《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠬᠢᠲᠠᠳ ᠡᠮᠨᠡᠯᠭᠡ᠎ᠶ᠋ᠢᠨ ᠤᠯᠤᠰ᠎ᠤᠨ ᠪᠠᠷᠢᠮᠵᠢᠶ᠎ᠠ ᠵᠢᠨ ᠲᠤᠭ᠎ᠠ ᠶᠡᠬᠡᠪᠡᠷ ᠨᠡᠮᠡᠭ᠌ᠳᠡᠵᠦ᠍᠂ ᠬᠠᠮᠤᠷᠬᠤ ᠬᠡᠪᠴᠢᠶ᠎ᠡ ᠦᠷᠭᠦᠯᠵᠢᠯᠡᠨ ᠥᠷᠭᠡᠵᠢᠵᠦ᠍᠂ ᠬᠢᠳᠡᠳ ᠡᠮᠨᠡᠯᠬᠡ ᠵᠢᠨ ᠳᠡᠯᠡᠬᠡᠢᠵᠢᠯᠲᠡ ᠵᠠᠩᠭᠢᠯᠠᠭ᠎ᠠ᠎ᠶ᠋ᠢᠨ ᠠᠯᠬᠤᠮ᠎ᠢ ᠠᠯᠬᠤᠪᠠ᠃
ᠪᠠᠷᠢᠮᠵᠢᠶ᠎ᠠ ᠪᠣᠯ ᠬᠢᠲᠠᠳ ᠡᠮ ᠡᠮᠨᠡᠯᠭᠡ᠎ᠶ᠋ᠢᠨ ᠦᠢᠯᠡᠰ᠎ᠦᠨ ᠬᠥᠭ᠌ᠵᠢᠯᠲᠡ᠎ᠶ᠋ᠢᠨ ᠴᠢᠬᠤᠯᠠ ᠮᠡᠷᠭᠡᠵᠢᠯ᠎ᠦᠨ ᠲᠤᠯᠭᠠᠭᠤᠷᠢᠯᠠᠯ ᠮᠥᠨ᠃ ᠰᠤᠷᠪᠤᠯᠵᠢᠯᠠᠭ᠍ᠴᠢ 1 ᠰᠠᠷ᠎ᠠ᠎ᠶ᠋ᠢᠨ 24᠎ᠤ᠋ ᠡᠳᠦᠷ ᠪᠥᠬᠥ᠌ ᠤᠯᠤᠰ᠎ᠤᠨ ᠬᠢᠲᠠᠳ ᠡᠮᠨᠡᠯᠭᠡ᠎ᠶ᠋ᠢᠨ ᠪᠠᠷᠢᠮᠵᠢᠶᠠᠵᠢᠭᠤᠯᠤᠯᠲᠠ᠎ᠶ᠋ᠢᠨ ᠮᠡᠷᠭᠡᠵᠢᠯ᠎ᠦᠨ ᠵᠥᠪᠯᠡᠯ᠎ᠦᠨ 2025 ᠣᠨ᠎ᠤ ᠤᠨ᠎ᠤ ᠬᠤᠷᠠᠯ᠎ᠡᠴᠡ ᠣᠢᠯᠠᠭᠠᠭ᠍ᠰᠠᠨ᠎ᠢᠶᠠᠷ᠂《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠪᠥᠬᠥ᠌ ᠤᠯᠤᠰ᠎ᠤᠨ ᠬᠢᠲᠠᠳ ᠡᠮᠨᠡᠯᠭᠡ᠎ᠶ᠋ᠢᠨ ᠪᠠᠷᠢᠮᠵᠢᠶᠠᠵᠢᠭᠤᠯᠤᠯᠲᠠ᠎ᠶ᠋ᠢᠨ ᠮᠡᠷᠭᠡᠵᠢᠯ᠎ᠦᠨ ᠵᠥᠪᠯᠡᠯ᠎ᠦᠨ᠎ᠬᠢᠨ ᠬᠢᠲᠠᠳ ᠡᠮᠨᠡᠯᠭᠡ᠎ᠶ᠋ᠢᠨ ᠤᠯᠤᠰ᠎ᠤᠨ ᠪᠠᠷᠢᠮᠵᠢᠶ᠎ᠠ᠎ᠶ᠋ᠢ ᠨᠡᠢᠲᠡ 34 ᠵᠦᠶ᠋ᠯ᠎ᠢ ᠠᠬᠢᠭᠤᠯᠤᠨ ᠨᠡᠢᠲᠡᠯᠡᠵᠦ᠂ ᠲᠣᠭ᠎ᠠ ᠬᠡᠮᠵᠢᠶ᠎ᠡ᠎ᠨᠢ ᠠᠳᠠᠯᠢ ᠬᠤᠭᠤᠴᠠᠭᠠᠨ᠎ᠳᠤ ᠨᠡᠢᠲᠡᠯᠡᠭ᠌ᠰᠡᠨ ᠬᠢᠲᠠᠳ ᠡᠮ ᠡᠮᠨᠡᠯᠭᠡ᠎ᠶ᠋ᠢᠨ ᠤᠯᠤᠰ᠎ᠤᠨ ᠪᠠᠷᠢᠮᠵᠢᠶ᠎ᠠ᠎ᠶ᠋ᠢᠨ 65.4%᠎ᠶ᠋ᠢ ᠡᠵᠡᠯᠡᠪᠡ᠃ ᠣᠳᠣᠬᠠᠨ᠎ᠳᠤ᠂ ᠬᠢᠲᠠᠳ ᠡᠮᠨᠡᠯᠭᠡ᠎ᠶ᠋ᠢᠨ ᠤᠯᠤᠰ᠎ᠤᠨ ᠪᠠᠷᠢᠮᠵᠢᠶ᠎ᠠ᠎ᠶ᠋ᠢᠨ ᠲᠣᠭ᠎ᠠ 36 ᠵᠦᠶ᠋ᠯ ᠪᠣᠯᠵᠠᠶ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠪᠦᠬᠦ᠌ ᠤᠯᠤᠰ᠎ᠤᠨ ᠬᠢᠲᠠᠳ ᠡᠮᠨᠡᠯᠭᠡ᠎ᠶ᠋ᠢᠨ ᠪᠠᠷᠢᠮᠵᠢᠶᠠᠵᠢᠭᠤᠯᠤᠯᠲᠠ᠎ᠶ᠋ᠢᠨ ᠮᠡᠷᠭᠡᠵᠢᠯ᠎ᠦᠨ ᠵᠥᠪᠯᠡᠯ ᠬᠢᠲᠠᠳ ᠡᠮᠨᠡᠯᠭᠡ᠎ᠶ᠋ᠢᠨ ᠤᠯᠤᠰ᠎ᠤᠨ ᠪᠠᠷᠢᠮᠵᠢᠶ᠎ᠠ᠎ᠶ᠋ᠢᠨ ᠱᠢᠰᠲ᠋ᠧᠮ᠎ᠦᠨ ᠬᠦᠰᠦᠨᠦᠭ᠌ᠲᠦ᠍᠎ᠶ᠋ᠢ ᠲᠣᠭ᠍ᠲᠠᠭᠠᠨ ᠲᠡᠭᠦᠯᠳᠡᠷᠵᠢᠭᠦᠯᠵᠦ᠍᠂ ᠬᠢᠲᠠᠳ ᠡᠮᠨᠡᠯᠭᠡ᠎ᠶ᠋ᠢᠨ ᠡᠮᠴᠢᠯᠡᠭᠡ᠂ ᠬᠢᠲᠠᠳ ᠡᠮᠨᠡᠯᠭᠡ᠎ᠶ᠋ᠢᠨ ᠰᠠᠭᠤᠷᠢ᠂ ᠴᠥᠭᠡᠨ ᠲᠣᠭᠠᠲᠤ ᠦᠨᠳᠦᠰᠦᠲᠡᠨ᠎ᠦ ᠡᠮ ᠡᠮᠨᠡᠯᠭᠡ᠂ ᠬᠢᠲᠠᠳ ᠡᠮ ᠡᠮᠨᠡᠯᠭᠡ᠎ᠶ᠋ᠢᠨ ᠮᠡᠳᠡᠭᠡ ᠵᠠᠩᠭᠢ ᠵᠡᠷᠭᠡ ᠴᠢᠭ᠌ᠯᠡᠯ᠎ᠢ ᠬᠠᠮᠤᠷᠤᠭ᠍ᠰᠠᠨ ᠪᠠᠷᠢᠮᠵᠢᠶ᠎ᠠ ᠶ᠋ᠢᠨ ᠱᠢᠰᠲ᠋ᠧᠮ᠎ᠦᠨ ᠪᠣᠷᠣ ᠲᠥᠯᠥᠪ ᠢ ᠪᠠᠢᠭᠤᠯᠵᠤ᠂ ᠪᠠᠷᠢᠮᠵᠢᠶ᠎ᠠ᠎ᠶ᠋ᠢᠨ ᠤᠷᠢᠳ᠎ᠢᠶᠠᠷ ᠪᠣᠳᠣᠯᠬᠢᠯᠠᠬᠤ ᠳᠡᠰ ᠪᠠ ᠪᠠᠢᠷᠢᠯᠠᠭᠤᠯᠬᠤ ᠴᠢᠭ᠌ᠯᠡᠯ ᠢ ᠲᠣᠳᠣᠷᠬᠠᠢᠯᠠᠬᠤ᠎ᠶ᠋ᠢᠨ ᠬᠠᠮᠲᠤ ᠬᠢᠲᠠᠳ ᠡᠮᠨᠡᠯᠭᠡ ᠶ᠋ᠢᠨ ᠡᠮᠴᠢᠯᠡᠭᠡᠨ᠎ᠦ ᠲᠤᠰᠭᠠᠶ ᠰᠠᠯᠠᠭᠠᠨ᠎ᠤ ᠪᠠᠷᠢᠮᠵᠢᠶ᠎ᠠ᠎ᠶ᠋ᠢᠨ ᠱᠢᠰᠲ᠋ᠧᠮ ᠦᠨ ᠰᠤᠳᠤᠯᠭᠠᠨ᠎ᠤ ᠲᠤᠷᠱᠢᠯᠲᠠ ᠵᠢᠨ ᠴᠡᠭ᠎ᠤᠨ ᠠᠵᠢᠯ᠎ᠢ ᠥᠷᠨᠢᠭᠦᠯᠪᠡ; ᠤᠯᠤᠰ ᠤᠨ ᠪᠠᠷᠢᠮᠵᠢᠶ᠎ᠠ ᠪᠦᠬᠦᠢ ᠭᠠᠳᠠᠭᠠᠳᠤ ᠬᠡᠯᠡᠨ᠎ᠦ ᠬᠡᠪᠯᠡᠯ᠎ᠦᠨ 19 ᠲᠥᠷᠥᠯ ᠵᠦᠶ᠋ᠯ ᠢ ᠲᠣᠭ᠍ᠲᠠᠭᠠᠬᠤ᠎ᠶ᠋ᠢ ᠠᠬᠢᠭᠤᠯᠵᠤ᠂ ᠬᠢᠲᠠᠳ ᠡᠮᠨᠡᠯᠭᠡ ᠶ᠋ᠢᠨ ᠳᠥᠷᠪᠡᠨ ᠣᠨᠣᠱᠢᠯᠠᠯᠲᠠ᠎ᠶ᠋ᠢᠨ ᠮᠡᠷᠭᠡᠵᠢᠯ ᠦᠨ ᠠᠵᠢᠯᠯᠠᠭᠠᠨ᠂ ᠡᠮᠴᠢᠯᠡᠭᠡᠨ᠎ᠦ ᠨᠡᠷ᠎ᠡ ᠲᠣᠮᠢᠶ᠎ᠠ ᠵᠡᠷᠭᠡ ᠲᠠᠯ᠎ᠠ᠎ᠶ᠋ᠢᠨ ᠴᠢᠬᠤᠯᠠ ᠪᠠᠷᠢᠮᠵᠢᠶ᠎ᠠ᠎ᠶ᠋ᠢ ᠬᠠᠮᠤᠷᠪᠠ᠃
ᠬᠢᠲᠠᠳ ᠡᠮ ᠡᠮᠨᠡᠯᠭᠡ᠎ᠶ᠋ᠢᠨ ᠬᠦᠷᠢᠶᠡᠨ᠎ᠳᠡᠬᠢ ᠪᠦᠬᠦ᠌ ᠤᠯᠤᠰ᠎ᠤᠨ ᠪᠠᠷᠢᠮᠵᠢᠶᠠᠵᠢᠭᠤᠯᠤᠯᠳᠠ᠎ᠶᠢᠨ ᠮᠡᠷᠭᠡᠵᠢᠯ᠎ᠦᠨ ᠵᠦᠪᠯᠡᠯ᠎ᠤᠨ ᠨᠢᠭᠡ ᠪᠣᠯᠤᠭ᠍ᠰᠠᠨ᠎ᠤ ᠬᠤᠪᠢ᠎ᠳᠤ᠂ ᠪᠦᠬᠦ᠌ ᠤᠯᠤᠰ᠎ᠤᠨ ᠬᠢᠲᠠᠳ ᠡᠮᠨᠡᠯᠭᠡ᠎ᠶ᠋ᠢᠨ ᠪᠠᠷᠢᠮᠵᠢᠶᠠᠵᠢᠭᠤᠯᠤᠯᠲᠠ᠎ᠶ᠋ᠢᠨ ᠮᠡᠷᠭᠡᠵᠢᠯ᠎ᠦᠨ ᠵᠥᠪᠯᠡᠯ᠎ᠢ ᠤᠯᠤᠰ᠎ᠤᠨ ᠬᠢᠲᠠᠳ ᠡᠮ ᠡᠮᠨᠡᠯᠭᠡ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ ᠡᠴᠡ ᠪᠡᠯᠡᠳᠭᠡᠨ ᠪᠠᠢᠭᠤᠯᠬᠤ᠎ᠶ᠋ᠢᠨ ᠬᠠᠮᠲᠤ ᠲᠤᠬᠠᠢᠯᠠᠭ᠍ᠰᠠᠨ ᠠᠵᠢᠯ᠎ᠤᠨ ᠲᠠᠯ᠎ᠠ ᠪᠡᠷ ᠵᠢᠯᠣᠭᠣᠳᠤᠯᠭ᠎ᠠ ᠬᠢᠵᠦ᠍᠂ ᠭᠣᠣᠯᠳᠠᠭᠤ ᠬᠢᠲᠠᠳ ᠡᠮᠨᠡᠯᠭᠡ᠎ᠶ᠋ᠢᠨ ᠪᠠᠷᠢᠮᠵᠢᠶᠠᠵᠢᠭᠤᠯᠤᠯᠲᠠ᠎ᠶᠢᠨ ᠠᠵᠢᠯ᠎ᠤᠨ ᠴᠢᠭ᠌ᠯᠡᠯᠲᠡ᠂ ᠲᠥᠷᠥ᠎ᠶ᠋ᠢᠨ ᠪᠣᠳᠣᠯᠭ᠎ᠠ ᠪᠠ ᠮᠡᠷᠭᠡᠵᠢᠯ ᠦᠨ ᠠᠷᠭ᠎ᠠ ᠬᠡᠮᠵᠢᠶ᠎ᠡ᠎ᠶ᠋ᠢᠨ ᠰᠠᠨᠠᠭᠤᠯᠭ᠎ᠠ ᠳᠤᠷᠠᠳᠭᠤ᠂ ᠬᠢᠲᠠᠳ ᠡᠮᠨᠡᠯᠭᠡ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ᠎ᠦᠨ ᠬᠦᠰᠦᠨᠦᠭ᠌ᠲᠦ ᠵᠢ ᠵᠤᠬᠢᠶᠠᠨ ᠪᠠᠢᠭᠤᠯᠵᠤ ᠳᠤᠭᠳᠠᠭᠠᠬᠤ᠂ ᠬᠢᠲᠠᠳ ᠡᠮᠨᠡᠯᠭᠡ᠎ᠶ᠋ᠢᠨ ᠤᠯᠤᠰ᠎ᠤᠨ ᠪᠠᠷᠢᠮᠵᠢᠶ᠎ᠠ᠎ᠶ᠋ᠢ ᠲᠣᠭ᠍ᠲᠠᠭᠠᠬᠤ᠂ ᠵᠠᠰᠠᠪᠤᠷᠢ ᠣᠷᠣᠭᠤᠯᠬᠤ᠂ ᠬᠢᠨᠠᠨ ᠪᠠᠢᠴᠠᠭᠠᠬᠤ᠂ ᠨᠡᠢᠲᠡᠯᠡᠬᠦ᠌᠂ ᠤᠬᠠᠭᠤᠯᠤᠨ ᠲᠤᠭᠤᠰᠢᠯᠠᠭᠤᠯᠬᠤ᠂ ᠳᠡᠯᠭᠡᠷᠡᠭᠦᠯᠬᠦ᠌ ᠵᠡᠷᠭᠡ ᠠᠵᠢᠯ᠎ᠢ ᠬᠠᠷᠢᠭᠤᠴᠠᠵᠤ ᠪᠤᠢ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 1 ᠰᠠᠷ᠎ᠠ᠎ᠶ᠋ᠢᠨ 24 ᠤ᠋ ᠴᠠᠬᠢᠯᠭᠠᠨ ᠮᠡᠳᠡᠭᠡ)