ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ ᠤᠯᠠᠭᠠᠨ ᠮᠤᠷᠢᠨ ᠵᠢᠯ ᠬᠦᠷᠴᠦ᠍ ᠢᠷᠡᠬᠦ᠌ ᠲᠠᠱᠢᠷᠠᠮ ᠢ᠋ᠶ᠋ᠠᠷ᠂ ᠳᠤᠮᠳᠠᠳᠤ ᠤᠯᠤᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠣᠷᠳᠣᠨ 《ᠴᠠᠭᠠᠨ ᠰᠠᠷ᠎ᠠ — ᠤᠯᠠᠭᠠᠨ ᠮᠤᠷᠢᠨ ᠵᠢᠯ ᠤ᠋ᠨ ᠴᠠᠭᠠᠨ ᠰᠠᠷ᠎ᠠ ᠶ᠋ᠢᠨ ᠭᠣᠣᠯ ᠰᠡᠳᠦᠪᠲᠦ ᠱᠢᠷᠢᠰ ᠦᠵᠡᠰᠭᠦᠯᠡᠩ》 ᠭᠠᠷᠭᠠᠵᠤ᠂ ᠮᠠᠨ ᠤ᠋ ᠤᠷᠤᠨ ᠡᠴᠡ ᠬᠥᠮᠦᠨ ᠲᠥᠷᠥᠯᠬᠢᠲᠡᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ᠌ ᠴᠢᠨᠠᠷᠲᠠᠶ 1 ᠲᠦᠷᠦᠯ ᠵᠦᠢᠯ᠂ ᠤᠯᠤᠰ ᠤ᠋ᠨ ᠲᠠᠰ ᠤ᠋ᠨ 4 ᠲᠦᠷᠦᠯ ᠵᠦᠢᠯ᠂ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ 3 ᠲᠦᠷᠦᠯ ᠵᠦᠢᠯ᠂ ᠬᠣᠲᠠ ᠶ᠋ᠢᠨ ᠲᠠᠰ ᠤ᠋ᠨ 1 ᠲᠥᠷᠥᠯ ᠵᠦᠶ᠋ᠯ ᠢ᠋ ᠪᠠᠭᠳᠠᠭᠠᠭᠰᠠᠨ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠲᠦᠯᠦᠬᠡᠯᠡᠬᠦ ᠴᠢᠨᠠᠷᠳᠠᠢ 12 ᠲᠦᠷᠦᠯ ᠵᠤᠢᠯ ᠰᠤᠩᠭᠤᠭᠳᠠᠨ ᠳᠡᠯᠭᠡᠭᠳᠡᠵᠡᠢ᠃
ᠲᠣᠰ ᠤᠳᠠᠭ᠎ᠠ ᠵᠢᠨ ᠭᠤᠤᠯ ᠰᠡᠳᠦᠪᠲᠦ ᠦᠵᠡᠰᠭᠦᠯᠡᠩ ᠳ᠋ᠦ ᠲᠠᠯᠬᠡᠭᠳᠡᠭᠰᠡᠨ ᠦᠪᠤᠷ ᠮᠤᠩᠭᠤᠯ ᠤ᠋ᠨ ᠠᠷᠠᠰᠤᠨ ᠤᠷᠠᠯᠠᠯ᠂ ᠬᠤᠷᠴᠢᠨ ᠤ᠋ ᠠᠷᠠᠰᠤᠨ ᠰᠡᠢᠯᠦᠮᠡᠯ ᠳ᠋ᠤ ᠤᠷᠠᠯᠢᠭᠴᠢᠳ ᠬᠢᠲᠤᠭ᠎ᠠ ᠪᠠᠷ 《ᠪᠢᠷ》 ᠪᠣᠯᠭᠠᠨ᠂ ᠠᠷᠠᠰᠤ ᠪᠠᠷ 《ᠴᠠᠭᠠᠰᠤ》 ᠪᠣᠯᠭᠠᠵᠦ᠂ 《ᠥᠯᠵᠡᠶ ᠪᠡᠯᠭᠡ ᠲᠡᠶ ᠴᠠᠭᠠᠨ ᠰᠠᠷ᠎ᠠ》 ᠵᠢ ᠰᠡᠢᠯᠦᠨ ᠦᠵᠡᠬᠦᠯᠵᠦ᠂ ᠮᠣᠩᠭᠣᠯ ᠦᠨᠳᠦᠰᠦᠲᠡᠨ ᠤ᠋ ᠡᠮᠡᠭᠡᠯ ᠬᠠᠵᠠᠭᠠᠷ᠂ ᠮᠣᠷᠢᠨ ᠬᠤᠭᠤᠷ ᠦᠶ᠋ᠯᠡᠳᠬᠦ᠌ ᠤᠷ᠎ᠠ ᠮᠡᠷᠭᠡᠵᠢᠯ ᠨᠢ ᠰᠢᠨ᠎ᠠ ᠵᠢᠯ ᠤ᠋ᠨ ᠠᠮᠤᠷ ᠠᠮᠤᠭᠤᠯᠠᠩ ᠢ᠋ ᠪᠡᠯᠭᠡᠳᠡᠨ᠂ ᠬᠣᠷᠢᠨᠭᠡᠷ ᠤ᠋ᠨ ᠴᠠᠭᠠᠰᠤᠨ ᠬᠠᠢᠴᠢᠯᠠᠮᠠᠯ ᠨᠢ ᠱᠢᠨ᠎ᠡ ᠵᠢᠯ ᠳ᠋ᠡᠭᠡᠨ ᠦᠬᠡᠳᠡ ᠡᠰᠡᠷᠡᠭ ᠪᠠᠢᠬᠤ ᠵᠢᠨ ᠬᠦᠰᠡᠯ ᠮᠥᠷᠥᠭᠡᠳᠦᠯ ᠢ᠋ ᠠᠴᠢᠶᠠᠯᠠᠵᠠᠢ; ᠦᠦᠱᠢᠨ ᠵᠢᠷᠤᠭ᠎ᠠ ᠮᠤᠷᠢᠨ ᠤ᠋ ᠤᠷᠤᠯᠳᠤᠭᠠᠨ ᠤ᠋ ᠲᠦᠷᠦᠯ ᠵᠤᠢᠯ ᠨᠢ ᠲᠠᠯ᠎ᠠ ᠨᠤᠲᠤᠭ ᠤ᠋ᠨ ᠬᠦᠮᠦᠰ ᠤ᠋ᠨ ᠴᠠᠭᠠᠨ ᠰᠠᠷ᠎ᠠ ᠶ᠋ᠢᠨ ᠮᠤᠷᠢᠨ ᠤᠷᠤᠯᠳᠤᠭᠠᠨ ᠢ᠋ᠶ᠋ᠡᠷ ᠬᠡᠢᠮᠦᠷᠢ ᠪᠤᠶᠠᠨ ᠢ᠋ᠶ᠋ᠡᠨ ᠬᠦᠰᠡᠨ ᠳᠠᠭᠠᠳᠭᠠᠳᠠᠭ ᠤᠯᠠᠮᠵᠢᠯᠠᠯᠲᠤ ᠵᠠᠩ ᠦᠢᠯᠠ ᠪᠣᠯᠤᠨ ᠳᠤᠮᠳᠠᠳᠤ ᠤᠯᠤᠰ ᠤ᠋ᠨ ᠴᠠᠭᠠᠨ ᠰᠠᠷ᠎ᠠ ᠶ᠋ᠢᠨ ᠬᠠᠭᠤᠴᠢᠨ ᠵᠢᠯ ᠢ᠋ᠶ᠋ᠡᠨ ᠦᠳᠡᠵᠦ᠍ ᠱᠢᠨ᠎ᠡ ᠵᠢᠯ ᠢ᠋ᠶ᠋ᠡᠨ ᠤᠭ᠍ᠲᠤᠬᠤ ᠪᠤᠶᠠᠨ ᠬᠡᠱᠢᠭ ᠬᠤᠷᠤᠢᠯᠠᠬᠤ ᠰᠣᠶᠣᠯ ᠤ᠋ᠨ ᠠᠭᠤᠯᠬᠤᠨ ᠵᠠᠩ ᠦᠢᠯᠡ ᠵᠢ ᠬᠠᠷᠠᠭᠤᠯᠵᠦ᠂ ᠳᠤᠮᠳᠠᠳᠤ ᠶ᠋ᠢᠨ ᠤᠯᠠᠨ ᠦᠨᠳᠦᠰᠦᠲᠡᠨ ᠤ᠋ ᠰᠣᠶᠣᠯ ᠬᠠᠮᠲᠤ ᠪᠠᠷ ᠣᠷᠣᠱᠢᠵᠤ ᠬᠠᠮᠲᠤ ᠪᠠᠷ ᠴᠡᠴᠡᠭ᠌ᠯᠡᠬᠦ᠌ ᠡᠶ᠎ᠡ ᠵᠣᠬᠢᠴᠠᠩᠭᠤᠢ ᠠᠭᠤᠷ ᠠᠮᠢᠰᠭᠤᠯ ᠢ᠋ ᠭᠦᠢᠴᠡᠳ ᠢᠯᠡᠷᠡᠬᠦᠯᠵᠡᠢ᠃
ᠮᠢᠩᠭᠠᠨ ᠭᠠᠵᠠᠷ ᠤ᠋ᠨ ᠲᠠᠯ᠎ᠠ ᠨᠤᠲᠤᠭ ᠨᠡᠢᠰᠯᠡᠯ ᠪᠡᠭᠡᠵᠢᠩ ᠲᠠᠶ ᠵᠠᠯᠭᠠᠯᠳᠤᠵᠤ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ᠶ᠋ᠡᠷ ᠴᠠᠭᠠᠨ ᠰᠠᠷ᠎ᠠ ᠳ᠋ᠦ ᠬᠦᠭᠵᠢᠶᠡᠨ ᠨᠡᠮᠡᠨ᠎ᠠ᠃ ᠮᠠᠨ ᠤ᠋ ᠤᠷᠤᠨ ᠪᠦᠬᠦ ᠤᠯᠤᠰ ᠤ᠋ᠨ ᠦᠵᠡᠰᠭᠦᠯᠡᠩ ᠳ᠋ᠦ ᠣᠷᠣᠯᠴᠠᠭ᠍ᠰᠠᠨ ᠢ᠋ᠶ᠋ᠠᠷ ᠠᠵᠠ ᠲᠣᠬᠢᠶᠠᠯ ᠪᠣᠯᠭᠠᠨ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠬᠠᠮᠠᠭᠠᠯᠠᠯᠲᠠ ᠪᠠ ᠤᠯᠠᠮᠵᠢᠯᠠᠯ ᠤ᠋ᠨ ᠡᠯᠪᠡᠭ ᠪᠠᠶᠠᠯᠢᠭ ᠦᠷ᠎ᠡ ᠪᠦᠲᠦᠭᠡᠯ ᠵᠢᠡᠨ ᠳᠡᠯᠭᠡᠨ ᠦᠵᠡᠭᠦᠯᠵᠦ᠍᠂ ᠪᠦᠬᠦ᠌ ᠤᠯᠤᠰ ᠤ᠋ᠨ ᠠᠷᠠᠳ ᠲᠦᠮᠡᠨ ᠲᠠᠢ ᠬᠠᠮᠲᠤ ᠪᠠᠷ ᠤᠯᠠᠮᠵᠢᠯᠠᠯᠳᠤ ᠴᠠᠭᠠᠨ ᠰᠠᠷ᠎ᠠ ᠶ᠋ᠢᠨ ᠪᠠᠶᠠᠷ ᠵᠢᠷᠭᠠᠯ ᠢ᠋ ᠬᠤᠪᠢᠶᠠᠯᠴᠠᠵᠤ ᠪᠤᠢ᠃ ᠤᠢᠯᠠᠭᠠᠭᠰᠠᠨ ᠢ᠋ᠶ᠋ᠡᠷ᠂ ᠲᠤᠰ ᠤᠳᠠᠭ᠎ᠠ ᠵᠢᠨ ᠦᠵᠡᠰᠭᠦᠯᠡᠩ 2026 ᠣᠨ ᠤ᠋ 1 ᠰᠠᠷ᠎ᠠ ᠶ᠋ᠢᠨ 20 ᠡᠴᠡ 2026 ᠣᠨ ᠤ᠋ 3 ᠰᠠᠷ᠎ᠠ ᠶ᠋ᠢᠨ 20 ᠤ᠋ ᠡᠳᠦᠷ ᠪᠣᠯᠲᠠᠯ᠎ᠠ ᠶᠠᠪᠤᠭᠳᠠᠵᠦ᠂ ᠴᠠᠭᠠᠨ ᠰᠠᠷ᠎ᠠ ᠶ᠋ᠢᠨ ᠦᠵᠡᠮᠵᠢ ᠵᠢ ᠵᠢᠷᠤᠭ᠍ᠯᠠᠨ᠂ ᠴᠠᠭᠠᠨ ᠰᠠᠷ᠎ᠠ ᠶ᠋ᠢᠨ ᠪᠠᠶᠠᠷ ᠪᠠᠶᠠᠰᠤᠯ ᠢ᠋ ᠲᠦᠮᠡᠨ ᠤᠯᠠᠨ ᠳ᠋ᠦ ᠬᠦᠷᠳᠡᠭᠡᠵᠤ ᠪᠠᠢᠨ᠎ᠠ᠃