ᠰᠥᠩ ᠤᠯᠤᠰ ᠯᠢᠶᠣᠤ ᠤᠯᠤᠰ ᠤ᠋ᠨ ᠦᠶ᠎ᠡ ᠶ᠋ᠢᠨ ᠠᠯᠲᠠ ᠮᠥᠩᠭᠥᠨ ᠡᠳ᠋ᠯᠡᠯ ᠬᠡᠷᠡᠭᠰᠡᠯ ᠤ᠋ᠨ ᠦᠵᠡᠰᠭᠦᠯᠡᠩ ᠣᠷᠳᠣᠰ ᠬᠤᠳᠠ ᠵᠢᠨ ᠮᠦᠽᠧᠢ᠎ᠳ᠋ᠦ ᠶᠠᠪᠤᠭᠳᠠᠵᠤ ᠪᠤᠢ
2026-01-27 10:38:04
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠰᠥᠩ ᠤᠯᠤᠰ ᠯᠢᠶᠣᠤ ᠤᠯᠤᠰ ᠤ᠋ᠨ ᠦᠶ᠎ᠡ ᠶ᠋ᠢᠨ ᠠᠯᠲᠠ ᠮᠥᠩᠭᠥᠨ ᠡᠳ᠋ᠯᠡᠯ ᠬᠡᠷᠡᠭᠰᠡᠯ ᠤ᠋ᠨ ᠦᠵᠡᠰᠭᠦᠯᠡᠩ ᠳᠦᠷᠦᠬᠦᠭᠡᠨ ᠣᠷᠳᠣᠰ ᠬᠤᠳᠠ ᠵᠢᠨ ᠮᠦᠽᠧᠢ ᠳ᠋ᠤ ᠡᠬᠢᠯᠡᠨ᠂ ᠰᠥᠩ ᠤᠯᠤᠰ ᠯᠢᠶᠣᠤ ᠤᠯᠤᠰ ᠤ᠋ᠨ ᠦᠶ᠎ᠡ ᠵᠢᠨ ᠭᠡᠷᠡᠯ ᠰᠠᠴᠤᠷᠠᠩᠭᠤᠢ ᠳᠡᠦᠬᠡ ᠵᠢ ᠬᠠᠷᠠᠭᠤᠯᠤᠭᠰᠠᠨ 400 ᠭᠠᠷᠤᠢ ᠠᠯᠲᠠ ᠮᠥᠩᠭᠥᠨ ᠡᠳ᠋ᠯᠠᠯ ᠬᠡᠷᠡᠭᠰᠡᠯ ᠢ᠋ ᠳᠡᠯᠭᠡᠨ ᠦᠵᠡᠭᠦᠯᠪᠠ᠃

ᠣᠢᠯᠠᠭᠠᠭᠰᠠᠨ ᠶ᠋ᠢᠡᠷ᠂ ᠲᠤᠰ ᠤᠳᠠᠭᠠᠨ ᠤ᠋ ᠳᠡᠯᠭᠡᠨ ᠦᠵᠡᠬᠦᠯᠦᠭᠰᠡᠨ ᠲᠡᠦᠬᠡ ᠵᠢᠨ ᠳᠤᠷᠠᠰᠬᠠᠯᠲᠤ ᠵᠦᠢᠯ ᠢ᠋ 1986 ᠣᠨ ᠳ᠋ᠤ ᠾᠧᠪᠧᠢ ᠮᠤᠵᠢ ᠶ᠋ᠢᠨ ᠢ ᠰᠢᠶᠠᠨ ᠤ᠋ ᠳᠠ ᠪᠧᠢ ᠴᠧᠩ ᠲᠣᠰᠬᠣᠨ ᠡᠴᠡ ᠢᠯᠡᠷᠡᠬᠦᠯᠵᠦ᠂ ᠭᠤᠤᠯᠳᠠᠭᠤ ᠵᠠᠰᠠᠯ ᠵᠢᠮᠰᠡᠭ᠂ ᠠᠷᠢᠬᠢᠨ ᠰᠠᠪᠠ᠂ ᠵᠣᠭᠣᠰ ᠮᠦᠩᠬᠦ ᠵᠡᠷᠭᠡ ᠡᠳ᠋ ᠪᠤᠳᠠᠰ ᠢ᠋ ᠬᠠᠮᠤᠷᠴᠠᠢ᠃ ᠡᠬᠦᠨ ᠳ᠋ᠤ 14 ᠢᠵᠢ ᠨᠢᠭᠡᠳᠦᠭᠡᠷ ᠳᠡᠰ ᠤ᠋ᠨ ᠲᠡᠦᠬᠡ ᠵᠢᠨ ᠳᠤᠷᠠᠰᠬᠠᠯᠲᠤ ᠵᠦᠢᠯ᠂ 171 ᠢᠵᠢ ᠬᠣᠶᠠᠳᠤᠭᠠᠷ ᠳᠡᠰ ᠤ᠋ᠨ ᠲᠡᠦᠬᠡ ᠵᠢᠨ ᠳᠤᠷᠠᠰᠬᠠᠯᠲᠤ ᠵᠦᠢᠯ ᠪᠠᠢᠵᠤ ᠂ ᠬᠠᠳᠬᠤᠭᠤᠷ ᠂ ᠪᠠᠭᠤᠤ ᠂ ᠠᠯᠳᠡᠠ ᠰᠡᠮ ᠵᠡᠷᠭᠡ ᠵᠠᠰᠠᠯ ᠵᠢᠮᠰᠡᠭ᠎ᠤᠨ ᠬᠡ ᠤᠭᠠᠯᠵᠠ ᠨᠢ ᠭᠣᠢᠳᠠ ᠰᠠᠢᠬᠠᠨ ᠪᠠᠢᠵᠤ᠂ ᠰᠤᠢ᠍ᠡᠭ ᠤᠯᠤᠰ ᠤ᠋ᠨ ᠮᠠᠶᠢᠭ᠋ ᠤ᠋ᠨ ᠭᠤᠤ᠎ᠠ ᠲᠠᠭᠠᠰᠢᠶᠠᠯ ᠪᠠ ᠰᠤᠢ᠍ᠡᠭ ᠤᠯᠤᠰ ᠤ᠋ᠨ ᠢᠵᠠᠭᠤᠷᠲᠠᠨ ᠤ᠋ ᠠᠮᠢᠳᠤᠷᠠᠯ᠎ᠢ ᠬᠠᠷᠠᠭᠤᠯᠵᠠᠢ᠃ 85 ᠮᠥᠩᠭᠥᠨ ᠫᠢᠯᠠ ᠵᠢᠨ ᠢᠷᠤᠭᠠᠷ ᠲᠤᠨᠢ ᠬᠦᠨᠳᠦ ᠶ᠋ᠢᠨ ᠬᠡᠮᠵᠢᠶ᠎ᠡ ᠵᠢ ᠪᠢᠴᠢᠵᠦ᠂ ᠯᠢᠶᠣᠤ ᠤᠯᠤᠰ ᠤ᠋ᠨ ᠦᠶ᠎ᠡ ᠵᠢᠨ ᠬᠡᠮᠵᠢᠯᠲᠡ ᠵᠢᠨ ᠳᠦᠷᠢᠮ ᠢ᠋ ᠬᠠᠷᠠᠭᠤᠯᠤᠨ᠂ ᠰᠥᠩ ᠤᠯᠤᠰ ᠯᠢᠶᠣᠤ ᠤᠯᠤᠰ ᠤ᠋ᠨ ᠲᠡᠦᠬᠡ ᠰᠣᠶᠣᠯ ᠢ᠋ ᠰᠤᠳᠤᠯᠬᠤ ᠳ᠋ᠤ ᠴᠢᠬᠤᠯᠠ ᠪᠣᠳᠠᠲᠤ ᠮᠠᠲᠧᠷᠢᠶᠠᠯ ᠬᠠᠩᠭᠠᠭᠰᠠᠨ ᠪᠠᠢᠨ᠎ᠠ᠃

《ᠲᠡᠦᠬᠡ ᠵᠢᠨ ᠤᠯᠠ ᠮᠦᠷ ᠢ᠋ ᠠᠴᠢᠶᠠᠯᠠᠭᠰᠠᠨ ᠡᠳᠡᠭᠡᠷ ᠬᠣᠪᠣᠷ ᠨᠠᠨᠳᠢᠨ ᠵᠦᠢᠯᠡᠰ ᠶ᠋ᠢᠡᠷ ᠳᠠᠮᠵᠢᠭᠤᠯᠵᠤ᠂ ᠪᠢᠳᠡ ᠰᠦᠩ ᠤᠯᠤᠰ ᠯᠢᠶᠣᠤ ᠤᠯᠤᠰ ᠤ᠋ᠨ ᠦᠶ᠎ᠡ ᠵᠢᠨ ᠨᠡᠢᠭᠡᠮ ᠤ᠋ᠨ ᠳᠡᠭᠡᠳᠦ ᠳᠠᠪᠬᠤᠷᠭᠠᠳᠠᠨ ᠤ᠋ ᠠᠮᠢᠳᠤᠷᠠᠯ ᠤ᠋ᠨ ᠪᠠᠢᠳᠠᠯ ᠪᠠ ᠭᠤᠤ᠎ᠠ ᠲᠠᠭᠠᠰᠢᠶᠠᠯ᠎ᠢ ᠰᠢᠭᠤᠳ ᠤᠢᠯᠠᠭᠠᠵᠤ ᠪᠣᠯᠣᠨ᠎ᠠ》 ᠭᠡᠵᠦ ᠦᠵᠡᠰᠭᠦᠯᠡᠩ᠎ᠢ ᠳᠤᠭᠤᠷᠢᠨ ᠦᠵᠡᠭᠰᠡᠨ ᠬᠤᠳᠠ ᠶ᠋ᠢᠨ ᠠᠷᠠᠳ ᠬᠠᠰ ᠶᠠᠷᠢᠪᠠ᠃

ᠲᠣᠰ ᠦᠵᠡᠰᠭᠦᠯᠡᠩ ᠣᠷᠳᠣᠰ ᠬᠤᠳᠠ ᠶ᠋ᠢᠨ ᠰᠥᠩ ᠤᠯᠤᠰ ᠯᠢᠶᠣᠤ ᠤᠯᠤᠰ ᠤ᠋ᠨ ᠦᠶ᠎ᠡ ᠶ᠋ᠢᠨ ᠠᠯᠲᠠ ᠮᠥᠩᠭᠥᠨ ᠡᠳ᠋ᠯᠡᠯ ᠬᠡᠷᠡᠭᠰᠡᠯ ᠤ᠋ᠨ ᠲᠤᠰᠬᠠᠢ ᠰᠡᠳᠦᠪᠲᠦ ᠦᠵᠡᠰᠭᠦᠯᠡᠩ᠎ᠤᠨ ᠬᠣᠭᠣᠰᠤᠨ ᠢ᠋ ᠨᠥᠬᠥᠪᠦᠷᠢᠯᠡᠵᠦ ᠂ ᠲᠤᠬᠠᠢ ᠵᠢᠨ ᠭᠠᠵᠠᠷ ᠤ᠋ᠨ ᠮᠦᠽᠧᠢ ᠵᠢᠨ ᠦᠵᠡᠭᠦᠯᠭᠡ ᠵᠢᠨ ᠰᠢᠰᠲᠧᠮ ᠢ᠋ ᠪᠠᠶᠠᠯᠢᠭ᠍ᠵᠢᠭᠤᠯᠤᠭᠰᠠᠨ ᠪᠠᠢᠨ᠎ᠠ᠃ ᠳᠤᠰ ᠦᠵᠡᠰᠭᠦᠯᠡᠩ 4 ᠰᠠᠷ᠎ᠠ ᠵᠢᠨ 16 ᠤ᠋ ᠡᠳᠦᠷ ᠪᠣᠯᠲᠠᠯ᠎ᠠ ᠶᠠᠪᠤᠭᠳᠠᠨ᠂ ᠦᠨ᠎ᠡ ᠲᠦᠯᠦᠪᠦᠷᠢ ᠦᠭᠡᠢ ᠳᠡᠯᠭᠡᠨ ᠦᠵᠡᠬᠦᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号