ᠦᠪᠦᠷ ᠮᠤᠩᠭᠤᠯ ᠰᠢᠯᠢᠳᠡᠭ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ ᠪᠡᠷ ᠶᠤᠰᠤ ᠰᠤᠷᠳᠠᠬᠤᠨ᠎ᠤ ᠬᠦᠮᠦᠵᠢᠯ᠎ᠢ ᠬᠦᠨᠵᠡᠬᠡᠢᠷᠡᠬᠦᠯᠵᠦ ᠪᠤᠢ
2026-01-28 15:44:39
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ 2026 ᠣᠨ᠎ᠤ ᠶᠡᠬᠡ ᠳᠡᠭᠡᠳᠦ ᠰᠤᠷᠭᠠᠭᠤᠯᠢ᠎ᠶᠢᠨ ᠦᠵᠡᠯ  ᠰᠠᠨᠠᠭ᠎ᠠ  ᠤᠯᠤᠰ  ᠲᠥᠷᠥ᠎ᠶᠢᠨ  ᠬᠦᠮᠦᠵᠢᠯ᠎ᠤᠨ  ᠶᠠᠰᠤ  ᠴᠢᠨᠠᠷ᠎ᠢ ᠳᠡᠭᠡᠭᠰᠢᠯᠡᠭᠦᠯᠬᠦ ᠰᠤᠷᠭᠠᠭᠤᠯᠢ᠎ᠶᠢᠨ ᠬᠦᠷᠢᠶᠡᠨ᠎ᠦ ᠤᠤᠭᠠᠯ ᠵᠤᠬᠢᠶᠠᠨ ᠪᠦᠳᠦᠭᠡᠯᠭᠡ ᠵᠢᠨ ᠵᠦᠴᠦᠬᠡ — 《ᠦᠢᠯᠡᠰ》᠎ᠢ᠋ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠳᠤ ᠠᠩᠬ᠎ᠠ ᠲᠣᠭᠯᠠᠪᠠ᠃ ᠲᠣᠰ ᠵᠦᠴᠦᠭᠡ ᠨᠢ ᠦᠵᠡᠯ  ᠰᠠᠨᠠᠭ᠎ᠠ ᠤᠯᠤᠰ ᠲᠥᠷᠥ ᠶ᠋ᠢᠨ ᠶᠠᠷᠢᠶᠠᠲᠤ ᠵᠦᠴᠦᠭᠡ ᠶ᠋ᠢᠨ ᠬᠡᠯᠪᠡᠷᠢ ᠪᠡᠷ ᠣᠨᠣᠯ᠎ᠤᠨ ᠰᠤᠷᠤᠯᠴᠠᠯᠭ᠎ᠠ ᠶ᠋ᠢᠨ 《ᠠᠮᠢᠳᠤ ᠵᠢᠭᠠᠬᠤ ᠮᠠᠲᠧᠷᠢᠶᠠᠯ》 ᠪᠤᠯᠵᠤ᠂ ᠦᠵᠡᠯ ᠰᠠᠨᠠᠭ᠎ᠠ ᠤᠯᠤᠰ ᠲᠥᠷᠥ ᠶ᠋ᠢᠨ ᠬᠥᠮᠦᠵᠢᠯ᠎ᠦᠨ ᠰᠢᠨ᠎ᠡ ᠶ᠋ᠢ ᠡᠭᠦᠳᠬᠦ ᠦᠢᠯᠡᠳᠦᠯᠭᠡ ᠶ᠋ᠢ ᠬᠦᠨᠵᠡᠬᠡᠢᠷᠡᠬᠦᠯᠪᠡ᠃

ᠶᠠᠷᠢᠶᠠᠳᠤ ᠵᠦᠴᠦᠭᠡ 《ᠦᠢᠯᠡᠰ》 ᠨᠢ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠲᠡᠦᠬᠡ᠎ᠶᠢᠨ ᠣᠷᠳᠣᠨ᠎ᠢᠶᠠᠷ ᠬᠦᠦᠷᠨᠢᠯ᠎ᠦᠨ ᠭᠠᠷᠤᠭ᠎ᠠ ᠪᠣᠯᠭᠠᠵᠤ᠂ ᠲᠦᠮᠡᠨ ᠨᠠᠰᠤᠳᠠᠨ ᠬᠢᠭᠡᠳ ᠲᠡᠬᠦᠨ᠎ᠤ ᠤᠮᠪᠤᠯᠤ ᠥᠬᠢᠨ ᠠᠨᠠᠷ᠎ᠤᠨ ᠬᠣᠭᠣᠷᠣᠨᠳᠣᠬᠢ ᠴᠠᠭ ᠬᠤᠭᠤᠴᠠᠭ᠎ᠠ ᠠᠯᠤᠰᠯᠠᠭᠰᠠᠨ ᠶᠠᠷᠢᠯᠴᠠᠭ᠎ᠠ᠎ᠪᠠᠷ ᠳᠠᠮᠵᠢᠭᠤᠯᠵᠤ᠂ ᠰᠤᠷᠭᠠᠭᠤᠯᠢ᠎ᠵᠢᠨ ᠬᠢᠨ᠎ᠤ 《ᠠᠷᠪᠠᠨ ᠨᠠᠢ᠍ᠮᠠᠨ ᠲᠠᠰᠤᠯᠭ᠎ᠠ ᠪᠠᠢᠰᠢᠩ》 ᠡᠴᠡ ᠠᠯᠬᠤᠮ ᠠᠯᠬᠤᠮ᠎ᠢᠶᠠᠷ ᠣᠳᠣᠬᠢᠴᠢᠯᠠᠭᠰᠠᠨ ᠳᠡᠭᠡᠳᠦ ᠵᠡᠷᠭᠡ᠎ᠶᠢᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠪᠤᠯᠵᠤ ᠬᠦᠭᠵᠢᠭᠰᠡᠨ ᠶᠠᠪᠤᠴᠠ ᠵᠢ ᠢᠯᠡᠷᠡᠬᠦᠯᠵᠡᠢ᠃ ᠵᠦᠴᠦᠭᠡ᠎ᠶᠢᠨ ᠪᠦᠲᠦᠭᠡᠯ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠭᠣᠣᠯ ᠰᠢᠵᠢᠮ᠎ᠲᠠᠢ ᠨᠢᠭ᠍ᠲᠠ ᠤᠶᠠᠯᠳᠤᠭᠤᠯᠤᠨ᠂ ᠼᠦᠢ ᠱᠣ᠌ ᠳ᠋ᠧ᠂ ᠸᠧᠨ ᠯᠢ ᠳ᠋ᠦᠩ ᠵᠡᠷᠭᠡ ᠠᠬᠠᠮᠠᠳ ᠦᠶ᠎ᠡ᠎ᠶᠢᠨ ᠬᠢᠨ᠎ᠦ 《ᠬᠠᠷᠠᠯᠳᠠ ᠵᠤᠷᠢᠯᠳᠠ ᠨᠢᠬᠡᠳᠡᠢ ᠳᠦᠷᠪᠡᠨ ᠵᠦᠭ ᠨᠠᠢ᠍ᠮᠠᠨ ᠵᠣᠪᠬᠢᠰ᠎ᠠᠴᠠ ᠢᠷᠡᠵᠦ》 ᠦᠢᠯᠡᠰ ᠪᠤᠰᠬᠠᠭᠰᠠᠨ ᠵᠢᠴᠢ ᠯᠢᠦ ᠴᠢ ᠳ᠋ᠤᠸᠠᠨ ᠨᠢᠭᠡ ᠰᠡᠳᠬᠢᠯ᠎ᠢᠶᠡᠷ ᠠᠷᠤᠭ ᠶᠠᠰᠤᠨ᠎ᠤ ᠬᠡᠪ ᠵᠠᠭᠪᠤᠷ᠎ᠢ ᠦᠢᠯᠡᠳᠦᠭᠰᠡᠨ᠂ ᠵᠠᠩ ᠵᠦᠩ ᡂᠢ᠎ᠶᠢᠨ ᠡᠵᠢ᠎ᠪᠡᠨ ᠠᠯᠳᠠᠭᠰᠠᠨ ᠴᠤ᠌ ᠡᠮᠭᠡᠨᠢᠯ ᠵᠣᠪᠠᠨᠢᠯ᠎ᠢ ᠲᠡᠰᠪᠦᠷᠢᠯᠡᠨ ᠠᠵᠢᠯ᠎ᠤᠨ ᠪᠠᠢᠷᠢ᠎ᠪᠠᠨ ᠪᠠᠲᠤ ᠰᠠᠬᠢᠭ᠍ᠰᠠᠨ ᠵᠡᠷᠭᠡ ᠰᠡᠳᠬᠢᠯ ᠬᠥᠳᠡᠯᠭᠡᠮ᠎ᠡ ᠦᠢᠯᠡ ᠶᠠᠪᠤᠳᠠᠯ᠎ᠢ ᠠᠮᠢᠳᠤᠯᠢᠭ᠋᠎ᠢᠶᠠᠷ ᠢᠯᠡᠷᠡᠭᠦᠯᠦᠭᠰᠡᠨ ᠪᠠᠢᠨ᠎ᠠ᠃ ᠶᠠᠷᠢᠶᠠᠳᠤ ᠵᠦᠴᠦᠬᠡ ᠳ᠋ᠤ ᠰᠤᠷᠭᠠᠭᠤᠯᠢ ᠪᠠᠢᠭᠤᠯᠤᠭᠰᠠᠨ ᠠᠬᠠᠮᠠᠳ ᠵᠢᠳᠬᠦᠯᠲᠡᠨ᠎ᠦ ᠡᠷᠬᠢᠮ ᠳᠡᠭᠡᠳᠦ ᠵᠠᠩ ᠰᠤᠷᠲᠠᠯ ᠪᠠ ᠬᠠᠮᠲᠤᠴᠢ ᠦᠵᠡᠯ᠎ᠦᠨ ᠵᠣᠷᠢᠭ᠋ ᠰᠠᠨᠠᠭ᠎ᠠ᠎ᠶᠢ ᠲᠠᠢᠯᠪᠤᠷᠢᠯᠠᠵᠤ᠂ ᠪᠠᠰᠠ ᠦᠨᠳᠦᠰᠦᠲᠡᠨ ᠨᠤᠬᠦᠳ᠎ᠤᠨ ᠪᠠᠭ᠍ᠰᠢ ᠰᠤᠷᠤᠭ᠍ᠴᠢᠳ᠎ᠤᠨ ᠪᠦᠯᠬᠦᠮᠳᠡᠨ ᠨᠢᠭᠡᠳᠴᠦ᠂ ᠭᠠᠷ ᠬᠣᠯᠪᠣᠨ ᠲᠡᠮᠡᠴᠡᠬᠦ ᠭᠦᠨ ᠵᠤᠵᠠᠭᠠᠨ ᠨᠥᠬᠥᠷᠯᠡᠯ ᠪᠠ ᠰᠦᠷ ᠳᠠᠯᠠᠢᠴᠠᠲᠠᠢ ᠬᠦᠴᠦᠨ ᠴᠢᠳᠠᠯ᠎ᠢ ᠤᠷᠠᠯᠢᠭ ᠵᠢᠡᠷ ᠢᠯᠡᠷᠡᠭᠦᠯᠵᠦ᠂ 《ᠦᠨᠳᠦᠰᠦᠲᠡᠨ᠎ᠦ ᠪᠦᠯᠬᠦᠮᠳᠡᠯ ᠪᠣᠯ ᠬᠥᠭᠵᠢᠯᠲᠡ ᠳᠠᠪᠰᠢᠯᠲᠠ᠎ᠶᠢᠨ ᠰᠠᠭᠤᠷᠢ ᠮᠥᠨ》 ᠭᠡᠬᠦ ᠴᠠᠭ ᠦᠶ᠎ᠡ᠎ᠶᠢᠨ ᠠᠭᠤᠯᠤᠭᠳᠠᠬᠤᠨ᠎ᠢ ᠭᠦᠨᠵᠡᠭᠡᠢ ᠲᠣᠳᠣᠷᠬᠠᠢᠯᠠᠭᠰᠠᠨ ᠪᠠᠢᠨ᠎ᠠ᠃

ᠢᠷᠡᠭᠡᠳᠦᠢ᠎ᠳᠦ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠣᠷᠣᠨ᠎ᠤ ᠳᠣᠲᠣᠷᠠᠬᠢ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ᠎ᠶᠢᠨ ᠬᠥᠮᠥᠨ ᠢ᠋ ᠬᠥᠮᠥᠵᠢᠭᠦᠯᠬᠦ ᠡᠬᠢ ᠪᠠᠶᠠᠯᠢᠭ᠋᠎ᠢᠶᠠᠨ ᠭᠦᠨᠵᠡᠭᠡᠢ ᠠᠭᠤᠳᠠᠯᠬᠤ᠎ᠶᠢ ᠤᠯᠠᠮ ᠴᠢᠨᠠᠭᠰᠢᠳᠠ ᠳᠡᠮᠵᠢᠵᠦ᠂ ᠰᠢᠯᠢᠳᠡᠭ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ᠎ᠶᠢ 《ᠶᠣᠰᠣ᠌ ᠰᠤᠷᠲᠠᠬᠤᠨ ᠵᠢᠡᠷ ᠬᠦᠮᠦᠨ᠎ᠢ ᠬᠥᠮᠥᠵᠢᠭᠦᠯᠬᠦ》 ᠴᠢᠬᠤᠯᠠ ᠠᠴᠢᠶᠠᠯᠠᠪᠤᠷᠢ ᠪᠣᠯᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号