ᠤᠢᠷ᠎ᠠ᠎ᠶᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠭᠤᠷᠪᠠᠨ ᠱᠠᠲᠤᠨ᠎ᠤ ᠴᠢᠬᠤᠯᠠ ᠶᠡᠬᠡ ᠲᠥᠷᠥᠯ ᠵᠦᠶ᠋ᠯ᠎ᠦᠨ ᠬᠣᠯᠪᠣᠭᠠᠯᠠᠨ ᠬᠢᠨᠠᠵᠤ ᠬᠣᠯᠪᠣᠭᠠᠯᠠᠨ ᠵᠥᠪᠱᠢᠶᠡᠷᠡᠬᠦ᠌ ᠠᠵᠢᠯ᠎ᠤᠨ ᠲᠣᠭ᠍ᠲᠠᠴᠠ᠎ᠶ᠋ᠢᠨ ᠥᠨᠳᠥᠷ ᠪᠦᠲᠦᠮᠵᠢᠲᠡᠶ ᠠᠵᠢᠯᠯᠠᠭᠠᠨ ᠢ ᠲᠦᠷᠢᠮᠵᠢᠯ ᠲᠠᠢ᠂ ᠡᠮᠬᠢ ᠵᠢᠷᠤᠮ᠎ᠲᠠᠶ᠂ ᠥᠨᠳᠥᠷ ᠪᠦᠲᠦᠮᠵᠢᠲᠡᠶ ᠠᠬᠢᠭᠤᠯᠬᠤ᠎ᠶ᠋ᠢᠨ ᠲᠥᠯᠥᠭᠡ᠂ ᠪᠣᠳᠠᠲᠠᠶ ᠠᠵᠢᠯᠲᠠᠨ᠎ᠤ ᠲᠥᠷᠥ᠎ᠶ᠋ᠢᠨ ᠪᠣᠳᠣᠯᠭ᠎ᠠ᠎ᠶ᠋ᠢ ᠡᠵᠡᠮᠳᠡᠬᠦ᠌ ᠴᠢᠳᠠᠪᠤᠷᠢ᠂ ᠶᠠᠪᠤᠴᠡ ᠳ᠋ᠤᠨᠢ ᠬᠠᠮᠵᠢᠯᠴᠠᠬᠤ ᠴᠢᠳᠠᠪᠤᠷᠢ᠂ ᠲᠤᠰᠭᠠᠶ ᠠᠵᠢᠯ᠎ᠤᠨ ᠠᠵᠢᠯᠯᠠᠬᠤ ᠴᠢᠳᠠᠪᠤᠷᠢ ᠪᠠ ᠰᠠᠨᠠᠭᠠᠴᠢᠯᠠᠭ᠎ᠠ᠎ᠠᠴᠠ᠎ᠪᠠᠨ ᠦᠶ᠋ᠯᠡᠴᠢᠯᠡᠬᠦ᠌ ᠤᠬᠠᠮᠰᠠᠷ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠬᠥᠨᠳᠡᠯᠡᠨ᠎ᠢᠶᠡᠷ ᠡᠯ᠎ᠡ ᠰᠠᠯᠠᠭ᠎ᠠ ᠮᠥᠴᠢᠷ ᠬᠣᠯᠪᠣᠭᠠᠯᠠᠨ ᠬᠢᠨᠠᠨ ᠵᠥᠪᠱᠢᠶᠡᠷᠡᠬᠦ᠌᠂ ᠭᠤᠯᠳᠤ᠎ᠪᠠᠷ ᠭᠤᠷᠪᠠᠨ ᠱᠠᠲᠤᠨ᠎ᠤ ᠰᠠᠯᠠᠭ᠎ᠠ ᠮᠥᠴᠢᠷ ᠬᠤᠯᠪᠤᠭᠠᠯᠠᠨ ᠬᠢᠨᠠᠨ ᠵᠥᠪᠱᠢᠶᠡᠷᠡᠬᠦ᠌᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠶ᠋ᠯ᠎ᠦᠨ ᠬᠣᠯᠪᠣᠭᠠᠯᠠᠨ ᠬᠢᠨᠠᠵᠤ ᠬᠣᠯᠪᠣᠭᠠᠯᠠᠨ ᠵᠥᠪᠱᠢᠶᠡᠷᠡᠬᠦ᠌ ᠠᠵᠢᠯ᠎ᠤᠨ ᠲᠣᠭ᠍ᠲᠠᠴᠠ᠎ᠶ᠋ᠢᠨ ᠠᠯᠪᠠᠨ ᠬᠡᠷ ᠬᠣᠯᠪᠣᠭᠠᠯᠠᠨ ᠬᠢᠨᠠᠵᠤ ᠬᠣᠯᠪᠣᠭᠠᠯᠠᠨ ᠵᠥᠪᠱᠢᠶᠡᠷᠡᠬᠦ᠌ ᠠᠵᠢᠯ᠎ᠤᠨ ᠪᠣᠯᠪᠠᠰᠤᠷᠠᠯ᠎ᠢ ᠡᠷᠬᠢᠯᠡᠨ ᠶᠠᠪᠤᠭᠳᠠᠭᠤᠯᠵᠠᠢ᠃
ᠪᠤᠯᠪᠠᠰᠤᠷᠠᠯ ᠳᠡᠭᠡᠷ᠎ᠡ ᠴᠢᠬᠤᠯᠠ ᠶᠡᠬᠡ ᠲᠥᠷᠥᠯ ᠵᠦᠶ᠋ᠯ᠎ᠢ ᠬᠣᠯᠪᠣᠭᠠᠯᠠᠨ ᠬᠢᠨᠠᠵᠤ ᠬᠣᠯᠪᠣᠭᠠᠯᠠᠨ ᠵᠥᠪᠱᠢᠶᠡᠷᠡᠬᠦ᠌᠎ᠶ᠋ᠢ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠠᠮᠤᠭ᠎ᠤᠨ ᠱᠢᠨ᠎ᠡ ᠠᠵᠢᠯ᠎ᠤᠨ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠡᠨᠧᠷᠭᠢ᠎ᠶ᠋ᠢᠨ ᠲᠣᠪᠴᠢᠶ᠎ᠠ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ ᠵᠡᠷᠭᠡ ᠬᠠᠮᠢᠶ᠎ᠠ ᠪᠥᠬᠥᠶ ᠲᠢᠩᠬᠢᠮ ᠲᠤᠪᠴᠢᠶ᠎ᠠ ᠵᠢᠨ ᠬᠠᠷᠢᠭᠤᠴᠠᠯᠭᠠᠲᠠᠨ ᠲᠣᠰ ᠱᠢᠰᠲ᠋ᠧᠮ᠎ᠦᠨ ᠵᠢᠡᠨ ᠬᠠᠮᠤᠭ᠎ᠤᠨ ᠱᠢᠨ᠎ᠡ ᠬᠢᠨᠠᠨ ᠵᠥᠪᠱᠢᠶᠡᠷᠡᠬᠦ᠌ ᠲᠥᠷᠥ᠎ᠶ᠋ᠢᠨ ᠪᠣᠳᠣᠯᠭ᠎ᠠ᠎ᠳᠤ ᠲᠠᠢᠯᠤᠮᠵᠢ ᠬᠢᠵᠦ᠍᠂ ᠬᠣᠯᠪᠣᠭᠠᠯᠠᠨ ᠬᠢᠨᠠᠨ ᠵᠥᠪᠱᠢᠶᠡᠷᠡᠬᠦ᠌ ᠲᠠᠰ ᠳᠠᠪᠬᠤᠷᠭ᠎ᠠ᠂ ᠶᠠᠪᠤᠴᠡ᠂ ᠴᠠᠭ᠎ᠤᠨ ᠬᠢᠵᠠᠭᠠᠷ᠂ ᠪᠠᠢᠩᠭᠤ ᠲᠣᠬᠢᠶᠠᠯᠳᠤᠳᠠᠭ ᠠᠰᠠᠭᠤᠳᠠᠯ᠎ᠢ ᠨᠠᠷᠢᠨ ᠲᠠᠢᠯᠪᠤᠷᠢᠯᠠᠵᠤ᠂ ᠲᠠᠷᠠᠭᠠᠴᠢ᠎ᠶ᠋ᠢᠨ ᠠᠯᠬᠤᠮ᠎ᠳᠤ ᠴᠢᠬᠤᠯᠠ ᠶᠡᠬᠡ ᠲᠥᠷᠥᠯ ᠵᠦᠶ᠋ᠯ᠎ᠢ ᠬᠣᠯᠪᠣᠭᠠᠯᠠᠨ ᠬᠢᠨᠠᠵᠤ ᠬᠣᠯᠪᠣᠭᠠᠯᠠᠨ ᠵᠥᠪᠱᠢᠶᠡᠷᠡᠬᠦ᠌ ᠠᠵᠢᠯ᠎ᠢ ᠨᠠᠢᠳᠠᠪᠤᠷᠢᠵᠢᠭᠤᠯᠤᠨ ᠨᠠᠷᠢᠯᠢᠬ᠍ᠵᠢᠭᠤᠯᠬᠤ ᠲᠤᠬᠠᠶ ᠠᠵᠢᠯ᠎ᠤᠨ ᠱᠠᠭᠠᠷᠳᠠᠯᠭ᠎ᠠ ᠳᠤᠷᠠᠳᠴᠠᠢ᠃
ᠥᠪᠥᠷ ᠮᠣᠩᠭᠣᠯ ᠦᠷᠬᠦᠯᠵᠢᠯᠡᠨ ᠴᠢᠬᠤᠯᠠ ᠶᠡᠬᠡ ᠲᠥᠷᠥᠯ ᠵᠦᠶ᠋ᠯ᠎ᠦᠨ ᠬᠣᠯᠪᠣᠭᠠᠯᠠᠨ ᠬᠢᠨᠠᠵᠤ ᠬᠣᠯᠪᠣᠭᠠᠯᠠᠨ ᠵᠥᠪᠱᠢᠶᠡᠷᠡᠬᠦ᠌ ᠠᠵᠢᠯ᠎ᠤᠨ ᠲᠣᠭ᠍ᠲᠠᠴᠠ᠎ᠶ᠋ᠢᠨ ᠥᠨᠳᠥᠷ ᠪᠦᠲᠦᠮᠵᠢᠲᠡᠶ ᠶᠠᠪᠤᠭ᠍ᠳᠠᠬᠤ᠎ᠶ᠋ᠢ ᠤᠯᠠᠮ ᠨᠢᠭᠡ ᠠᠯᠬᠤᠮ ᠠᠬᠢᠭᠤᠯᠵᠤ᠂ ᠭᠤᠷᠪᠠᠨ ᠱᠠᠲᠤᠨ᠎ᠤ ᠬᠢᠨᠠᠨ ᠵᠥᠪᠱᠢᠶᠡᠷᠡᠬᠦ᠌ ᠰᠠᠯᠠᠭ᠎ᠠ ᠮᠥᠴᠢᠷ ᠲᠡᠶ ᠬᠣᠯᠪᠣᠭᠠᠯᠠᠨ ᠬᠥᠳᠡᠯᠦᠯᠴᠡᠵᠦ᠍᠂ 《ᠳᠡᠭᠡᠷ᠎ᠡ ᠬᠠᠭᠠᠰ ᠵᠢᠯ᠎ᠳᠦ ᠠᠵᠢᠯ ᠡᠬᠢᠯᠡᠭᠦᠯᠬᠦ ᠲᠥᠷᠥᠯ ᠵᠦᠶ᠋ᠯ᠎ᠢ 3 ᠰᠠᠷ᠎ᠠ᠎ᠶ᠋ᠢᠨ ᠰᠡᠭᠦᠯᠴᠢ᠎ᠡᠴᠡ ᠡᠮᠦᠨ᠎ᠡ ᠪᠦᠬᠦᠨ᠎ᠢ ᠭᠦᠶ᠋ᠴᠡᠳᠭᠡᠵᠦ᠍ ᠳᠠᠭᠤᠰᠭᠠᠬᠤ᠂ ᠳᠤᠤᠷ᠎ᠠ ᠬᠠᠭᠠᠰ ᠵᠢᠯ᠎ᠳᠦ ᠠᠵᠢᠯ ᠡᠬᠢᠯᠡᠭᠦᠯᠬᠦ᠌ ᠲᠥᠷᠥᠯ ᠵᠦᠶ᠋ᠯ᠎ᠢ 8 ᠰᠠᠷ᠎ᠠ᠎ᠶ᠋ᠢᠨ ᠰᠡᠭᠦᠯᠴᠢ᠎ᠡᠴᠡ ᠡᠮᠦᠨ᠎ᠡ ᠪᠦᠬᠦᠨ᠎ᠢ ᠭᠦᠶ᠋ᠴᠡᠳᠭᠡᠵᠦ᠍ ᠳᠠᠭᠤᠰᠭᠠᠬᠤ》 ᠬᠠᠷᠠᠯᠲᠠ ᠶᠤᠰᠤᠭᠠᠷ᠂ ᠭᠠᠷ ᠬᠦᠢᠴᠡᠳᠭᠡᠯ᠎ᠢ ᠭᠦᠶ᠋ᠴᠡᠳᠭᠡᠬᠦ᠌᠎ᠶ᠋ᠢ ᠪᠥᠬᠥ᠌ ᠬᠦᠴᠦᠨ᠎ᠢᠶᠡᠷ ᠠᠬᠢᠭᠤᠯᠵᠦ ᠪᠤᠢ᠃