2026 ᠣᠨ᠎ᠤ ᠤᠯᠠᠭᠠᠨᠴᠠᠪ ᠬᠣᠲᠠ᠎ᠶ᠋ᠢᠨ ᠠᠵᠢᠯ ᠣᠯᠭᠣᠯᠲᠠ᠎ᠳ᠋ᠤ ᠲᠤᠰᠠᠯᠠᠬᠤ ᠰᠠᠷ᠎ᠠ᠎ᠶ᠋ᠢᠨ ᠲᠤᠰᠭᠠᠶ ᠠᠵᠢᠯᠯᠠᠭ᠎ᠠ ᠡᠬᠢᠯᠡᠪᠡ
2026-01-27 10:06:13
ᠵᠣᠬᠢᠶᠠᠭ᠍ᠴᠢ᠄
ᠬᠠᠶ ᠵᠢᠶᠦ᠋ᠨ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠎ᠤᠳ ᠲᠦ᠍ ᠤᠯᠠᠭᠠᠨᠴᠠᠪ ᠬᠣᠲᠠ᠎ᠶ᠋ᠢᠨ ᠵᠢᠨᠢᠩ ᠲᠣᠭᠣᠷᠢᠭ᠎ᠤᠨ ᠸᠠᠨ ᠳ᠋ᠠ ᠲᠠᠯᠠᠪᠠᠶ᠎ᠳᠤ ᠬᠥᠮᠦᠨ ᠬᠠᠷ᠎ᠠ ᠴᠤᠭ᠍ᠯᠠᠷᠠᠨ ᠬᠥᠷ ᠬᠥᠭ᠌ᠵᠢᠶᠡᠨ᠎ᠢᠶᠡᠷ ᠪᠢᠯᠬᠠᠨ᠎ᠠ᠃ ᠤᠯᠠᠭᠠᠨᠴᠠᠪ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠡᠴᠡ ᠭᠤᠤᠯᠯᠠᠨ ᠡᠷᠭᠢᠯᠡᠭ᠌ᠰᠡᠨ 《2026 ᠣᠨ᠎ᠤ ᠠᠵᠢᠯ ᠣᠯᠭᠣᠯᠲᠠ᠎ᠳ᠋ᠤ ᠲᠤᠰᠠᠯᠠᠬᠤ ᠰᠠᠷ᠎ᠠ᠎ᠶ᠋ᠢᠨ ᠲᠤᠰᠭᠠᠶ ᠠᠵᠢᠯᠯᠠᠭ᠎ᠠ ᠵᠢᠴᠢ ᠨᠤᠲᠤᠭ᠎ᠲᠠᠭᠠᠨ ᠪᠤᠴᠠᠭ᠍ᠰᠠᠨ ᠮᠠᠯᠴᠢᠨ ᠲᠠᠷᠢᠶᠠᠴᠢᠨ ᠬᠦᠯᠦᠰᠤᠨ ᠠᠵᠢᠯᠴᠢᠨ᠎ᠳᠤ ᠠᠵᠢᠯ ᠣᠯᠭᠣᠬᠤ ᠦᠶ᠋ᠯᠡᠴᠢᠯᠡᠭᠡ ᠵᠢᠨ ᠠᠵᠢᠯᠲᠠᠨ ᠡᠯᠰᠡᠬᠦ ᠴᠤᠭᠯᠠᠭᠠᠨ》 ᠡᠨᠳᠡ ᠶᠠᠪᠤᠭ᠍ᠳᠠᠵᠤ ᠪᠤᠢ᠃ ᠡᠨᠡ ᠨᠢ ᠤᠯᠠᠭᠠᠨᠴᠠᠪ ᠬᠣᠲᠠ᠎ᠶ᠋ᠢᠨ 2026 ᠣᠨ᠎ᠤ ᠠᠵᠢᠯ ᠣᠯᠭᠣᠯᠲᠠ᠎ᠳ᠋ᠤ ᠲᠤᠰᠠᠯᠠᠬᠤ ᠰᠠᠷ᠎ᠠ᠎ᠶ᠋ᠢᠨ ᠠᠵᠢᠯᠯᠠᠭ᠎ᠠ ᠪᠥᠬᠥ᠌ ᠲᠠᠯ᠎ᠠ᠎ᠪᠠᠷ ᠡᠬᠢᠯᠡᠭ᠌ᠰᠡᠨ᠎ᠢ ᠬᠠᠷᠠᠭᠤᠯᠵᠤ᠂ ᠨᠤᠲᠤᠭ᠎ᠲᠠᠭᠠᠨ ᠪᠤᠴᠠᠭ᠍ᠰᠠᠨ ᠮᠠᠯᠴᠢᠨ ᠲᠠᠷᠢᠶᠠᠴᠢᠨ ᠬᠦᠯᠦᠰᠤᠨ ᠠᠵᠢᠯᠴᠢᠨ᠂ ᠠᠵᠢᠯ ᠤᠯᠬᠤ᠎ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ᠎ᠲᠠᠶ ᠬᠥᠮᠦᠰ ᠬᠢᠭᠡᠳ ᠠᠵᠢᠯᠴᠢᠨ ᠬᠡᠷᠡᠭ᠌ᠯᠡᠬᠦ᠌ ᠠᠵᠤ ᠠᠬᠤᠢᠯᠠᠯ᠎ᠳᠤ ᠣᠨᠣᠪᠴᠢᠲᠠᠶ᠂ ᠥᠨᠳᠥᠷ ᠪᠦᠲᠦᠮᠵᠢᠲᠡᠶ ᠵᠣᠯᠭᠠᠭᠤᠯᠬᠤ ᠲᠠᠪᠴᠠᠩ ᠪᠠᠢᠭᠤᠯᠵᠤ ᠥᠭ᠌ᠭᠦᠭ᠌ᠰᠡᠨ ᠪᠠᠢᠨ᠎ᠠ᠃

ᠲᠣᠰ ᠠᠵᠢᠯᠯᠠᠭ᠎ᠠ ᠨᠢ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠳ᠋ᠤ ᠵᠡᠷᠭᠡ ᠪᠡᠷ ᠶᠠᠪᠤᠭᠳᠠᠨ᠂ ᠲᠤᠬᠠᠶ᠎ᠶ᠋ᠢᠨ ᠲᠠᠯᠠᠪᠠᠢ ᠳ᠋ᠤ ᠤᠯᠠᠭᠠᠨᠴᠠᠪ᠎ᠤᠨ ᠠᠵᠢᠯᠲᠠᠨ ᠡᠯᠰᠡᠬᠦ᠌ ᠲᠤᠰᠭᠠᠶ ᠲᠤᠭᠤᠷᠢᠭ᠂ ᠪᠡᠭᠡᠵᠢᠩ ᠲᠢᠶᠠᠨᠵᠢᠨ ᠾᠸᠪᠸᠢ(ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ) ᠵᠢᠨ ᠣᠷᠣᠨ ᠪᠦᠰᠡ᠎ᠶ᠋ᠢᠨ ᠬᠠᠮᠲᠤᠷᠠᠯᠴᠠᠵᠤ ᠠᠵᠢᠯᠲᠠᠨ ᠡᠯᠰᠡᠬᠦ᠌ ᠲᠤᠰᠭᠠᠶ ᠲᠤᠭᠤᠷᠢᠭ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠠᠵᠢᠯᠲᠠᠨ ᠡᠯᠰᠡᠬᠦ᠌ ᠲᠤᠰᠭᠠᠶ ᠲᠤᠭᠤᠷᠢᠭ ᠵᠢᠴᠢ ᠣᠯᠠᠨ᠎ᠤ ᠬᠦᠷᠢᠶᠡᠯᠡᠯ᠎ᠢ ᠣᠯᠤᠭ᠍ᠰᠠᠨ 《ᠱᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ》 ᠲᠤᠰᠭᠠᠶ ᠲᠤᠭᠤᠷᠢᠭ ᠭᠠᠷᠭᠠᠪᠠ᠃ ᠡᠭᠦᠨ᠎ᠳᠤ ᠡᠨᠧᠷᠭᠢ ᠬᠢᠮᠢ᠎ᠶ᠋ᠢᠨ ᠠᠵᠤ ᠦᠶ᠋ᠯᠡᠳᠪᠦᠷᠢ᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌᠂ ᠠᠷᠠᠯᠵᠢᠶ᠎ᠠ ᠬᠤᠳᠠᠯᠳᠤᠭ᠎ᠠ ᠪᠠᠷᠠᠭᠠᠨ᠎ᠤ ᠭᠦᠶ᠋ᠯᠭᠡᠭᠡ᠂ ᠰᠣᠶᠣᠯ ᠵᠢᠭᠤᠯᠴᠢᠯᠠᠯ ᠵᠡᠷᠭᠡ ᠭᠤᠤᠯᠳᠠᠯᠭ᠎ᠠ ᠲᠠᠶ ᠠᠵᠢᠯ ᠲᠥᠷᠥᠯ ᠢ᠋ ᠬᠠᠮᠤᠷᠤᠭᠰᠠᠨ 85 ᠠᠵᠤ ᠠᠬᠤᠢᠯᠠᠯ ᠲᠤᠬᠠᠢ ᠵᠢᠨ ᠲᠠᠯᠠᠪᠠᠶ᠎ᠳᠤ ᠠᠵᠢᠯᠲᠠᠨ ᠡᠯᠰᠡᠨ᠂ ᠮᠡᠷᠭᠡᠵᠢᠯ᠎ᠦᠨ ᠠᠵᠢᠯᠴᠢᠨ᠂ ᠵᠠᠰᠠᠭ ᠵᠠᠬᠢᠷᠭᠠᠨ᠎ᠤ ᠬᠠᠮᠢᠶᠠᠷᠤᠯᠲᠠ᠂ ᠪᠣᠷᠣᠯᠠᠭᠤᠯᠭ᠎ᠠ ᠵᠤᠴᠢᠳ ᠲᠤ᠌ ᠤᠢᠯᠡᠴᠢᠯᠠᠬᠦ᠂ ᠠᠷᠤ ᠲᠠᠯ᠎ᠠ᠎ᠶ᠋ᠢᠨ ᠦᠶ᠋ᠯᠡᠴᠢᠯᠡᠭᠡ ᠵᠡᠷᠭᠡ ᠬᠦᠷᠢᠶ᠎ᠡ᠎ᠶ᠋ᠢ ᠬᠠᠮᠤᠷᠤᠭ᠍ᠰᠠᠨ 2673 ᠠᠵᠢᠯ᠎ᠤᠨ ᠪᠠᠢᠷᠢ ᠬᠠᠩᠭᠠᠪᠠ᠃

ᠥᠪᠥᠷ ᠮᠣᠩᠭᠣᠯ᠎ᠤᠨ ᠹᠧᠢ ᠰᠧ ᠺᠧ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠬᠢᠵᠠᠭᠠᠷᠲᠤ ᠺᠣᠮᠫᠠᠨᠢ᠎ᠶ᠋ᠢᠨ ᠠᠵᠢᠯᠳᠠᠨ ᠡᠯᠰᠡᠬᠦ ᠭᠠᠵᠠᠷ᠎ᠲᠦ᠍ ᠨᠤᠲᠤᠭ᠎ᠲᠠᠭᠠᠨ ᠪᠤᠴᠠᠭ᠍ᠰᠠᠨ ᠮᠠᠯᠴᠢᠨ ᠰᠦᠬᠡ ᠠᠵᠢᠯ ᠡᠷᠢᠬᠦ᠌ ᠬᠦᠰᠦᠨᠦᠭ᠌ᠲᠦ᠍᠎ᠶ᠋ᠢ ᠨᠠᠷᠢᠨ ᠬᠢᠨᠠᠮᠠᠭᠠᠶ ᠲᠠᠭ᠍ᠯᠠᠵᠤ ᠪᠠᠢᠯ᠎ᠠ᠃ 《ᠥᠩᠭᠡᠷᠡᠭ᠌ᠰᠡᠨ᠎ᠳᠦ ᠭᠠᠳᠠᠨ᠎ᠠ ᠣᠷᠣᠨ᠎ᠳᠤ ᠬᠥᠯᠥᠰᠥᠨ ᠠᠵᠢᠯ ᠬᠢᠵᠦ᠍ ᠪᠠᠢᠵᠠᠢ᠂ ᠤᠳᠤ ᠵᠠᠪᠰᠢᠶᠠᠨ ᠲᠤᠬᠢᠶᠠᠯᠳᠤᠪᠠᠯ ᠨᠤᠲᠤᠭ ᠲᠠᠭᠠᠨ ᠬᠠᠷᠢᠵᠤ ᠢᠷᠡᠶ᠎ᠡ ᠭᠡᠵᠦ᠍ ᠪᠤᠳᠤᠵᠤ ᠪᠤᠢ᠂ ᠡᠨᠡ ᠤᠳᠠᠭᠠᠨ᠎ᠤ ᠠᠵᠢᠯᠲᠠᠨ ᠡᠯᠰᠡᠬᠦ᠌ ᠴᠤᠭᠯᠠᠭᠠᠨ᠎ᠳᠤ ᠲᠤᠬᠠᠶ᠎ᠶ᠋ᠢᠨ ᠭᠠᠵᠠᠷ᠎ᠤᠨ ᠮᠠᠰᠢ ᠣᠯᠠᠨ ᠠᠵᠤ ᠠᠬᠤᠢᠯᠠᠯ ᠤᠷᠤᠯᠴᠠᠵᠤ᠂ ᠴᠠᠯᠢᠡᠭ ᠤᠯᠭᠤᠮᠵᠢ ᠨᠢ ᠵᠦᠭᠡᠷ ᠪᠣᠯᠬᠣᠷ ᠰᠠᠨᠠᠭᠠᠨ ᠳ᠋ᠤ ᠲᠤᠬᠢᠷᠠᠵᠡᠢ︾ ᠬᠡᠵᠤ ᠰᠦᠬᠡ ᠪᠤᠳᠤᠯ ᠵᠢᠡᠨ ᠶᠠᠷᠢᠨ᠎ᠠ᠃

ᠲᠣᠰ ᠤᠳᠠᠭᠠᠨ᠎ᠤ ᠠᠵᠢᠯᠲᠠᠨ ᠡᠯᠰᠡᠬᠦ᠌ ᠴᠤᠭᠯᠠᠭᠠᠨ᠎ᠢ ᠤᠯᠠᠭᠠᠨᠴᠠᠪ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠪᠤᠯᠤᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠥᠪ ᠲᠦᠷᠦᠭᠦᠯᠡᠨ ᠬᠢᠵᠦ᠍᠂ ᠲᠤᠰ ᠬᠤᠲᠠ ᠵᠢᠨ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠠᠵᠢᠯᠴᠢᠨ᠎ᠤ ᠡᠪᠯᠡᠯ᠂ ᠡᠪᠯᠡᠯ᠎ᠦᠨ ᠬᠣᠷᠢᠶ᠎ᠠ᠂ ᠡᠮᠡᠭ᠌ᠲᠡᠢᠴᠦᠳ᠎ᠦᠨ ᠬᠣᠯᠪᠣᠭ᠎ᠠ᠂ ᠵᠡᠮᠳᠡᠭ᠌ᠴᠦᠳ᠎ᠦᠨ ᠬᠣᠯᠪᠣᠭ᠎ᠠ ᠵᠡᠷᠭᠡ ᠣᠯᠠᠨ ᠰᠠᠯᠠᠭ᠎ᠠ ᠮᠥᠴᠢᠷ ᠬᠠᠮᠵᠢᠯᠴᠠᠨ ᠭᠦᠶ᠋ᠴᠡᠳᠭᠡᠵᠦ᠍᠂ ᠣᠯᠠᠨ ᠲᠠᠯ᠎ᠠ ᠵᠢᠨ ᠬᠢᠨ ᠣᠷᠣᠯᠴᠠᠭ᠍ᠰᠠᠨ᠂ ᠵᠡᠷᠭᠡ᠎ᠪᠡᠷ ᠠᠳᠭᠤᠵᠤ ᠬᠠᠮᠲᠤ᠎ᠪᠠᠷ ᠬᠠᠮᠢᠶᠠᠷᠤᠭ᠍ᠰᠠᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠬᠠᠮᠲᠤᠷᠠᠯ ᠬᠦᠴᠦᠨ᠎ᠢ ᠪᠦᠷᠢᠯᠳᠦᠭᠦᠯᠪᠡ᠃ ᠪᠦᠷᠢᠳᠭᠡᠯ᠎ᠢ ᠦᠨᠳᠦᠰᠦᠯᠡᠪᠡᠯ᠂ ᠠᠵᠢᠯᠲᠠᠨ ᠡᠯᠰᠡᠬᠦ᠌ ᠴᠤᠭ᠍ᠯᠠᠭᠠᠨ ᠡᠬᠢᠯᠡᠭᠰᠡᠨ ᠲᠤᠬᠠᠢ ᠵᠢᠨ ᠡᠳᠦᠷ 5000 ᠭᠠᠷᠤᠶ ᠬᠥᠮᠦᠨ ᠤᠳᠠᠭᠠᠨ᠎ᠤ ᠠᠵᠢᠯ ᠡᠷᠢᠭᠴᠢ ᠢᠷᠡᠭᠡᠳ ᠠᠵᠢᠯ ᠡᠷᠢᠵᠤ᠂ ᠱᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ ᠵᠢ 8942 ᠬᠥᠮᠦᠨ ᠤᠳᠠᠭ᠎ᠠ ᠠᠡᠭᠬᠠᠷᠴᠤ᠂ ᠨᠡᠢᠲᠡ 350 ᠭᠠᠷᠤᠶ ᠬᠤᠪᠢ ᠲᠣᠪᠴᠢ ᠨᠠᠮᠲᠠᠷ ᠢ᠋ ᠲᠤᠰᠴᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号