ᠠᠯᠳᠠᠨ ᠬᠢᠨᠭᠭᠠᠨ ᠳ᠋ᠤ ᠠᠨᠠᠷ᠎ᠦᠨ ᠴᠡᠴᠡᠭᠡᠰ ᠪᠠᠳᠠᠷᠨᠨ ᠲᠡᠯᠭᠡᠷᠡᠨ᠎ᠠ
2026-01-28 11:12:12
ᠵᠣᠬᠢᠶᠠᠭ᠍ᠴᠢ᠄
​ ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠬᠢᠩᠭᠠᠨ ᠠᠢᠮᠠᠭ ᠨᠠᠮ᠎ᠦᠨ ᠦᠨᠳᠤᠰᠤᠳᠡᠨ᠎ᠤ ᠤᠷᠤᠨ᠎ᠤ ᠦᠪᠡᠷᠳᠡᠭᠡᠨ ᠵᠠᠰᠠᠬᠤ ᠪᠠᠢᠭᠤᠯᠤᠯ᠎ᠢ ᠬᠠᠮᠤᠭ᠎ᠦᠨ ᠡᠷᠳᠡ ᠦᠢᠯᠡᠳᠤᠯᠭᠡᠵᠢᠬᠦᠯᠦᠭᠰᠡᠨ ᠭᠠᠵᠠᠷ ᠪᠤᠯᠤᠭᠰᠠᠨ᠎ᠤ ᠬᠤᠪᠢ ᠳ᠋ᠤ᠂《ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ》 ᠎ᠦ᠋ᠨ ᠢᠷᠠᠭᠤ ᠠᠯᠳᠠᠷ᠎ᠢ ᠬᠤᠶᠠᠷᠳᠠ ᠬᠦᠷᠳᠡᠵᠤ᠂ 《ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠭᠠᠵᠠᠷ ᠤᠷᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠱ᠌ᠢᠶ᠎ᠡ ᠦᠵᠡᠭᠦᠯᠬᠦ᠌ ᠭᠠᠵᠠᠷ ᠤᠷᠤᠨ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠦᠨᠳᠦᠰᠦᠲᠡᠨ᠎ᠦ ᠠᠰᠠᠭᠤᠳᠠᠯ᠎ᠢ ᠱᠢᠶ᠋ᠳᠪᠦᠷᠢᠯᠡᠬᠦ᠌ ᠵᠥᠪ ᠵᠠᠮ᠎ᠤᠨ ᠳᠠᠪᠠᠭᠤᠯᠢᠭ ᠴᠢᠨᠠᠷ᠎ᠢ ᠳᠡᠯᠡᠬᠡᠶ ᠳ᠋ᠠᠬᠢᠨ᠎ᠳᠤ ᠳᠡᠯᠭᠡᠨ ᠦᠵᠡᠭᠦᠯᠬᠦ᠌ ᠴᠢᠬᠤᠯᠠ ᠴᠤᠩᠬᠤᠪᠴᠢ》 ᠶ᠋ᠢᠨ ᠲᠤᠷᠱᠢᠯᠲᠠ᠎ᠶ᠋ᠢᠨ ᠭᠠᠵᠠᠷ ᠣᠷᠣᠨ᠎ᠢᠶᠠᠷ ᠰᠤᠨᠭᠭᠤᠭᠳᠠᠪᠠ᠃ ᠬᠢᠨᠭᠭᠠᠨ ᠠᠢᠮᠠᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠬᠴᠠᠯᠠᠬᠤ ᠪᠡᠷ ᠭᠤᠤᠯ ᠰᠢᠵᠢᠮ ᠪᠤᠯᠭᠠᠵᠤ᠂ ᠡᠯ᠎ᠠ ᠲᠦᠷᠦᠯ᠎ᠦᠨ ᠠᠵᠢᠯ᠎ᠢ ᠨᠢᠳᠤᠨ ᠳ᠋ᠤ ᠦᠵᠡᠭᠳᠡᠮ᠎ᠠ᠂ ᠭᠠᠷ ᠲᠸ᠋ ᠪᠠᠷᠢᠭᠳᠡᠮ᠎ᠠ᠂ ᠰᠡᠳᠬᠢᠯ ᠳ᠋ᠤ ᠰᠠᠭᠤᠭᠳᠠᠮ᠎ᠠ ᠰᠠᠢᠳᠤᠷ ᠬᠢᠵᠤ᠂ ᠪᠦᠬᠦ ᠠᠢᠮᠠᠭ᠎ᠦᠨ ᠦᠨᠳᠤᠰᠦᠳᠡᠨ᠎ᠤ ᠪᠦᠯᠬᠦᠮᠳᠠᠯ ᠲᠠᠪᠰᠢᠯᠳᠠ ᠵᠢᠨ ᠦᠢᠯᠡᠰ᠎ᠦᠨ ᠴᠢᠨᠠᠷ ᠰᠠᠢᠳᠠᠢ ᠬᠦᠭᠵᠢᠯᠳᠠ ᠵᠢ ᠪᠦᠬᠦ ᠲᠠᠯ᠎ᠠ ᠪᠡᠷ ᠠᠬᠢᠭᠤᠯᠪᠠ᠃

ᠣᠷᠳᠣ ᠬᠤᠭᠤᠴᠠᠭᠠᠨ᠎ᠤ ᠪᠦᠲᠦᠮᠵᠢᠲᠡᠶ ᠪᠠᠲᠤᠯᠠᠭ᠎ᠠ᠎ᠪᠠᠷ ᠦᠨᠳᠦᠰᠦᠳᠡᠨ᠎ᠤ ᠠᠵᠢᠯ᠎ᠦᠨ ᠴᠢᠨᠠᠷ ᠰᠠᠢᠳᠠᠢ ᠬᠦᠭᠵᠢᠯᠳᠠ ᠵᠢ ᠠᠬᠢᠭᠤᠯᠪᠠ

《ᠥᠪᠡᠷ᠎ᠦᠨ ᠬᠡᠷ᠎ᠦᠨ᠎ᠢᠶᠡᠨ ᠬᠦᠷᠢᠶ᠎ᠠ ᠬᠠᠰᠢᠶ᠎ᠠ ᠪᠠᠨ ᠴᠡᠪᠡᠷᠯᠡᠪᠡᠯ  ᠬᠤᠪᠢ ᠨᠡᠮᠡᠵᠦ ᠦᠭᠬᠦᠨ᠎ᠡ᠂ ᠵᠣᠷᠯᠣᠩ᠎ᠵᠢᠡᠨ ᠥᠭᠡᠷᠡᠴᠢᠯᠡᠨ ᠪᠠᠢᠭᠤᠯᠪᠠᠯ ᠪᠠᠰᠠ ᠬᠤᠪᠢ ᠨᠡᠮᠡᠵᠤ ᠦᠭᠬᠦᠨ᠎ᠡ᠂ ᠬᠤᠷᠠᠮᠳᠤᠯ ᠬᠤᠪᠢ᠎ᠪᠠᠷ ᠵᠢᠡᠨ ᠠᠮᠢᠳᠤᠷᠠᠯ᠎ᠤᠨ ᠬᠡᠷᠡᠭ᠌ᠰᠡᠯ ᠰᠣᠯᠢᠵᠤ ᠪᠣᠯᠤᠨ᠎ᠠ᠂ ᠲᠡᠢᠮᠦ ᠪᠤᠯᠬᠤᠷ ᠦᠨᠳᠦᠰᠦᠲᠡᠨ ᠨᠤᠬᠦᠳ᠎ᠦᠨ ᠤᠯᠠᠨ ᠲᠦᠮᠡᠨ ᠡᠨᠡ᠎ᠬᠦ ᠠᠵᠢᠯᠯᠠᠭ᠎ᠠ ᠳ᠋ᠤ ᠪᠦᠷ ᠢᠳᠡᠪᠬᠢᠯᠡᠨ ᠤᠷᠤᠯᠴᠠᠳᠠᠭ!》 ᠭᠡᠵᠦ ᠲᠦᠴᠢᠦᠸᠠᠨ ᠱᠢᠶᠠᠨ᠎ᠤ ᠲᠦᠴᠢᠦᠸᠠᠨ ᠪᠠᠯᠭᠠᠰᠤ ᠵᠢᠨ ᠯᠢᠦ ᠾᠧ ᠲᠣᠰᠭᠣᠨ᠎ᠤ ᠠᠷᠠᠳ ᠹᠸᠩ ᠢᠦᠶ ᠮᠧᠶ ᠬᠡᠷᠡᠮ ᠳᠡᠭᠡᠷᠡᠬᠢ 《ᠬᠤᠪᠢ ᠬᠤᠷᠠᠮᠳᠤᠭᠤᠯᠬᠤ ᠲᠦᠷᠢᠮ》 ᠎ᠢ᠋  ᠢᠯᠡ ᠨᠡᠢᠲᠡᠯᠡᠬᠦ᠌ ᠰᠠᠮᠪᠠᠷ᠎ᠠ᠎ᠶ᠋ᠢ ᠵᠢᠭᠠᠵᠤ ᠪᠠᠶᠠᠷᠳᠠᠢᠬᠠᠨ ᠶᠠᠷᠢᠨ᠎ᠠ᠃ ᠡᠨᠡ ᠬᠦ᠌ ᠤᠯᠠᠨ᠎ᠤ ᠬᠦᠷᠢᠶᠡᠯᠡᠯ᠎ᠢ ᠤᠯᠤᠭᠰᠠᠨ 《ᠬᠤᠪᠢ ᠬᠤᠷᠠᠮᠳᠤᠭᠤᠯᠬᠤ ᠲᠦᠷᠢᠮ》 ᠪᠣᠯ ᠬᠢᠩᠭᠠᠨ ᠠᠢᠮᠠᠭ  ᠣᠷᠳᠣ ᠬᠤᠭᠤᠴᠠᠭᠠᠨ᠎ᠤ ᠪᠦᠲᠦᠮᠵᠢᠲᠡᠶ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠡᠳᠦᠷ ᠲᠤᠲᠤᠮ᠎ᠤᠨ ᠠᠮᠢᠳᠤᠷᠠᠯ᠎ᠳᠤ ᠠᠭᠤᠰᠭᠠᠵᠤ᠂ ᠲᠦᠷᠢᠮ᠎ᠦᠨ ᠨᠢᠭ᠍ᠲᠠᠷᠠᠯ᠎ᠤᠨ ᠬᠦᠴᠦᠨ᠎ᠢᠶᠡᠷ ᠦᠨᠳᠦᠰᠦᠨ ᠱᠠᠲᠤᠨ᠎ᠤ ᠠᠮᠢᠵᠢᠷᠠᠯ᠎ᠤᠨ ᠬᠦᠴᠦᠨ᠎ᠢ ᠬᠥᠭ᠌ᠵᠢᠭᠡᠭ᠌ᠰᠡᠨ ᠬᠤᠷᠢᠶᠠᠩᠭᠤᠶ ᠳᠦᠷᠰᠦ ᠪᠣᠯᠤᠨ᠎ᠠ᠃


QQ20260128-110919.png


ᠲᠠᠪᠤᠨ ᠵᠢᠯ᠎ᠦᠨ ᠲᠤᠷᠰᠢ᠂ ᠬᠢᠩᠭᠠᠨ ᠠᠢᠮᠠᠭ ᠲᠦᠷᠢᠮ᠎ᠦᠨ ᠪᠠᠢᠭᠤᠯᠤᠯᠲᠠ᠎ᠪᠠᠷ ᠰᠠᠭᠤᠷᠢ ᠪᠣᠯᠭᠠᠵᠤ᠂ 《ᠲᠠᠪᠤᠨ ᠵᠦᠶ᠋ᠯ᠎ᠦᠨ ᠲᠦᠷᠢᠮ》 ᠢ᠋ᠢᠡᠷ ᠬᠥᠲᠥᠯᠥᠨ ᠳᠠᠭᠠᠭᠤᠯᠬᠤ᠂ 《ᠲᠠᠪᠤᠨ ᠵᠦᠶ᠋ᠯ᠎ᠦᠨ ᠲᠣᠭ᠍ᠲᠠᠴᠠ》 ᠪᠠᠷ ᠪᠠᠲᠤᠯᠠᠬᠤ᠂ 《ᠲᠠᠪᠤᠨ ᠨᠢᠭᠡ᠎ᠶ᠋ᠢᠨ ᠣᠯᠠᠨ ᠲᠦᠮᠡᠨ᠎ᠦ ᠠᠵᠢᠯ᠎ᠤᠨ ᠠᠷᠭ᠎ᠠ》 ᠪᠠᠷ ᠲᠤᠯᠭᠠᠭᠤᠷᠢᠯᠠᠬᠤ ᠶᠡᠷᠦᠩᠬᠡᠢᠯᠡᠭ᠌ᠰᠡᠨ ᠲᠦᠷᠢᠮ᠎ᠦᠨ ᠱᠢᠰᠲ᠋ᠧᠮ᠎ᠢ ᠪᠠᠢᠭᠤᠯᠪᠠ᠃ ᠯᠢᠦ ᠾᠧ ᠲᠣᠰᠭᠣᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠲᠣᠰᠭᠣᠨ᠎ᠤ ᠲᠣᠭ᠍ᠲᠠᠭᠠᠯ ᠠᠷᠠᠳ᠎ᠤᠨ ᠭᠡᠷ᠎ᠡ᠎ᠳᠦ ᠣᠷᠣᠭᠤᠯᠤᠭ᠍ᠰᠠᠨ᠎ᠢᠶᠠᠷ ᠪᠠᠷᠠᠬᠤ ᠦᠭᠡᠢ᠂ ᠨᠡᠩ ᠴᠤ᠌ 《ᠬᠤᠪᠢ ᠬᠤᠷᠠᠮᠳᠤᠭᠤᠯᠬᠤ ᠲᠦᠷᠢᠮ》 ᠤ᠋ᠨ ᠬᠠᠮᠢᠶᠠᠷᠤᠯᠲᠠ᠎ᠶ᠋ᠢᠨ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ 13 ᠲᠣᠰᠭᠣᠨ᠎ᠤ ᠺᠠᠳ᠋ᠷ᠂ ᠨᠠᠮ᠎ᠤᠨ ᠭᠡᠱᠢᠭᠦᠨ᠎ᠢᠶᠡᠷ ᠪᠦᠷᠢᠯᠳᠦᠭ᠌ᠰᠡᠨ ᠲᠣᠣᠷᠵᠢᠯ᠎ᠤᠨ ᠠᠵᠢᠯᠳᠠᠨ᠎ᠤ ᠡᠩᠨᠡᠭᠡ᠎ᠶ᠋ᠢ ᠵᠣᠬᠢᠶᠠᠨ ᠪᠠᠢᠭᠤᠯᠵᠤ᠂ 《ᠤᠯᠠᠭᠠᠨ ᠠᠨᠠᠷ᠎ᠤᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ》ᠲᠠᠢ ᠬᠣᠯᠪᠣᠭᠠᠯᠠᠨ ᠣᠷᠣᠯᠠᠨ ᠭᠦᠢᠴᠡᠳᠭᠡᠬᠦ᠌᠂ ᠴᠡᠪᠡᠷᠯᠡᠨ ᠠᠷᠢᠯᠭᠠᠬᠤ ᠵᠡᠷᠭᠡ ᠳᠣᠲᠣᠨᠣ ᠦᠢᠯᠡᠴᠢᠯᠡᠭᠡ ᠬᠠᠩᠭᠠᠪᠠ᠃

ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ ᠪᠣᠯ ᠦᠨᠳᠦᠰᠦᠲᠡᠨ᠎ᠦ ᠠᠵᠢᠯ᠎ᠤᠨ ᠦᠨᠳᠦᠰᠦᠨ ᠪᠠᠲᠤᠯᠠᠭ᠎ᠠ ᠮᠥᠨ᠃ ᠬᠢᠩᠭᠠᠨ ᠠᠢᠮᠠᠭ᠎ᠤᠨ ᠬᠢᠨ ᠠᠢᠮᠠᠭ᠎ᠤᠨ ᠨᠠᠮ᠎ᠤᠨ ᠬᠣᠷᠢᠶ᠎ᠠ᠎ᠶ᠋ᠢᠨ ᠱᠦᠵᠢ᠎ᠶ᠋ᠢᠨ ᠦᠨᠳᠦᠰᠦᠲᠡᠨ᠎ᠦ ᠠᠵᠢᠯ᠎ᠤᠨ ᠲᠤᠰᠭᠠᠶ ᠰᠡᠳᠦᠪᠲᠦ ᠶᠠᠷᠢᠯᠴᠠᠭ᠎ᠠ᠎ᠶ᠋ᠢᠨ ᠲᠦᠷᠢᠮ᠎ᠢ ᠬᠡᠷᠡᠭ᠌ᠵᠢᠭᠦᠯᠵᠦ᠍᠂ ᠪᠥᠬᠥ᠌ ᠰᠤᠮᠤ ᠱᠢᠶᠠᠩ ᠪᠠᠯᠭᠠᠰᠤ᠎ᠳᠤ ᠲᠤᠰᠭᠠᠶ ᠲᠤᠱᠢᠶᠠᠯᠲᠤ ᠨᠢᠭᠡᠳᠦᠮᠡᠯ ᠹᠷᠣᠨᠲ᠎ᠤᠨ ᠭᠡᠱᠢᠭᠦᠨ᠎ᠢ ᠳᠣᠭᠢᠷᠠᠭᠤᠯᠬᠤ᠎ᠶ᠋ᠢᠨ ᠬᠠᠮᠲᠤ ᠨᠠᠮ᠎ᠤᠨ ᠬᠣᠷᠢᠶ᠎ᠠ᠎ᠶ᠋ᠢᠨ ᠤᠳᠤᠷᠢᠳᠭᠤ ᠪᠠᠭ᠎ᠲᠤ ᠣᠷᠣᠬᠤ᠎ᠶ᠋ᠢ  ᠪᠡᠶᠡᠯᠡᠭᠦᠯᠵᠦ᠍᠂ ᠠᠢᠮᠠᠭ᠂ ᠬᠣᠱᠢᠭᠤ᠂ ᠱᠢᠶᠠᠩ᠂ ᠲᠣᠰᠭᠣᠨ ᠳᠥᠷᠪᠡᠨ ᠱᠠᠲᠤᠨ᠎ᠤ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠬᠢᠭᠤᠯᠬᠤ ᠬᠤᠷᠠᠯ》 ᠢ᠋ 1058 ᠪᠠᠢᠭᠤᠯᠵᠤ᠂ 1.3 ᠲᠦᠮᠡ ᠭᠠᠷᠤᠶ ᠨᠡᠢᠭᠡᠮ᠎ᠦᠨ ᠡᠯ᠎ᠡ ᠡᠲᠡᠭᠡᠳ᠎ᠦᠨ ᠬᠦᠴᠦᠨ᠎ᠢ ᠨᠢᠭ᠍ᠲᠠᠷᠠᠭᠤᠯᠵᠤ᠂ ᠦᠨᠳᠦᠰᠦᠲᠡᠨ᠎ᠦ ᠠᠵᠢᠯ᠎ᠢ ᠠᠬᠢᠭᠤᠯᠬᠤ ᠬᠦᠴᠦᠷᠬᠡᠭ ᠶᠡᠬᠡ ᠨᠡᠢᠯᠡᠯ ᠬᠦᠴᠦᠨ᠎ᠢ ᠪᠦᠷᠢᠯᠳᠦᠬᠦᠯᠵᠡᠢ᠃

ᠤᠯᠠᠨ ᠡᠰᠢᠳᠤ ᠵᠠᠭᠤᠴᠢᠯᠠᠭᠤᠷ ᠲᠸ᠋ ᠲᠦᠰᠢᠭᠯᠡᠨ ᠰᠣᠶᠣᠯ᠎ᠢᠶᠠᠷ ᠦᠨᠳᠦᠰᠦᠳᠡᠨ ᠨᠤᠬᠦᠳ᠎ᠤᠨ ᠰᠡᠳᠭᠢᠯ᠎ᠢ ᠤᠮᠳᠠᠯᠠᠨ᠎ᠠ

ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠳᠠᠢᠴᠢᠨᠲᠠᠯ᠎ᠠ ᠰᠤᠮᠤ᠎ᠶ᠋ᠢᠨ ᠲᠦᠷᠪᠡᠨᠳᠠᠯᠠᠢ ᠭᠠᠴᠠᠭ᠎ᠠ᠎ᠳᠤ ᠬᠦᠷᠬᠦ᠌᠎ᠳᠦ᠂ ᠱᠢᠨ᠎ᠡ ᠨᠢᠭᠡ ᠬᠤᠭᠤᠴᠠᠭᠠᠨ᠎ᠤ 《ᠲᠣᠰᠭᠣᠨ᠎ᠤ ᠰᠣᠨᠢᠨ ᠮᠡᠳᠡᠭᠡᠨ᠎ᠦ  ᠨᠡᠪᠲᠡᠷᠡᠭᠦᠯᠭᠡ》 ᠶ᠋ᠢ ᠶᠠᠭ ᠰᠡᠭᠦᠳᠡᠷᠯᠡᠵᠦ᠍ ᠪᠠᠢᠯ᠎ᠠ᠃ ᠲᠣᠰᠭᠣᠨ᠎ᠤ ᠠᠷᠠᠳ ᠯᠢ ᠱᠢᠤᠸᠠᠢ ᡁᠢ᠄ 《ᠪᠢ ᠬᠤᠭᠤᠴᠠᠭ᠎ᠠ ᠪᠦᠷᠢ ᠵᠢᠨ ᠨᠡᠪᠳᠡᠷᠡᠬᠦᠯᠭᠡ ᠵᠢ ᠠᠯᠳᠠᠯ ᠦᠭᠡᠢ ᠰᠤᠨᠤᠰᠳᠠᠭ! ᠪᠦᠷ ᠮᠠᠯᠴᠢᠨ ᠲᠠᠷᠢᠶᠠᠴᠢᠨ᠎ᠤ ᠥᠪᠡᠷ᠎ᠦᠨ ᠬᠢᠨᠢ ᠦᠯᠢᠭᠡᠷ᠎ᠢ ᠶᠠᠷᠢᠵᠤ ᠪᠠᠢᠨ᠎ᠠ᠂ ᠰᠣᠨᠣᠰᠭᠤ᠎ᠳᠤ ᠶᠠᠭ ᠯᠡ ᠵᠣᠭᠣᠭ ᠳᠡᠯᠭᠡᠵᠦ᠍ ᠪᠠᠢᠬᠤ ᠱᠢᠭ᠋ ᠤᠷᠮ᠎ᠠ ᠲᠠᠢ ᠰᠠᠨᠠᠭᠳᠠᠳᠠᠭ》 ᠭᠡᠯ᠎ᠡ᠃ ᠲᠡᠷᠡ᠄ 《ᠲᠠᠷᠢᠮᠠᠯ᠂ ᠲᠡᠵᠢᠭᠡᠪᠦᠷᠢ᠎ᠶ᠋ᠢᠨ ᠨᠥᠬᠥᠪᠥᠷᠢ᠎ᠡᠴᠡ ᠡᠮ ᠡᠮᠨᠡᠯᠭᠡ᠎ᠶ᠋ᠢᠨ ᠳᠠᠭᠠᠳᠭᠠᠯ᠎ᠤᠨ ᠱᠢᠨ᠎ᠡ ᠲᠥᠷᠥ᠎ᠶ᠋ᠢᠨ ᠪᠣᠳᠣᠯᠭ᠎ᠠ ᠬᠦᠷᠲᠡᠯ᠎ᠡ᠂ ᠣᠯᠠᠨ ᠲᠦᠮᠡᠨ᠎ᠤ ᠬᠠᠯᠠᠮᠵᠢᠯᠠᠨ ᠠᠩᠬᠠᠷᠴᠤ᠌ ᠪᠠᠢᠭ᠎ᠠ ᠲᠥᠷᠥ᠎ᠶ᠋ᠢᠨ ᠪᠣᠳᠣᠯᠭ᠎ᠠ᠎ᠶ᠋ᠢ ᠫᠷᠤᠭ᠌ᠷᠠᠮ᠎ᠳᠤ ᠴᠥᠮ ᠲᠣᠪ ᠲᠣᠳᠣᠷᠬᠠᠶ ᠶᠠᠷᠢᠵᠤ ᠦᠭᠳᠡᠭ》 ᠬᠡᠵᠤ ᠶᠠᠷᠢᠨ᠎ᠠ᠃

ᠬᠢᠩᠭᠠᠨ ᠠᠢᠮᠠᠭ 《ᠲᠣᠰᠭᠣᠨ᠎ᠤ ᠰᠣᠨᠢᠨ ᠮᠡᠳᠡᠭᠡᠨ᠎ᠦ ᠨᠡᠪᠲᠡᠷᠡᠭᠦᠯᠭᠡ》 ᠵᠢ ᠡᠯ᠎ᠡ ᠬᠣᠱᠢᠭᠤ ᠱᠢᠶᠠᠨ ᠬᠣᠲᠠ ᠲᠠᠶᠠᠭᠠᠷ ᠲᠸ᠋ ᠪᠦᠷᠬᠦᠬᠦᠯᠵᠦ᠂ ᠮᠠᠯᠴᠢᠨ ᠲᠠᠷᠢᠶᠠᠴᠢᠨ ᠳ᠋ᠤ ᠲᠥᠷᠥ᠎ᠶ᠋ᠢᠨ ᠪᠣᠳᠣᠯᠭ᠎ᠠ᠎ᠶ᠋ᠢ ᠣᠢᠯᠠᠭᠠᠭᠤᠯᠵᠤ᠂ ᠬᠦᠳᠡᠭᠡ ᠲᠤᠰᠬᠤᠨ᠎ᠤ ᠬᠥᠭ᠌ᠵᠢᠯᠲᠡ ᠳ᠋ᠤ ᠬᠦᠴᠦᠨ ᠨᠡᠮᠡᠷᠢᠯᠡᠨ᠎ᠠ᠃ 《ᠬᠢᠩᠭᠠᠨ᠎ᠤ ᠶᠣᠰᠣ ᠤᠴᠢᠷ᠎ᠢ ᠶᠠᠷᠢᠬᠤᠢ》AI ᠤᠶᠤᠨᠲᠤ ᠬᠢᠴᠢᠶᠡᠯ᠎ᠦᠨ ᠲᠠᠩᠬᠢᠮ ᠨᠢ ᠡᠯ᠎ᠡ ᠱᠠᠲᠤᠨ᠎ᠤ ᠵᠠᠭᠤᠴᠢᠯᠠᠭᠤᠷ᠎ᠤᠨ ᠲᠠᠪᠴᠠᠩ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ ᠲᠸ᠋ ᠲᠦᠱᠢᠭ᠌ᠯᠡᠨ᠂ ᠲᠠᠷᠢᠶᠠᠯᠠᠩ᠎ᠤᠨ ᠨᠥᠬᠥᠪᠥᠷᠢ᠂ ᠡᠮᠴᠢᠯᠡᠭᠡᠨ᠎ᠦ ᠳᠠᠭᠠᠳᠭᠠᠯ ᠨᠠᠰᠤᠵᠢᠯ᠎ᠤᠨ ᠠᠰᠠᠷᠠᠮᠵᠢ ᠵᠡᠷᠭᠡ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠷᠢᠯᠢᠭ ᠣᠨᠤᠴᠠᠲᠠᠶ᠎ᠪᠠᠷ ᠲᠠᠢᠯᠪᠤᠷᠢᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠭ᠎ᠠ ᠬᠥᠮᠦᠵᠢᠯ᠎ᠢ ᠠᠮᠢᠳᠤᠯᠢᠭ ᠪᠣᠳᠠᠲᠠᠢᠵᠢᠭᠤᠯᠪᠠ᠃

 QQ20260128-110934.png


《ᠨᠢᠭᠡ ᠣᠷᠳᠣᠨ ᠭᠤᠷᠪᠠᠨ ᠪᠠᠭᠤᠷᠢ》 ᠶ᠋ᠢᠨ ᠬᠤᠪᠢᠰᠭᠠᠯ᠎ᠤᠨ ᠡᠬᠢ ᠪᠠᠶᠠᠯᠢᠭ᠎ᠢ ᠭᠦᠨᠵᠡᠭᠡᠢ ᠠᠭᠤᠳᠠᠯᠵᠤ᠂ 《ᠠᠷᠪᠠᠨ ᠨᠢᠭᠡ》ᠶ᠋ᠢᠨ ᠬᠤᠪᠢᠰᠭᠠᠯ᠎ᠤᠨ ᠭᠤᠤᠯ ᠰᠡᠳᠦᠪᠲᠦ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ 《ᠲᠠᠪᠤᠨ ᠰᠠᠷ᠎ᠠ᠎ᠶ᠋ᠢᠨ ᠨᠢᠭᠡᠨ᠎ᠦ ᠶᠡᠬᠡ ᠬᠤᠷᠠᠯ》 ᠢ᠋ ᠵᠣᠬᠢᠶᠠᠨ ᠪᠦᠲᠦᠭᠡᠵᠦ᠍᠂ ᠬᠤᠪᠢᠰᠭᠠᠯ᠎ᠤᠨ ᠳᠤᠷᠠᠳᠭᠠᠯ᠎ᠢᠶᠠᠷ ᠦᠨᠳᠦᠰᠦᠲᠡᠨ᠎ᠦ ᠪᠦᠯᠬᠦᠮᠳᠡᠯ᠎ᠲᠠᠪᠰᠢᠯᠳᠠ ᠵᠢ ᠠᠬᠢᠭᠤᠯᠪᠠ; 《ᠬᠢᠩᠭᠠᠨ ᠳᠠᠪᠠᠭᠠᠨ ᠳ᠋ᠡᠬᠢ ᠬᠢᠩᠭᠠᠨ ᠠᠢᠮᠠᠭ》 ᠰᠣᠶᠣᠯ᠎ᠤᠨ ᠲᠡᠮᠳᠡᠭ᠎ᠢ ᠬᠦᠴᠦᠯᠡᠨ ᠡᠬᠦᠳᠴᠤ᠂ ᠪᠦᠬᠦ᠌ ᠣᠷᠣᠨ᠎ᠳ᠋ᠤ 《ᠮᠣᠩᠭᠣᠯ ᠮᠣᠷᠢᠨ᠎ᠤ ᠵᠣᠷᠢᠭ ᠰᠠᠨᠠᠭ᠎ᠠ》 ᠪᠡᠷ ᠭᠣᠣᠯ ᠰᠡᠳᠦᠪ ᠪᠤᠯᠭᠠᠭᠰᠠᠨ ᠠᠩᠬᠠᠳᠠᠭᠴᠢ ᠬᠢᠴᠢᠶᠡᠯ᠎ᠦᠨ ᠲᠠᠨᠭᠬᠢᠮ᠎ᠢ ᠲᠤᠬᠢᠷᠠᠭᠤᠯᠵᠤ᠂ ᠣᠶᠤᠨ ᠰᠠᠨᠠᠭᠠᠨ᠎ᠤ ᠬᠦᠴᠦᠨ᠎ᠢᠶᠡᠷ ᠦᠨᠳᠤᠰᠤᠳᠠᠨ ᠨᠤᠬᠦᠳ᠎ᠦᠨ ᠤᠯᠠᠨ ᠲᠦᠮᠡᠨ᠎ᠤ ᠰᠡᠳᠭᠢᠯ᠎ᠢ ᠤᠮᠳᠠᠯᠠᠨ᠎ᠠ᠃ ᠷᠠᠱᠢᠶᠠᠨ ᠬᠣᠲᠠ᠎ᠶ᠋ᠢᠨ ᠯᠢᠨ ᠬᠠᠶ ᠵᠡᠭᠡᠯᠢ᠎ᠶ᠋ᠢᠨ ᠱᠢᠩ ᠯᠢᠨ ᠨᠡᠢᠭᠡᠮ ᠲᠣᠭᠣᠷᠢᠭ᠎ᠤᠨ ᠲᠤᠤᠷᠵᠢᠯ᠎ᠦᠨ ᠠᠵᠢᠯᠲᠠᠨ ᠵᠠᠩ ᠢᠦᠶ ᠬᠣᠩ᠂ ᠦᠷᠭᠦᠯᠵᠢ ᠵᠢᠵᠢᠭ ᠰᠠᠨᠳᠠᠯᠢ᠎ᠪᠠᠨ ᠠᠪᠴᠤ᠌ ᠰᠠᠭᠤᠭᠠᠯᠢ ᠠᠷᠠᠳ᠎ᠦᠨ ᠲᠣᠭᠣᠷᠢᠭ᠎ᠤᠨ ᠠᠭᠤᠳᠠᠮ ᠲᠠᠯᠠᠪᠠᠶ᠎ᠳᠤ ᠰᠠᠭᠤᠵᠤ᠂ 《ᠵᠣᠭᠣᠭ ᠳᠡᠯᠭᠡᠬᠦ᠌》 ᠮᠠᠶᠢᠭ᠎ᠢᠶᠡᠷ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢ ᠲᠣᠳᠣᠷᠬᠠᠶ ᠶᠠᠷᠢᠵᠤ ᠦᠭᠳᠡᠭ᠃ ᠪᠦᠬᠦ᠌ ᠠᠢᠮᠠᠭ᠎ᠤᠨ 1000 ᠭᠠᠷᠤᠢ 《ᠦᠨᠳᠦᠰᠤᠨ ᠱᠠᠳᠤᠨ᠎ᠤ ᠤᠬᠠᠭᠤᠯᠤᠨ ᠲᠠᠢᠯᠪᠤᠷᠢᠯᠠᠭ᠍ᠴᠢ》 ᠨᠢ ᠲᠡᠭᠦᠨ᠎ᠲᠠᠢ ᠠᠳᠠᠯᠢᠬᠠᠨ᠎ᠢᠶᠡᠷ᠂ ᠲᠠᠷᠢᠶᠠᠨ ᠵᠠᠬ᠎ᠠ᠂ ᠲᠠᠷᠢᠶᠠᠴᠢᠨ ᠠᠢᠯ᠎ᠤᠨ ᠬᠦᠷᠢᠶᠡᠨ᠎ᠳᠦ ᠬᠦᠨᠵᠡᠭᠡᠢᠷᠡᠵᠤ᠂ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠢ 《ᠶᠠᠷᠢᠶᠠᠨ᠎ᠤ ᠬᠡᠯᠡ》 ᠪᠣᠯᠭᠠᠨ ᠬᠤᠪᠢᠷᠠᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠣᠢᠯᠠᠭᠠᠭᠤᠯᠵᠤ᠂ ᠦᠢᠯᠡᠳᠦᠯᠭᠡᠵᠢᠭᠦᠯᠪᠠ᠃

 ᠡᠭᠦᠨ᠎ᠡᠴᠡ ᠭᠠᠳᠠᠨ᠎ᠠ᠂ ᠬᠢᠩᠭᠠᠨ ᠠᠢᠮᠠᠭ᠎ᠤᠨ 2 ᠬᠥᠮᠦᠨ ᠪᠥᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ᠎ᠢᠶᠡᠷ ᠦᠨᠡᠯᠡᠭ᠌ᠳᠡᠵᠦ᠍᠂ 12 ᠬᠤᠪᠢ ᠬᠥᠮᠦᠨ᠂ 17 ᠬᠠᠮᠲᠤ ᠨᠢᠭᠡᠴᠢ ᠪᠥᠬᠦ᠌ ᠣᠷᠣᠨ᠎ᠤ ᠬᠥᠬᠢᠭᠦᠯᠦᠯ᠎ᠢ ᠣᠯᠵᠤ᠂ 3 ᠭᠠᠵᠠᠷ ᠣᠷᠣᠨ ᠪᠠ ᠨᠢᠭᠡᠴᠢ ᠪᠥᠬᠦ᠌ ᠤᠯᠤᠰ᠎ᠤᠨ ᠵᠢᠱ᠌ᠢᠶ᠎ᠡ ᠦᠵᠡᠭᠦᠯᠬᠦ᠌ ᠭᠠᠵᠠᠷ ᠤᠷᠤᠨ  ᠵᠢᠱ᠌ᠢᠶ᠎ᠡ ᠦᠵᠡᠭᠦᠯᠬᠦ᠌ ᠨᠢᠭᠡᠴᠢ ᠪᠡᠷ ᠦᠨᠡᠯᠡᠭᠳᠡᠵᠦ᠍᠂ 31 ᠭᠠᠵᠠᠷ ᠣᠷᠣᠨ ᠪᠠ ᠨᠢᠭᠡᠴᠢ ᠪᠥᠬᠦ᠌ ᠣᠷᠣᠨ᠎ᠤ ᠵᠢᠱ᠌ᠢᠶ᠎ᠡ ᠦᠵᠡᠭᠦᠯᠬᠦ᠌ ᠭᠠᠵᠠᠷ ᠤᠷᠤᠨ ᠵᠢᠱ᠌ᠢᠶ᠎ᠡ ᠦᠵᠡᠭᠦᠯᠬᠦ᠌ ᠨᠢᠭᠡᠴᠢ᠎ᠪᠡᠷ ᠴᠤᠯᠠᠯᠠᠭᠳᠠᠵᠤ᠂ ᠦᠨᠳᠦᠰᠦᠲᠡᠨ᠎ᠦ ᠪᠦᠯᠬᠦᠮᠳᠡᠯ᠎ᠲᠠᠪᠰᠢᠯᠳᠠ ᠵᠢᠨ ᠦᠷ᠎ᠡ ᠵᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠡᠳᠭᠢᠯ᠎ᠳᠦ ᠦᠨᠳᠦᠰᠦᠯᠡᠬᠦᠯᠤᠨ ᠴᠡᠴᠡᠭᠯᠡᠬᠦᠯᠪᠠ᠃

ᠦᠨᠳᠦᠰᠦᠨ ᠱᠠᠲᠤᠨ᠎ᠤ ᠵᠠᠰᠠᠯᠲᠠ ᠵᠢᠨ 《ᠢᠵᠢᠯ ᠲᠥᠪᠲᠦ ᠲᠣᠭᠣᠷᠢᠭ》 ᠢ᠋ ᠵᠢᠷᠤᠬᠯᠠᠨ᠎ᠠ

《ᠡᠵᠢ ᠡ᠂ ᠲᠩᠷᠢ ᠬᠦᠢᠲᠡᠷᠡᠯ᠎ᠠ᠂ ᠪᠡᠶ᠎ᠡ᠎ᠪᠡᠨ ᠰᠠᠢᠨ ᠭᠠᠮᠨᠠᠭᠠᠷᠠᠢ᠂ ᠡᠨᠡ ᠤᠳᠠᠭ᠎ᠠ ᠲᠠᠨ ᠳ᠋ᠤ ᠥᠨᠳᠡᠭᠡ ᠪᠣᠯᠤᠨ ᠨᠠᠷᠢᠮᠤ ᠠᠪᠴᠢᠷᠠᠵᠤ ᠦᠭᠬᠦᠭᠰᠡᠨ ᠰᠢᠦ᠂ ᠦᠭᠡᠷ᠎ᠡ ᠶᠠᠮᠠᠷ ᠶᠠᠪᠤᠳᠠᠯ ᠲᠠᠢ ᠪᠣᠯ ᠨᠠᠳᠠ᠎ᠳᠤ ᠤᠲᠠᠰᠤᠳᠠᠭᠠᠷᠠᠢ!》 ᠷᠠᠱᠢᠶᠠᠨ ᠬᠣᠲᠠ᠎ᠶ᠋ᠢᠨ ᠯᠢᠨ ᠬᠠᠶ ᠵᠡᠭᠡᠯᠢ᠎ᠶ᠋ᠢᠨ 《ᠤᠯᠠᠭᠠᠨ ᠠᠨᠠᠷ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ》 ᠶ᠋ᠢᠨ ᠭᠡᠱᠢᠭᠦᠨ ᠶᠠᠩ ᠮᠸᠩ ᠬᠦᠶ᠋ᠲᠡᠨ ᠰᠠᠯᠬᠢ᠎ᠰᠢᠭᠤᠷᠭ᠎ᠠ ᠵᠢ ᠦᠯᠦ ᠬᠠᠢᠬᠤᠷᠤᠨ᠂ ᠭᠤᠤᠨᠢ ᠭᠠᠭ᠍ᠴᠠᠭᠠᠷ ᠰᠠᠭᠤᠭ᠎ᠠ ᠨᠠᠰᠤᠲᠠᠨ ᠵᠠᠩ ᠬᠦᠶ ᠶᠢᠩ᠎ᠦᠨ ᠬᠡᠷ᠎ᠲᠦ ᠢᠷᠡᠵᠦ᠂ ᠲᠡᠭᠦᠨ᠎ᠦ ᠪᠡᠶ᠎ᠡ ᠮᠠᠬᠠᠪᠣᠳ᠎ᠤᠨ ᠪᠠᠢᠳᠠᠯ ᠪᠠ ᠠᠮᠢᠳᠤᠷᠠᠯ᠎ᠤᠨ ᠬᠡᠷᠡᠭ᠌ᠴᠡᠭᠡ᠎ᠶ᠋ᠢ ᠨᠠᠷᠢᠨ ᠠᠰᠠᠭᠤᠵᠤ ᠭᠠᠷᠤᠯ᠎ᠠ᠂ ᠬᠠᠯᠠᠭᠤᠨ ᠳᠤᠯᠠᠭᠠᠨ ᠬᠠᠢᠷ᠎ᠠ ᠬᠠᠯᠠᠮᠵᠢ᠎ᠨᠢ ᠨᠠᠰᠤᠳᠠᠨ᠎ᠤ ᠰᠡᠳᠬᠢᠯ᠎ᠢ ᠲᠤᠯᠠᠭᠠᠴᠠᠭᠤᠯᠤᠨ᠎ᠠ᠃

ᠦᠨᠳᠦᠰᠦᠲᠡᠨ᠎ᠦ ᠪᠦᠯᠬᠦᠮᠳᠡᠯ᠎ᠦᠨ ᠦᠷ᠎ᠡ ᠪᠦᠲᠦᠭᠡᠯ᠎ᠢ ᠪᠡᠬᠢᠵᠢᠭᠦᠯᠬᠦ᠌᠎ᠶ᠋ᠢᠨ ᠲᠥᠯᠥᠭᠡ ᠬᠢᠩᠭᠠᠨ ᠠᠢᠮᠠᠭ ᠦᠨᠳᠦᠰᠦᠨ ᠱᠠᠲᠤᠨ᠎ᠤ ᠵᠠᠰᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠤᠮᠠᠷᠠᠲᠤ ᠬᠢᠯᠢ᠎ᠶ᠋ᠢᠨ ᠹᠧᠩ ᠴᠢᠶᠤᠤ·ᠬᠢᠩᠭᠠᠨ᠎ᠤ ᠵᠠᠰᠠᠯᠳᠠ》 ᠲᠥᠷᠥᠯ ᠲᠡᠮᠳᠡᠭ᠎ᠢ ᠡᠭᠦᠳᠴᠦ᠍᠂ 《1 + 5 + N》 ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠵᠤ᠂ 《ᠠᠨᠠᠷ᠎ᠤᠨ ᠦᠷ᠎ᠡ》 ᠴᠠᠭ᠍ᠳᠠᠭᠠᠨ᠎ᠤ ᠶᠠᠪᠤᠳᠠᠯ᠎ᠤᠨ ᠥᠷᠲᠡᠭᠡ᠂ 《ᠮᠣᠩᠭᠣᠯ ᠬᠡᠷ》 ᠤ᠋ᠨ ᠡᠶᠡᠳᠡᠭᠦᠯᠭᠡ ᠵᠢᠨ ᠲᠠᠰᠤᠭ ᠵᠡᠷᠭᠡ ᠤᠨᠴᠠᠯᠢᠬ᠍ᠳᠤ ᠠᠴᠢᠶᠠᠯᠠᠪᠤᠷᠢ ᠳ᠋ᠤ ᠲᠦᠰᠢᠭᠯᠡᠨ᠂ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠶ᠋ᠴᠡᠳᠭᠡᠬᠦ᠌᠎ᠶ᠋ᠢ ᠥᠷᠨᠢᠭᠦᠯᠵᠦ᠍᠂ ᠵᠥᠷᠢᠴᠡᠯ ᠵᠢᠭᠤᠷᠠᠯᠳᠤᠭᠠᠨ᠎ᠢ ᠦᠨᠳᠦᠰᠦᠨ ᠱᠠᠲᠤᠨ᠎ᠳᠤ ᠪᠦᠳᠦᠮᠵᠢᠳᠠᠢ ᠰᠢᠢᠳᠪᠤᠷᠢᠯᠡᠪᠠ᠃ ᠬᠢᠯᠢ᠎ᠶ᠋ᠢᠨ ᠬᠠᠮᠠᠭᠠᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠦᠷᠢᠶᠡᠨ᠎ᠳᠦ᠂ 《ᠳᠥᠷᠪᠡᠨ ᠲᠠᠯ᠎ᠠ᠎ᠶ᠋ᠢᠨ ᠢᠨᠵᠧᠨᠧᠷᠢᠩ》 ᠢ᠋  ᠭᠤᠤᠯᠳᠠᠯᠭ᠎ᠠ ᠲᠠᠢ ᠬᠡᠷᠡᠭ᠌ᠵᠢᠭᠦᠯᠵᠦ᠍᠂ 87《ᠲᠡᠷᠢᠭᠦᠨ ᠵᠡᠷᠭᠡ᠎ᠶ᠋ᠢᠨ ᠬᠢᠯᠢ᠎ᠶ᠋ᠢᠨ ᠬᠠᠮᠠᠭᠠᠯᠠᠯᠲᠠ᠎ᠶ᠋ᠢᠨ ᠱᠤᠭᠤᠮ》 ᠤ᠋ᠨ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠪᠠᠢᠭᠤᠯᠤᠨ ᠳᠠᠭᠤᠰᠭᠠᠵᠤ ᠠᠱᠢᠭ᠍ᠯᠠᠯᠲᠠ᠎ᠳᠤ ᠣᠷᠣᠭᠤᠯᠤᠨ᠂ 《ᠬᠢᠯᠢ ᠬᠢᠵᠠᠭᠠᠷ ᠣᠷᠣᠨ᠎ᠤ ᠮᠠᠯᠴᠢᠨ ᠡᠷᠦᠬᠡ᠎ᠳᠦ ᠤᠯᠤᠰ᠎ᠤᠨ ᠲᠣᠭ ᠮᠠᠨᠳᠤᠭᠤᠯᠬᠤ》《ᠴᠡᠷᠢᠭ ᠠᠷᠠᠳ ᠬᠠᠮᠲᠤ᠎ᠪᠠᠷ ᠬᠢᠯᠢ ᠬᠢᠵᠠᠭᠠᠷ᠎ᠢ ᠰᠠᠬᠢᠨ ᠬᠠᠮᠠᠭᠠᠯᠠᠬᠤ》 ᠵᠡᠷᠭᠡ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠴᠡᠷᠢᠭ ᠠᠷᠠᠳ ᠰᠡᠳᠭᠢᠯ ᠨᠢᠭᠡᠳᠦᠨ ᠬᠡᠷ ᠣᠷᠣᠨ᠎ᠢᠶᠠᠨ ᠰᠠᠬᠢᠨ ᠬᠠᠮᠠᠭᠠᠯᠠᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢᠨ 《ᠢᠵᠢᠯ ᠲᠥᠪᠲᠦ ᠲᠣᠭᠣᠷᠢᠭ》 ᠎ᠢ᠋ ᠵᠢᠷᠤᠭᠯᠠᠨ᠎ᠠ᠃

ᠬᠢᠩᠭᠠᠨ ᠠᠢᠮᠠᠭ 《ᠭᠤᠷᠪᠠᠨ ᠵᠦᠶ᠋ᠯ᠎ᠦᠨ ᠲᠥᠯᠥᠪᠯᠡᠭᠡ》 ᠶ᠋ᠢ ᠭᠦᠨᠵᠡᠭᠡᠶ ᠬᠡᠷᠡᠭ᠌ᠵᠢᠭᠦᠯᠵᠦ᠍᠂ 10 ᠭᠠᠷᠤᠶ ᠭᠠᠵᠠᠷ ᠣᠷᠣᠨ᠎ᠲᠠᠶ 305 ᠲᠠᠯᠠᠪᠠᠶ ᠬᠤᠤᠰ ᠴᠢᠭ᠌ᠯᠡᠯᠲᠦ ᠰᠣᠯᠢᠯᠴᠠᠭᠠᠨ᠎ᠤ ᠠᠵᠢᠯᠯᠠᠭ᠎ᠠ ᠥᠷᠨᠢᠭᠦᠯᠵᠦ᠍᠂ 《ᠲᠠᠯ᠎ᠠ ᠨᠤᠲᠤᠭ ᠪᠡᠭᠡᠵᠢᠩ ᠬᠤᠳᠠ᠎ᠲᠡᠶ ᠵᠠᠯᠭᠠᠯᠳᠤᠨ᠎ᠠ》 ᠵᠡᠷᠭᠡ ᠥᠪᠡᠷᠮᠢᠴᠡ ᠣᠨᠴᠠᠯᠢᠭ ᠪᠥᠬᠥᠶ ᠲᠦᠷᠦᠯ ᠲᠡᠮᠳᠡᠭ᠎ᠢ ᠡᠭᠦᠳᠦᠭ᠌ᠰᠡᠨ ᠪᠥᠭᠡᠳ ᠪᠥᠬᠥ᠌ ᠤᠯᠤᠰ᠎ᠤᠨ ᠠᠩᠬᠠᠳᠠᠭ᠍ᠴᠢ ᠪᠦᠯᠦᠭ᠎ᠤᠨ ᠵᠢᠭᠤᠯᠴᠢᠯᠠᠯ᠎ᠢᠶᠡᠷ ᠦᠨᠳᠦᠰᠤᠳᠡᠨ ᠨᠤᠬᠦᠳ᠎ᠦᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠤᠷᠰᠢᠯᠳᠠ ᠵᠢᠨ ᠴᠡᠭ᠎ᠢᠶᠡᠷ ᠲᠤᠭᠳᠠᠭᠠᠭᠳᠠᠵᠤ᠂ ᠰᠤᠶᠤᠯ ᠵᠢᠭᠤᠯᠴᠢᠯᠠᠯ᠎ᠢᠶᠡᠷ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠪᠠ ᠦᠨᠳᠦᠰᠤᠳᠡᠨ ᠨᠤᠬᠦᠳ᠎ᠦᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠤᠤᠰ ᠦᠷ᠎ᠠ ᠠᠰᠢᠭ᠎ᠢ ᠡᠬᠦᠳᠦᠨ᠎ᠠ᠃

ᠬᠤᠪᠢᠰᠭᠠᠯ᠎ᠤᠨ ᠬᠠᠯᠠᠭᠤᠨ ᠬᠥᠷᠥᠰᠥᠨ ᠳᠡᠭᠡᠷ᠎ᠡ ᠬᠢᠨᠭᠭᠠᠨ ᠠᠢᠮᠠᠭ᠎ᠦᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠡᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠵᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠵᠦ᠍᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠵᠤ᠂ ᠦᠨᠳᠦᠰᠤᠳᠡᠨ ᠪᠦᠯᠬᠦᠮᠳᠡᠭᠰᠡᠨ᠂ ᠬᠢᠯᠢ ᠬᠢᠵᠠᠭᠠᠷ ᠠᠮᠤᠷ ᠲᠤᠭᠳᠠᠭᠤᠨ᠂ ᠨᠡᠢᠭᠡᠮ ᠡᠶ᠎ᠡ ᠵᠤᠬᠢᠴᠠᠨᠭᠭᠤᠢ᠂ ᠤᠯᠠᠨ ᠲᠦᠮᠠᠨ ᠠᠵᠠ ᠵᠢᠷᠭᠠᠯ ᠲᠠᠢ ᠪᠠᠢᠬᠤ ᠪᠦᠯᠬᠦᠮᠳᠡᠯ᠎ᠲᠠᠪᠰᠢᠯᠳᠠ ᠵᠢᠨ ᠭᠡᠷᠡᠯ ᠰᠠᠴᠤᠷᠠᠩᠭᠤᠢ ᠢᠷᠠᠭᠤ ᠬᠠᠭᠤᠳᠠᠰᠤ᠎ᠶ᠋ᠢ ᠦᠷᠬᠦᠯᠵᠢᠯᠡᠨ ᠪᠢᠴᠢᠭ᠌ᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号