2026 ᠣᠨ᠎ᠤ ᠥᠪᠥᠷ ᠮᠣᠩᠭᠣᠯ᠎ᠤᠨ ᠤᠷᠢᠬᠠᠨ ᠰᠠᠯᠬᠢ ᠠᠵᠢᠯᠯᠠᠭ᠎ᠠ ᠵᠢᠴᠢ ᠠᠵᠢᠯ ᠣᠯᠭᠣᠯᠲᠠ᠎ᠶ᠋ᠢᠨ ᠲᠤᠰᠠᠯᠠᠮᠵᠢ᠎ᠶ᠋ᠢᠨ ᠤᠯᠠᠷᠢᠯ᠎ᠤᠨ ᠲᠤᠰᠭᠠᠶ ᠲᠠᠯᠠᠪᠠᠶ᠎ᠤᠷᠢᠵᠤ ᠡᠯᠰᠡᠬᠦ᠌ ᠠᠵᠢᠯᠯᠠᠭ᠎ᠠ ᠡᠬᠢᠯᠡᠵᠠᠢ
2026-01-27 09:38:19
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 25 ᠎ᠤ᠋ ᠡᠳᠦᠷ᠂ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠢᠬᠠᠨ ᠰᠠᠯᠬᠢ ᠠᠵᠢᠯᠯᠠᠭ᠎ᠠ ᠵᠢᠴᠢ ᠠᠵᠢᠯ ᠣᠯᠭᠣᠯᠲᠠ᠎ᠶ᠋ᠢᠨ ᠲᠤᠰᠠᠯᠠᠮᠵᠢ᠎ᠶ᠋ᠢᠨ ᠤᠯᠠᠷᠢᠯ᠎ᠤᠨ ᠲᠤᠰᠭᠠᠶ ᠲᠠᠯᠠᠪᠠᠶ᠎ᠤᠷᠢᠵᠤ ᠡᠯᠰᠡᠬᠦ᠌ ᠠᠵᠢᠯᠯᠠᠭ᠎ᠠ ᠬᠥᠬᠡᠬᠣᠲᠠ᠎ᠶ᠋ᠢᠨ ᠵᠧᠨ ᠬᠤᠸᠠ ᠠᠭᠤᠳᠠᠮ ᠲᠠᠯᠠᠪᠠᠶ᠎ᠳᠤ ᠡᠬᠢᠯᠡᠵᠤ᠂ ᠠᠵᠢᠯᠯᠠᠭ᠎ᠠ ᠎ᠨᠢ 《ᠤᠷᠢᠬᠠᠨ ᠰᠠᠯᠬᠢ ᠠᠵᠢᠯ᠎ᠤᠨ ᠪᠠᠢᠷᠢ ᠬᠦᠷᠭᠡᠵᠦ᠍ ᠠᠵᠢᠯ ᠣᠯᠭᠣᠯᠲᠠ᠎ᠶ᠋ᠢ ᠠᠬᠢᠭᠤᠯᠤᠨ ᠬᠠᠷᠢᠯᠴᠠᠨ ᠬᠠᠪᠰᠤᠷᠤᠯᠴᠠᠵᠦ᠎ᠠᠷᠠᠳ᠎ᠤᠨ ᠰᠡᠳᠭᠢᠯ᠎ᠢ ᠳᠤᠯᠠᠭᠠᠴᠠᠭᠤᠯᠬᠤ》 ᠪᠠᠷ ᠭᠤᠤᠯ ᠰᠡᠳᠦᠪ ᠪᠣᠯᠭᠠᠵᠤ᠂ ᠠᠵᠢᠯᠯᠠᠭ᠎ᠠ᠎ᠨᠢ 1 ᠰᠠᠷ᠎ᠠ᠎ᠶ᠋ᠢᠨ 25 ᠎ᠡᠴᠡ ᠡᠬᠢᠯᠡᠵᠦ᠍ 3 ᠰᠠᠷ᠎ᠠ ᠎ᠶ᠋ᠢᠨ ᠰᠡᠭᠦᠯᠴᠢ ᠪᠣᠯᠲᠠᠯ᠎ᠠ ᠶᠠᠪᠤᠬᠳᠠᠠ᠂ ᠰᠦᠯᠵᠢᠶᠡᠨ ᠳᠡᠭᠡᠷ᠎ᠠ ᠪᠠ ᠪᠤᠲᠠᠲᠤ ᠴᠤᠭᠴᠠ᠎ᠶ᠋ᠢ ᠠᠭᠤᠰᠤᠯᠴᠠᠭᠤᠯᠬᠤ ᠵᠠᠭ᠍ᠪᠤᠷ᠎ᠢᠶᠠᠷ ᠠᠵᠢᠯ ᠡᠷᠢᠵᠦ᠍ ᠠᠵᠢᠯᠲᠠᠨ ᠡᠯᠰᠡᠬᠦ᠌ ᠥᠨᠳᠥᠷ ᠪᠦᠲᠦᠮᠵᠢᠲᠡᠶ ᠲᠠᠪᠴᠠᠩ᠎ᠢ ᠪᠠᠢᠭᠤᠯᠤᠨ᠎ᠠ᠃

ᠤᠢᠯᠠᠭᠠᠭᠰᠠᠨ᠎ᠢᠶᠡᠷ᠂ ᠠᠵᠢᠯᠯᠠᠭ᠎ᠠ᠎ᠶ᠋ᠢᠨ ᠠᠬᠤᠶ ᠲᠠᠯᠠᠪᠠᠶ᠎ᠳᠤ ᠠᠵᠤ ᠠᠬᠤᠢᠯᠠᠯ᠎ᠤᠨ ᠠᠵᠢᠯᠲᠠᠨ ᠡᠯᠰᠡᠬᠦ᠌᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠲᠠᠨᠢᠯᠴᠠᠭᠤᠯᠭ᠎ᠠ᠂ ᠲᠥᠷᠥᠯ ᠲᠡᠮᠳᠡᠭ᠎ᠦᠨ ᠦᠵᠡᠭᠦᠯᠭᠡ ᠵᠡᠷᠭᠡ ᠠᠷᠪᠠᠨ ᠭᠤᠷᠪᠠᠨ ᠦᠶ᠋ᠯᠡᠴᠢᠯᠡᠭᠡᠨ᠎ᠦ ᠲᠤᠰᠭᠠᠶ ᠲᠣᠭᠣᠷᠢᠭ ᠲᠣᠬᠢᠷᠠᠭᠤᠯᠵᠤ᠂ ᠠᠵᠢᠯ᠎ᠤᠨ ᠪᠠᠢᠷᠢ ᠳᠠᠨᠢᠯᠴᠠᠭᠤᠯᠬᠤ 2 ᠱᠢᠭᠤᠳ ᠨᠡᠪᠲᠡᠷᠡᠭᠦᠯᠬᠡ ᠵᠢᠨ ᠲᠠᠰᠤᠭ ᠎ᠢ ᠵᠡᠷᠭᠡ ᠪᠡᠷ ᠨᠡᠭᠡᠭᠡᠵᠦ᠍᠂ ᠪᠥᠬᠥ᠌ ᠶᠠᠪᠤᠴᠠ᠎ᠶ᠋ᠢ ᠰᠦᠯᠵᠢᠶ᠎ᠡ᠎ᠪᠡᠷ ᠱᠢᠭᠤᠳ ᠨᠡᠪᠲᠡᠷᠡᠭᠦᠯᠬᠦ᠌ ᠎ᠶ᠋ᠢᠨ ᠬᠠᠮᠲᠤ 《ᠠᠵᠢᠯ ᠣᠯᠭᠣᠯᠲᠠ᠎ᠶ᠋ᠢᠨ ᠥᠪᠥᠷ ᠮᠣᠩᠭᠣᠯ》 ᠰᠦᠯᠵᠢᠶᠡᠨ᠎ᠳᠦ ᠲᠤᠰᠭᠠᠶ ᠰᠡᠳᠦᠪᠲᠦ ᠪᠤᠯᠤᠩ ᠨᠡᠭᠡᠭᠡᠵᠠᠢ᠃ ᠲᠣᠰ ᠤᠳᠠᠭ᠎ᠠ ᠵᠢᠨ ᠠᠵᠢᠯᠯᠠᠭ᠎ᠠ᠎ᠨᠢ 87 ᠱᠢᠯᠢᠳᠡᠭ ᠠᠵᠤ ᠠᠬᠤᠢᠯᠠᠯ᠎ᠤᠨ 2400 ᠭᠠᠷᠤᠶ ᠠᠵᠢᠯ᠎ᠤᠨ ᠪᠠᠢᠷᠢ᠎ᠶ᠋ᠢ ᠴᠤᠭ᠍ᠯᠠᠭᠤᠯᠵᠤ᠂ ᠢᠳᠡᠭᠡᠨ ᠤᠮᠳᠠᠭᠠᠨ᠂ ᠰᠤᠷᠭᠠᠨ ᠬᠥᠮᠦᠵᠢᠯ᠂ ᠡᠮ ᠡᠮᠨᠡᠯᠭᠡ᠂ ᠪᠠᠷᠠᠭᠠᠨ᠎ᠤ ᠭᠦᠶ᠋ᠯᠭᠡᠭᠡ᠂ ᠬᠡᠷ᠎ᠦᠨ ᠶᠠᠪᠤᠳᠠᠯ᠎ᠤᠨ ᠦᠶ᠋ᠯᠡᠴᠢᠯᠡᠭᠡ ᠵᠡᠷᠭᠡ ᠣᠯᠠᠨ ᠬᠦᠷᠢᠶ᠎ᠡ᠎ᠶ᠋ᠢ ᠬᠠᠮᠤᠷᠴᠤ᠌᠂ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠶ᠋ᠯᠡᠴᠢᠯᠡᠭᠡᠨ᠎ᠦ 6 ᠪᠠᠢᠭᠤᠯᠤᠮᠵᠢ ᠲᠤᠬᠠᠶ᠎ᠶ᠋ᠢᠨ ᠲᠠᠯᠠᠪᠠᠶ᠎ᠳᠤ ᠵᠠᠭᠤᠴᠢ ᠦᠶ᠋ᠯᠡᠴᠢᠯᠡᠭᠡ ᠬᠠᠩᠭᠠᠵᠤ᠂ 8 ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ ᠢᠳᠡᠭᠡᠨ ᠤᠮᠳᠠᠭᠠᠨ᠂ ᠬᠡᠷ᠎ᠦᠨ ᠶᠠᠪᠤᠳᠠᠯ ᠵᠡᠷᠭᠡ ᠠᠵᠢᠯ ᠲᠥᠷᠥᠯ᠎ᠳᠦ ᠠᠩᠬᠠᠷᠤᠯ᠎ᠢᠶᠠᠨ ᠲᠥᠪᠯᠡᠷᠡᠭᠦᠯᠦᠨ ᠪᠣᠯᠪᠠᠰᠤᠷᠠᠯ᠎ᠤᠨ ᠵᠥᠪᠯᠡᠯᠭᠡ ᠪᠠ ᠰᠣᠷᠣᠭ᠍ᠴᠢ ᠡᠯᠰᠡᠬᠦ ᠠᠵᠢᠯᠯᠠᠭ᠎ᠠ ᠥᠷᠨᠢᠭᠦᠯᠵᠠᠢ᠃

ᠡᠬᠦᠨ ᠤ᠋ ᠬᠠᠮᠲᠤ᠂ ᠪᠡᠭᠡᠵᠢᠩ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠬᠡᠷ᠎ᠦᠨ ᠶᠠᠪᠤᠳᠠᠯ᠎ᠤᠨ ᠦᠶ᠋ᠯᠡᠴᠢᠯᠡᠭᠡᠨ᠎ᠦ 46 ᠠᠵᠤ ᠠᠬᠤᠢᠯᠠᠯ᠎ᠢ ᠣᠨᠴᠠᠭᠠᠢᠯᠠᠨ ᠲᠠᠨᠢᠯᠴᠠᠭᠤᠯᠵᠤ᠂ ᠲᠤᠬᠠᠶ᠎ᠶ᠋ᠢᠨ ᠲᠠᠯᠠᠪᠠᠶ᠎ᠳᠤ 《ᠪᠡᠭᠡᠵᠢᠩ ᠬᠣᠲᠠ᠎ᠶ᠋ᠢᠨ ᠬᠡᠷ᠎ᠦᠨ ᠶᠠᠪᠤᠳᠠᠯ᠎ᠤᠨ ᠠᠵᠢᠯ᠎ᠤᠨ ᠪᠠᠢᠷᠢ᠎ᠶ᠋ᠢᠨ ᠬᠡᠷᠡᠭ᠌ᠴᠡᠭᠡ᠎ᠶ᠋ᠢᠨ ᠨᠠᠷᠢᠨ ᠲᠠᠩᠰᠠ》 ᠶ᠋ᠢ ᠲᠠᠷᠬᠠᠭᠠᠵᠤ᠂ ᠪᠡᠭᠡᠵᠢᠩ ᠥᠪᠥᠷ ᠮᠣᠩᠭᠣᠯ ᠯᠤᠭ᠎ᠠ ᠵᠢᠨ ᠬᠥᠳᠡᠯᠮᠦᠷᠢ ᠦᠶ᠋ᠯᠡᠴᠢᠯᠡᠭᠡᠨ᠎ᠦ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠦᠨ᠂ ᠦᠪᠤᠷ ᠮᠤᠩᠭᠤᠯ᠎ᠤᠨ ᠠᠵᠢᠯ ᠡᠷᠢᠭ᠌ᠰᠡᠳ᠎ᠤᠨ ᠪᠡᠭᠡᠵᠢᠩ᠎ᠳᠦ ᠬᠦᠷᠴᠦ᠍ ᠠᠵᠢᠯ ᠤᠯᠬᠤ ᠠᠷᠭ᠎ᠠ ᠵᠠᠮ᠎ᠢ ᠱᠢᠯᠤᠭᠤᠳᠭᠠᠪᠠ᠃ ᠠᠵᠢᠯᠯᠠᠭ᠎ᠠ᠎ᠨᠢ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠂ ᠠᠵᠢᠯ ᠤᠯᠬᠤ᠎ᠳᠤ ᠬᠦᠴᠢᠷᠲᠡᠶ ᠬᠥᠮᠦᠰ᠂ ᠠᠵᠢᠯ ᠠᠯᠳᠠᠭ᠍ᠰᠠᠳ᠂ ᠰᠤᠷᠭᠠᠭᠤᠯᠢ᠎ᠠᠴᠠ᠎ᠪᠠᠨ ᠰᠠᠯᠵᠤ ᠠᠵᠢᠯ ᠣᠯᠤᠭᠠᠳᠤᠶ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ ᠵᠡᠷᠭᠡ ᠭᠤᠤᠯᠳᠠᠯᠭ᠎ᠠ᠎ᠲᠠᠶ ᠪᠦᠯᠬᠦᠮ ᠨᠠᠢᠲᠠ ᠳ᠋ᠤ ᠬᠠᠨᠳᠤᠭᠤᠯᠤᠨ᠂ ᠠᠵᠢᠯ ᠣᠯᠭᠣᠯᠲᠠ᠎ᠶ᠋ᠢᠨ ᠵᠢᠯᠣᠭᠣᠳᠣᠯᠭ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠂ ᠬᠠᠤᠯᠢ ᠴᠠᠭᠠᠵᠠ᠎ᠶ᠋ᠢᠨ ᠯᠠᠪᠯᠠᠭ᠎ᠠ ᠵᠡᠷᠭᠡ ᠪᠥᠬᠥ᠌ ᠶᠠᠪᠤᠴᠠ ᠵᠢᠨ ᠦᠶ᠋ᠯᠡᠴᠢᠯᠡᠭᠡ ᠬᠠᠩᠭᠠᠪᠠ᠃

ᠲᠠᠨᠢᠯᠴᠠᠭᠤᠯᠤᠭᠰᠠᠨ᠎ᠢᠶᠡᠷ᠂ ᠦᠪᠤᠷ ᠮᠤᠡᠭᠭᠤᠯ 2026 ᠤᠨ᠎ᠳᠤ ᠠᠵᠢᠯ ᠣᠯᠭᠣᠬᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠎ᠶ᠋ᠢ 3000 ᠲᠠᠯᠠᠪᠠᠶ᠎ᠠᠴᠠ ᠳᠡᠭᠡᠭ᠌ᠰᠢ ᠡᠷᠭᠢᠯᠡᠬᠦ᠌᠎ᠪᠡᠷ ᠲᠥᠯᠥᠪᠯᠡᠵᠦ᠍᠂ ᠡᠭᠦᠨ᠎ᠳᠦ ᠤᠷᠢᠬᠠᠨ ᠰᠠᠯᠬᠢ ᠠᠵᠢᠯᠯᠠᠭ᠎ᠠ ᠎ᠶ᠋ᠢᠨ ᠱᠢᠷᠢᠰ ᠠᠵᠢᠯᠯᠠᠭ᠎ᠠ ᠎ᠶ᠋ᠢ 900 ᠲᠠᠯᠠᠪᠠᠶ᠎ᠠᠴᠠ ᠳᠡᠭᠡᠭ᠌ᠰᠢ ᠡᠷᠭᠢᠯᠡᠠ᠂ 12.4 ᠲᠦᠮᠡᠨ ᠠᠵᠢᠯ᠎ᠤᠨ ᠪᠠᠢᠷᠢ ᠬᠠᠩᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号