠠᠳᠪᠠ᠃ ᠤᠯᠠᠨ᠎ᠢᠶᠠᠷ᠎ᠢᠶᠠᠨ 《ᠭᠤᠷᠪᠠᠨ ᠪᠠᠭᠳᠠᠭᠠᠨ ᠤᠷᠤᠭᠤᠯᠬᠤ》 ᠤᠬᠠᠮᠰᠠᠷ᠎ᠢᠶᠠᠷ ᠠᠰᠠᠭᠤᠳᠠᠯ ᠪᠠ ᠬᠦᠷᠦᠯᠴᠡᠬᠦ᠌ ᠦᠭᠡᠢ ᠲᠠᠯ᠎ᠠ᠎ᠪᠠᠨ ᠪᠦᠬᠦ᠌ ᠲᠠᠯ᠎ᠠ᠎ᠪᠠᠷ ᠡᠷᠢᠵᠦ᠍᠂ ᠡᠰᠡᠷᠭᠦ᠌ ᠲᠠᠯ᠎ᠠ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠲᠡᠶ ᠤᠶᠠᠯᠳᠤᠭᠤᠯᠤᠨ᠂ ᠨᠠᠮᠴᠢ ᠴᠢᠨᠠᠷ᠎ᠤᠨ ᠵᠠᠳᠠᠯᠤᠯᠲᠠ᠎ᠶ᠋ᠢ ᠭᠦᠨᠵᠡᠭᠡᠢ ᠬᠢᠵᠦ᠍᠂ ᠠᠰᠠᠭᠤᠳᠠᠯ᠎ᠤᠨ ᠦᠨᠳᠦᠰᠦ ᠰᠤᠷᠪᠤᠯᠵᠢ᠎ᠶ᠋ᠢ ᠵᠠᠳᠠᠯᠤᠨ᠂ ᠬᠣᠢᠱᠢᠳᠠ᠎ᠶ᠋ᠢᠨ ᠴᠢᠷᠮᠠᠢᠬᠤ ᠴᠢᠭ᠌ᠯᠡᠯ ᠪᠠ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠰᠤᠳᠤᠯᠤᠨ ᠳᠤᠷᠠᠳᠪᠠ᠃

ᠸᠠᠩ ᠸᠧᠢ ᠵᠦᠩ ᠳ᠋ᠦᠩᠨᠡᠯᠲᠡ᠎ᠶ᠋ᠢᠨ ᠶᠠᠷᠢᠶᠠᠨ᠎ᠳᠠᠭᠠᠨ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠤᠳᠤᠷᠢᠳᠤᠯᠭ᠎ᠠ ᠪᠣᠯᠤᠨ ᠨᠢᠭᠡᠳᠦᠭᠡᠷ ᠬᠢᠨᠠᠨ ᠪᠠᠢᠴᠠᠭᠠᠬᠤ ᠳᠤᠭᠤᠢᠯᠠᠩ᠂ ᠲᠥᠪ᠎ᠦᠨ ᠲᠣᠭᠣᠷᠢᠨ ᠪᠠᠢᠴᠠᠭᠠᠬᠤ ᠪᠠᠢᠭᠤᠯᠤᠮᠵᠢ᠎ᠶ᠋ᠢᠨ ᠬᠦᠴᠦᠲᠡᠢ ᠵᠢᠯᠤᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠤᠳᠤᠷᠢᠳᠭᠤ ᠪᠠᠭ ᠨᠢᠭᠡ ᠤᠳᠠᠭ᠎ᠠ᠎ᠶ᠋ᠢᠨ ᠴᠢᠨᠠᠷ ᠰᠠᠢᠲᠠᠢ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ᠂ ᠵᠢᠱ᠌ᠢᠭ᠌ᠰᠡᠨ ᠬᠠᠷᠠᠯᠲᠠ᠎ᠳᠠᠭᠠᠨ ᠬᠦᠷᠪᠡ᠃ ᠡᠨᠡ ᠤᠳᠠᠭ᠎ᠠ᠎ᠶ᠋ᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠡᠴᠡ ᠠᠰᠠᠭᠤᠳᠠᠯ᠎ᠢ ᠪᠠᠢᠴᠠᠭᠠᠨ ᠱᠢᠨᠵᠢᠵᠦ᠍ ᠴᠡᠭ᠌ᠴᠡᠯᠡᠨ ᠰᠠᠢᠵᠢᠷᠠᠭᠤᠯᠬᠤ᠎ᠶ᠋ᠢ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠰᠠᠨᠠᠯ᠎ᠢ ᠴᠡᠭ᠌ᠴᠡᠯᠡᠨ ᠰᠠᠢᠵᠢᠷᠠᠭᠤᠯᠬᠤ᠎ᠲᠠᠶ ᠤᠶᠠᠯᠳᠤᠭᠤᠯᠵᠤ᠂ ᠦᠨᠡᠨ ᠬᠦ᠌ ᠬᠠᠲᠠᠭᠤ᠎ᠲᠠᠶ ᠨᠢ ᠬᠠᠯᠳᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠵᠤ᠂ ᠶᠠᠪᠤᠳᠠᠯ ᠪᠦᠬᠦᠨ᠎ᠢ ᠨᠠᠢᠳᠠᠪᠤᠷᠢᠵᠢᠭᠤᠯᠵᠤ᠂ ᠶᠠᠪᠤᠳᠠᠯ ᠪᠦᠬᠦᠨ᠎ᠢ ᠲᠤᠭᠤᠱᠢᠲᠠᠢ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠸᠠᠩ ᠸᠧᠢ ᠵᠦᠩ᠂  ᠶᠡᠷᠦᠩᠬᠡᠢ ᠱᠦᠵᠢ  ᠰᠢ ᠵᠢᠨ ᠫᠢᠩ ᠎ᠦᠨ ᠪᠠᠲᠤ ᠢᠲᠡᠭᠡᠬᠦ᠌᠂ ᠪᠣᠳᠠᠲᠠᠢ  ᠎ᠶ᠋ᠢ ᠡᠷᠬᠢᠮᠯᠡᠬᠦ᠌᠂ ᠬᠠᠷᠢᠭᠤᠴᠠᠯᠭ᠎ᠠ  ᠡᠭᠦᠷᠭᠡᠯᠡᠬᠦ᠌᠂  ᠥᠪᠡᠷ ᠎ᠢ ᠎ᠪᠡᠨ ᠱᠠᠭᠠᠷᠳᠠᠬᠤ ᠲᠤᠬᠠᠢ ᠴᠢᠬᠤᠯᠠ ᠱᠠᠭᠠᠷᠳᠠᠯᠭ᠎ᠠ ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂  ᠨᠡᠩ  ᠥᠨᠳᠥᠷ  ᠪᠠᠷᠢᠮᠵᠢᠶ᠎ᠠ ᠎ᠪᠠᠷ  ᠲᠤᠰ ᠪᠡᠶ᠎ᠡ ᠎ᠶ᠋ᠢᠨ ᠪᠠᠢᠭᠤᠯᠤᠯᠲᠠ ᠎ᠪᠠᠨ ᠴᠢᠩᠭᠠᠳᠭᠠᠵᠤ᠂ ᠨᠡᠩ  ᠴᠢᠩᠭ᠎ᠠ  ᠡᠭᠦᠷᠭᠡᠯᠡᠯ ᠎ᠢᠶᠡᠷ  ᠠᠵᠢᠯ  ᠦᠢᠯᠡᠰ  ᠎ᠦᠨ ᠬᠥᠭ᠌ᠵᠢᠯᠲᠡ ᠎ᠶ᠋ᠢ ᠠᠬᠢᠭᠤᠯᠬᠤ  ᠬᠡᠷᠡᠭ᠌ᠲᠡᠢ᠃  ᠪᠠᠲᠤ  ᠢᠲᠡᠭᠡᠬᠦ᠌ ᠦᠨᠳᠦᠰᠦ ᠰᠠᠭᠤᠷᠢ ᠎ᠶ᠋ᠢ ᠪᠡᠬᠢᠵᠢᠭᠦᠯᠵᠦ᠍᠂ ᠨᠠᠮ ᠎ᠳᠠᠭᠠᠨ ᠦᠨᠡᠨᠴᠢ  ᠱᠢᠳᠤᠷᠭᠤ  ᠪᠠᠢᠬᠤ  ᠲᠠᠯ᠎ᠠ ᠎ᠪᠠᠷ  ᠬᠡᠪ ᠳᠠᠭᠤᠷᠢᠶᠠᠯ  ᠪᠣᠯᠬᠤ ᠎ᠶ᠋ᠢ ᠴᠢᠩᠭᠠᠳᠭᠠᠵᠤ᠂  ᠰᠢ ᠵᠢᠨ ᠫᠢᠩ ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ ᠎ᠤᠨ ᠦᠵᠡᠯ ᠰᠠᠨᠠᠭ᠎ᠠ ᠎ᠶ᠋ᠢ ᠭᠦᠨᠵᠡᠭᠡᠶ ᠰᠤᠷᠤᠯᠴᠠᠵᠤ᠂ ᠶᠡᠷᠦᠩᠬᠡᠶ ᠱᠦᠵᠢ ᠰᠢ ᠵᠢᠨ ᠫᠢᠩ ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠵᠤ᠂ ᠶᠡᠷᠦᠩᠬᠡᠶ ᠱᠦᠵᠢ ᠰᠢ ᠵᠢᠨ ᠫᠢᠩ ᠎ᠦᠨ ᠴᠢᠬᠤᠯᠠ ᠵᠢᠭᠠᠪᠤᠷᠢ ᠱᠠᠭᠠᠷᠳᠠᠯᠭ᠎ᠠ ᠪᠣᠯᠤᠨ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠩ ᠡᠷᠡᠰ ᠪᠠᠲᠤ ᠬᠦᠴᠦᠲᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢ ᠳᠠᠪᠲᠠᠨ ᠪᠣᠯᠪᠠᠰᠤᠷᠠᠭᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ ᠠᠷᠠᠳ᠎ᠤᠨ ᠲᠥᠯᠥᠭᠡ ᠠᠵᠢᠯᠯᠠᠬᠤ ᠲᠠᠯ᠎ᠠ᠎ᠪᠠᠷ ᠦᠯᠢᠭᠡᠷ ᠳᠠᠭᠤᠷᠢᠶᠠᠯ ᠪᠤᠯᠵᠤ᠂ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠬᠦᠴᠢᠷ ᠪᠡᠷᠬᠡᠱᠢᠶᠡᠯ ᠤᠯᠠᠨ᠂ ᠤᠯᠠᠨ ᠲᠦᠮᠡᠨ᠎ᠦ ᠰᠠᠨᠠᠯ ᠲᠥᠪᠯᠡᠷᠡᠭ᠌ᠰᠡᠨ᠂ ᠠᠵᠢᠯ᠎ᠤᠨ ᠡᠭᠦᠷᠭᠡ ᠬᠦᠨᠳᠦ ᠪᠠᠢᠬᠤ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠢᠯᠡᠭᠦᠬᠡᠨ ᠬᠦᠷᠴᠦ᠍ ᠪᠣᠳᠠᠲᠤ ᠪᠠᠢᠳᠠᠯ᠎ᠢ ᠪᠠᠢᠴᠠᠭᠠᠨ᠂ ᠪᠣᠳᠠᠲᠤ ᠦᠷ᠎ᠡ ᠪᠦᠲᠦᠮᠵᠢ᠎ᠶ᠋ᠢ ᠤᠢᠯᠠᠭᠠᠵᠦ᠂ ᠥᠪᠡᠷᠲᠡᠭᠡᠨ ᠵᠠᠰᠠᠬᠤ ᠣᠷᠣᠨ᠎ᠤ ᠣᠳᠣᠬᠠᠨ ᠪᠠ ᠠᠯᠤᠰ ᠬᠡᠳᠤ᠎ᠶ᠋ᠢᠨ ᠬᠥᠭ᠌ᠵᠢᠯᠲᠡ᠎ᠳᠦ ᠬᠣᠯᠪᠣᠭ᠍ᠳᠠᠬᠤ ᠭᠦᠨ ᠳᠠᠪᠬᠤᠷᠭ᠎ᠠ᠎ᠶ᠋ᠢᠨ ᠠᠰᠠᠭᠤᠳᠠᠯ᠎ᠢ ᠭᠦᠨᠵᠡᠭᠡᠢ ᠰᠤᠳᠤᠯᠤᠨ ᠪᠣᠳᠣᠯᠬᠢᠯᠠᠵᠤ᠂ ᠪᠣᠳᠠᠲᠠᠢ ᠠᠵᠢᠯᠯᠠᠬᠤ᠎ᠶ᠋ᠢ ᠴᠢᠬᠤᠯᠠᠴᠢᠯᠠᠬᠤ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠬᠦ᠌ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠬᠤ᠎ᠶ᠋ᠢ ᠬᠦᠳᠦᠯᠦᠨ ᠳᠠᠭᠠᠭᠤᠯᠬᠤ ᠬᠡᠷᠡᠭ᠌ᠲᠡᠢ᠃ ᠰᠠᠨᠠᠭᠠᠴᠢᠯᠠᠭ᠎ᠠ᠎ᠡᠴᠡ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠵᠣᠷᠢᠭ᠍ᠲᠠᠢ᠎ᠪᠠᠷ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ ᠲᠠᠯ᠎ᠠ᠎ᠪᠠᠷ ᠦᠯᠢᠭᠡᠷ ᠳᠠᠭᠤᠷᠢᠶᠠᠯ ᠪᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠲᠤᠬᠢᠷᠠᠭᠤᠯᠤᠯᠲᠠ ᠶᠣᠰᠣᠭᠠᠷ᠂ ᠰᠠᠨᠠᠭᠠᠴᠢᠯᠠᠭ᠎ᠠ᠎ᠡᠴᠡ᠎ᠪᠠᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ 《ᠱᠢᠪᠲᠤᠯᠤᠯᠲᠠ ᠬᠢᠬᠦ᠌ 》 ᠵᠣᠷᠢᠭ ᠰᠠᠨᠠᠭ᠎ᠠ᠂ 《ᠡᠭᠦᠳᠦᠨ ᠪᠦᠲᠦᠭᠡᠬᠦ᠌》 ᠡᠷᠴᠢ ᠵᠣᠷᠢᠭ᠂ 《ᠠᠵᠢᠯᠯᠠᠬᠤ》 ᠰᠤᠷᠲᠠᠯ᠎ᠢᠶᠠᠷ ᠪᠣᠭᠣᠮᠲᠠ ᠱᠢᠪᠲᠤᠯᠬᠤ ᠳᠠᠢᠯᠠᠯᠳᠤᠭᠠᠨ ᠬᠢᠵᠦ᠍᠂ ᠬᠦᠴᠢᠷ ᠠᠰᠠᠭᠤᠳᠠᠯ ᠢ᠋ ᠱᠢᠢᠳᠪᠦᠷᠢᠯᠡᠬᠦ᠌ ᠬᠡᠷᠡᠭ᠌ᠲᠡᠢ᠃ ᠠᠷᠢᠭᠤᠨ ᠴᠢᠬᠡᠴᠢ᠎ᠪᠡᠷ ᠪᠡᠶ᠎ᠡ᠎ᠪᠡᠨ ᠴᠢᠩᠭ᠎ᠠ ᠱᠠᠭᠠᠷᠳᠠᠬᠤ᠂ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠪᠠᠲᠤ ᠡᠭᠦᠷᠭᠡᠯᠡᠬᠦ᠌ ᠲᠠᠯ᠎ᠠ᠎ᠪᠠᠷ ᠦᠯᠢᠭᠡᠷ ᠳᠠᠭᠤᠷᠢᠶᠠᠯ ᠪᠤᠯᠵᠤ᠂ ᠸᠠᠩ ᠯᠢ ᠱᠢᠶᠠ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠠᠰᠠᠭᠤᠳᠠᠯ᠎ᠡᠴᠡ ᠭᠦᠨᠵᠡᠭᠡᠢ ᠰᠤᠷᠭᠠᠮᠵᠢ ᠠᠪᠴᠤ᠌᠂ ᠠᠷᠢᠭᠤᠨ ᠴᠢᠬᠡᠴᠢ᠎ᠪᠡᠷ ᠵᠠᠰᠠᠭ ᠪᠠᠷᠢᠬᠤ ᠬᠣᠷᠢᠭ᠎ᠠ ᠱᠤᠭᠤᠮ᠎ᠢ ᠡᠷᠡᠰ ᠰᠠᠬᠢᠵᠤ᠂ ᠲᠤᠱᠢᠶᠠᠯ ᠬᠠᠷᠢᠭᠤᠴᠠᠯᠭ᠎ᠠ᠎ᠶ᠋ᠢᠨ ᠬᠡᠪᠴᠢᠶᠡᠨ᠎ᠳᠡᠬᠢ ᠠᠰᠠᠭᠤᠳᠠᠯ᠎ᠢ ᠵᠣᠷᠢᠭ᠍ᠲᠠᠢ ᠬᠠᠮᠢᠶᠠᠷᠤᠨ ᠵᠣᠷᠢᠭ᠍ᠲᠠᠢ ᠵᠠᠰᠠᠵᠤ᠂ ᠴᠢᠩᠭ᠎ᠠ ᠬᠠᠮᠢᠶᠠᠷᠤᠨ ᠴᠢᠩᠭ᠎ᠠ ᠵᠠᠰᠠᠵᠤ᠂ ᠡᠭᠦᠷᠢᠳᠡ ᠵᠤᠬ᠍ᠰᠤᠰᠢ ᠦᠭᠡᠢ ᠰᠡᠷᠬᠡᠭ ᠪᠠᠢᠳᠠᠯ᠎ᠢᠶᠡᠷ᠎ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠠᠬᠢᠭᠤᠯᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号