ᠡᠶ᠎ᠡ ᠵᠣᠬᠢᠴᠠᠩᠭᠤᠢ ᠨᠡᠢᠭᠡᠮ ᠲᠣᠭᠣᠷᠢᠭ ᠵᠤᠯ ᠵᠢᠷᠭᠠᠯᠲᠤ ᠭᠡᠷ ᠤᠷᠤᠨ
2026-01-28 11:16:49
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

 ᠬᠦᠬᠡᠬᠤᠳᠠ ᠵᠢᠨ ᠢᠦᠢᠴᠢᠤᠸᠠᠨ ᠲᠣᠭᠣᠷᠢᠭ᠎ᠤᠨ ᠱᠢᠩ ᠯᠦᠩ ᠱᠢᠶᠠᠩ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠴᠢᠩ ᠴᠢᠤᠸᠠᠨ ᠵᠡᠭᠡᠯᠢ ᠨᠡᠢᠭᠡᠮ ᠲᠣᠭᠣᠷᠢᠭ ᠪᠤᠯ 3624 ᠡᠷᠦᠬᠡ᠂ 7200 ᠭᠠᠷᠤᠢ ᠰᠠᠭᠤᠭᠠᠯᠢ ᠠᠷᠠᠳ ᠲᠠᠢ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠨᠡᠢᠭᠡᠮ ᠲᠣᠭᠣᠷᠢᠭ ᠪᠣᠯᠤᠨ᠎ᠠ᠃ ᠤᠢ᠍ᠢᠷ᠎ᠠ᠎ᠶ᠋ᠢᠨ ᠵᠢᠯ᠎ᠡᠴᠡ᠂ ᠨᠡᠢᠭᠡᠮ ᠲᠣᠭᠣᠷᠢᠭ᠎ᠤᠨ ᠨᠠᠮ᠎ᠤᠨ ᠬᠣᠷᠢᠢ᠎ᠠ ᠨᠠᠮ᠎ᠤᠨ ᠪᠠᠢᠭᠤᠯᠤᠯᠲᠠ᠎ᠪᠠᠷ ᠬᠦᠳᠦᠯᠥᠨ ᠳᠠᠭᠠᠭᠤᠯᠬᠤ᠂ ᠤᠯᠠᠨ ᠡᠱᠢᠵᠢᠬᠦᠯᠦᠨ ᠠᠭᠤᠰᠤᠯᠴᠠᠭᠤᠯᠬᠤ ᠬᠤᠳᠠ᠎ᠶ᠋ᠢᠨ ᠦᠨᠳᠦᠰᠦᠲᠡᠨ᠎ᠦ ᠠᠵᠢᠯ᠎ᠤᠨ ᠵᠠᠭ᠍ᠪᠤᠷ᠎ᠢ ᠢᠳᠡᠪᠬᠢᠲᠡᠢ ᠰᠦᠪᠡᠭ᠌ᠴᠢᠯᠡᠵᠦ᠍᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ 《ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ》 ᠶ᠋ᠢᠨ ᠢᠷᠠᠭᠤ ᠠᠯᠳᠠᠷ᠎ᠢ ᠭᠥᠷᠳᠡᠵᠦ ᠦᠩᠭᠡᠷᠡᠵᠡᠢ᠃

ᠰᠠᠭᠤᠷᠢ ᠲᠦᠬᠦᠭᠡᠷᠤᠮᠵᠢ ᠪᠣᠯᠤᠨ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠬᠦᠭᠡᠷᠤᠮᠵᠢ᠎ᠶ᠋ᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠵᠦ᠍᠂ ᠰᠣᠶᠣᠯ᠎ᠤᠨ ᠤᠷᠲᠤ ᠬᠣᠩᠭᠢᠯ᠂ ᠤᠯᠠᠭᠠᠨ ᠠᠨᠠᠷ᠎ᠤᠨ ᠮᠤᠬᠤᠯᠠᠭ᠂ ᠰᠠᠭᠤᠭᠠᠯᠢ ᠠᠷᠠᠳ᠎ᠤᠨ ᠠᠵᠢᠯᠯᠠᠭᠠᠨ᠎ᠤ ᠠᠭᠤᠳᠠᠮ ᠲᠠᠯᠠᠪᠠᠶ ᠵᠡᠷᠭᠡ ᠵᠢ ᠨᠢᠭᠡ ᠴᠣᠭ᠍ᠴᠠᠵᠢᠭᠤᠯᠤᠭ᠍ᠰᠠᠨ ᠬᠠᠷᠢᠯᠴᠠᠨ ᠦᠢᠯᠡᠳᠦᠯᠴᠡᠬᠦ ᠲᠠᠯᠠᠪᠤᠷ᠎ᠢ ᠪᠠᠢᠭᠤᠯᠵᠤ᠂ ᠪᠣᠯᠪᠠᠰᠤᠨ ᠡᠶ᠎ᠡ ᠵᠣᠬᠢᠴᠠᠩᠭᠤᠢ ᠬᠥᠷᠰᠢ ᠵᠡᠷᠭᠡᠯᠡᠳᠡᠭᠡ᠎ᠶ᠋ᠢᠨ ᠬᠠᠷᠢᠴᠠᠭ᠎ᠠ᠎ᠶ᠋ᠢ ᠠᠬᠢᠭᠤᠯᠪᠠ᠃ ᠨᠡᠢᠭᠡᠮ ᠲᠣᠭᠣᠷᠢᠭ᠎ᠤᠨ ᠨᠠᠮ᠎ᠤᠨ ᠬᠡᠰᠢᠬᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠲᠦ ᠲᠦᠱᠢᠭ᠌ᠯᠡᠨ᠂ ᠤᠨᠤᠯ᠎ᠤᠨ ᠤᠬᠠᠭᠤᠯᠤᠨ ᠲᠠᠢᠯᠪᠤᠷᠢᠯᠠᠬᠤ ᠲᠠᠰᠤᠭ᠂ ᠡᠮᠡᠭ᠌ᠲᠡᠢᠴᠦᠳ ᠬᠡᠦᠬᠡᠳ᠎ᠦᠨ ᠭᠡᠷ᠂ ᠰᠠᠢ᠌ᠨ ᠬᠥᠷᠰᠢ ᠵᠡᠷᠭᠡᠯᠡᠳᠡᠭᠡ᠎ᠶ᠋ᠢᠨ ᠬᠡᠷᠡᠭ ᠵᠥᠪᠯᠡᠬᠦ᠌ ᠲᠢᠩᠬᠢᠮ᠂ ᠤᠯᠠᠭᠠᠨ ᠠᠨᠠᠷ᠎ᠤᠨ ᠦᠷᠳᠡᠬᠡ᠂ ᠶᠣᠰᠣ ᠶᠠᠷᠢᠬᠤ ᠲᠠᠩᠬᠢᠮ ᠵᠡᠷᠭᠡ 9 ᠴᠢᠳᠠᠪᠬᠢᠳᠤ ᠲᠠᠰᠤᠭ᠎ᠢ ᠪᠠᠢᠭᠤᠯᠵᠤ᠂ ᠵᠢᠯ ᠪᠦᠷᠢ 200 ᠭᠠᠷᠤᠢ ᠤᠳᠠᠭ᠎ᠠ ᠠᠵᠢᠯᠯᠠᠭ᠎ᠠ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠬᠠᠢᠷ᠎ᠠ ᠰᠡᠳᠭᠢᠯᠭᠡ᠎ᠵᠢ ᠵᠤᠵᠠᠭᠠᠳᠭᠠᠵᠠᠢ᠃

 ᠤᠯᠠᠭᠠᠨᠮᠥ᠋ᠴᠢᠷ᠎ᠦᠨ ᠱᠢᠯᠢᠳᠡᠭ ᠤᠯᠠᠮᠵᠢᠯᠠᠯ᠎ᠢ ᠶᠡᠬᠡ᠎ᠪᠡᠷ ᠪᠠᠳᠠᠷᠠᠭᠤᠯᠵᠤ᠂ ᠡᠵᠢ ᠪᠥᠵᠢᠭ᠎ᠦᠨ ᠠᠩᠬᠢ᠂ ᠨᠠᠢᠷᠠᠯ ᠳᠠᠭᠤᠤ᠎ᠶ᠋ᠢᠨ ᠪᠦᠯᠬᠦᠮ᠂ ᠮᠣᠳᠧᠯ᠎ᠦᠨ ᠠᠩᠭᠢ᠂ ᠱᠠᠨ ᠰᠢ ᠵᠦᠴᠦᠭᠡ᠎ᠶ᠋ᠢᠨ ᠪᠦᠯᠬᠦᠮ᠂ ᠡᠯ ᠷᠧᠨ᠎ᠲᠡᠶ ᠵᠦᠴᠦᠭᠡ᠂ ᠶᠠᠩᠭᠠᠷ ᠪᠥᠵᠢᠭ᠎ᠦᠨ ᠠᠩᠭᠢ ᠵᠡᠷᠭᠡ 200 ᠭᠠᠷᠤᠶ ᠬᠥᠮᠦᠨ᠎ᠦ ᠤᠷᠠᠨ ᠰᠠᠢᠬᠠᠨ᠎ᠤ ᠤᠬᠠᠭᠤᠯᠭ᠎ᠠ᠎ᠶ᠋ᠢᠨ ᠡᠩᠨᠡᠭᠡ᠎ᠶ᠋ᠢ ᠵᠣᠬᠢᠶᠠᠨ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠨᠡᠢᠭᠡᠮ ᠲᠣᠭᠣᠷᠢᠭ᠎ᠤᠨ ᠬᠠᠮᠲᠤ᠎ᠶ᠋ᠢᠨ ᠠᠵᠢᠯᠯᠠᠭ᠎ᠠ᠎ᠳᠤ ᠣᠷᠣᠯᠴᠠᠬᠤ᠎ᠶ᠋ᠢ ᠢᠳᠡᠪᠬᠢᠲᠡᠶ ᠲᠠᠢᠴᠢᠯᠡᠪᠠ; ᠬᠤᠪᠢᠰᠭᠠᠯ᠎ᠤᠨ ᠭᠤᠤᠯ ᠰᠡᠳᠦᠪ ᠪᠣᠯᠤᠨ ᠤᠯᠠᠮᠵᠢᠯᠠᠯᠲᠤ ᠰᠣᠶᠣᠯ᠎ᠢ ᠤᠶᠠᠯᠳᠤᠭᠤᠯᠵᠤ᠂ 《ᠳᠣᠯᠣᠭᠠᠨ ᠰᠠᠷ᠎ᠠ᠎ᠶ᠋ᠢᠨ ᠨᠢᠭᠡᠨ᠎ᠢ  ᠪᠠᠶᠠᠷᠯᠠᠨ ᠤᠭ᠍ᠲᠤᠵᠤ᠂ ᠨᠠᠮ᠎ᠤᠨ ᠮᠡᠨᠳᠦᠯᠡᠭ᠌ᠰᠡᠨ ᠡᠳᠦᠷ᠎ᠢ ᠬᠠᠮᠲᠤ᠎ᠪᠠᠷ ᠪᠡᠯᠭᠡᠯᠡᠶ᠎ᠡ》᠂ 《ᠤᠯᠤᠰ ᠪᠠᠢᠭᠤᠯᠤᠭ᠍ᠳᠠᠭ᠍ᠰᠠᠨ ᠪᠠᠶᠠᠷ》 ᠵᠡᠷᠭᠡ ᠲᠣᠮᠣ ᠬᠡᠯᠪᠡᠷᠢ᠎ᠶ᠋ᠢᠨ ᠤᠷᠠᠨ ᠰᠠᠢᠬᠠᠨ᠎ᠤ ᠲᠣᠭ᠍ᠯᠠᠯᠲᠠ ᠵᠢ 10 ᠭᠠᠷᠤᠢ ᠤᠳᠠᠭ᠎ᠠ ᠵᠤᠬᠢᠶᠠᠨ ᠪᠠᠢᠭᠤᠯᠤᠨ ᠦᠷᠨᠢᠬᠦᠯᠪᠠ; ᠴᠠᠭᠠᠰᠤᠨ ᠬᠠᠢᠴᠢᠯᠠᠮᠠᠯ᠎ᠤᠨ ᠤᠷᠠᠯᠢᠭ᠎ᠢᠶᠠᠷ ᠠᠴᠢᠶᠠᠯᠠᠪᠤᠷᠢ ᠪᠣᠯᠭᠠᠵᠤ᠂ 《ᠰᠠᠢᠨ ᠪᠠᠢᠯᠳᠤᠭ᠍ᠴᠢ ᠯᠸᠢ ᠹᠸᠩ》᠂ 《ᠲᠤᠮᠳᠠᠳᠤ ᠵᠢᠨ ᠦᠨᠳᠦᠰᠦᠲᠡᠨ ᠨᠢᠭᠡ ᠬᠡᠷ ᠮᠡᠳᠤ ᠲᠤᠳᠤᠨᠤ》 ᠵᠡᠷᠭᠡ ᠡᠯ᠎ᠡ ᠲᠥᠷᠥᠯ᠎ᠦᠨ ᠴᠠᠭᠠᠰᠤᠨ ᠬᠠᠢᠴᠢᠯᠠᠮᠠᠯ᠎ᠤᠨ ᠪᠦᠲᠦᠭᠡᠯ᠎ᠢ ᠤᠷᠠᠯᠠᠨ ᠵᠤᠬᠢᠶᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠪᠠ᠃

 ᠤᠯᠠᠭᠠᠨ ᠠᠨᠠᠷ᠎ᠤᠨ ᠤᠯᠠᠭ᠎ᠠ ᠥᠷᠲᠡᠭᠡ᠎ᠶ᠋ᠢ ᠪᠠᠢᠭᠤᠯᠵᠤ᠂ ᠨᠡᠭᠦᠳᠡᠯ ᠬᠥᠮᠦᠨ ᠠᠮᠠ᠎ᠶ᠋ᠢᠨ ᠡᠬᠡ ᠲᠠᠩᠰᠠ᠎ᠶ᠋ᠢ ᠪᠠᠢᠭᠤᠯᠤᠨ᠂ ᠦᠢᠯᠡᠰ ᠪᠤᠰᠬᠠᠵᠤ ᠠᠵᠢᠯ ᠣᠯᠭᠣᠬᠤ᠂ ᠬᠦᠴᠢᠷᠳᠡᠯᠳᠠᠢ ᠬᠦᠮᠤᠰ᠎ᠢ ᠠᠪᠤᠷᠠᠨ ᠲᠤᠰᠠᠯᠠᠬᠤ᠂ ᠲᠥᠷᠥ᠎ᠶ᠋ᠢᠨ ᠪᠣᠳᠣᠯᠭ᠎ᠠ᠎ᠶ᠋ᠢᠨ ᠵᠥᠪᠯᠡᠯᠭᠡ ᠥᠭ᠌ᠬᠦ᠂ ᠬᠠᠤᠯᠢ ᠴᠠᠭᠠᠵᠠ᠎ᠶ᠋ᠢᠨ ᠲᠤᠰᠠᠯᠠᠮᠵᠢ ᠦᠵᠡᠭᠦᠯᠬᠦ᠌ ᠵᠡᠷᠭᠡ ᠲᠠᠯ᠎ᠠ᠎ᠪᠠᠷ《ᠨᠢᠭᠡ ᠥᠷᠲᠡᠭᠡᠴᠢᠯᠡᠭᠰᠡᠨ ᠬᠡᠯᠪᠡᠷᠢ》 ᠵᠢᠨ ᠦᠶ᠋ᠯᠡᠴᠢᠯᠡᠭᠡ ᠬᠠᠩᠭᠠᠪᠠ; 《ᠹᠸᠩᠴᠢᠶᠣᠤ᠎ᠶ᠋ᠢᠨ ᠲᠤᠷᠱᠢᠯᠭ᠎ᠠ + ᠦᠨᠳᠦᠰᠦᠲᠡᠨ᠎ᠦ ᠪᠦᠯᠬᠦᠮᠳᠡᠯ》 ᠦ᠋ᠨ ᠠᠵᠢᠯ᠎ᠤᠨ ᠬᠠᠤᠯᠢ᠎ᠶ᠋ᠢ  ᠬᠡᠷᠡᠭ᠌ᠵᠢᠭᠦᠯᠵᠦ᠍᠂ ᠪᠦᠬᠦ᠌ ᠤᠯᠤᠰ᠎ᠤᠨ ᠠᠩᠬᠠᠳᠠᠭ᠍ᠴᠢ ᠨᠡᠢᠭᠡᠮ ᠲᠣᠭᠣᠷᠢᠭ᠎ᠤᠨ ᠬᠠᠤᠯᠢ᠎ᠶ᠋ᠢᠨ ᠶᠠᠪᠤᠳᠠᠯ᠎ᠤᠨ ᠲᠠᠰᠤᠭ᠎ᠢ ᠪᠠᠢᠭᠤᠯᠵᠤ᠂ ᠵᠡᠭᠡᠯᠢ ᠭᠤᠳᠤᠮᠵᠢ᠎ᠶ᠋ᠢᠨ ᠶᠡᠷᠦᠩᠬᠡᠢᠯᠡᠨ ᠵᠠᠰᠠᠬᠤ ᠲᠥᠪ᠂ ᠲᠣᠮᠢᠯᠠᠭ᠍ᠰᠠᠨ ᠰᠠᠯᠪᠤᠷᠢ᠂ ᠬᠠᠤᠯᠢ ᠪᠠᠷᠢᠬᠤ ᠭᠠᠵᠠᠷ᠂ ᠲᠣᠭᠣᠷᠢᠭ᠎ᠲᠤ ᠰᠠᠭᠤᠭ᠎ᠠ ᠬᠠᠤᠯᠢᠴᠢ ᠵᠡᠷᠭᠡ ᠡᠬᠢ ᠪᠠᠶᠠᠯᠢᠭ᠎ᠢ ᠨᠡᠢᠳᠭᠡᠵᠦ᠍᠂ ᠵᠠᠷᠭᠤ᠎ᠶ᠋ᠢ ᠬᠦᠯᠢᠶᠡᠨ ᠠᠪᠤᠪᠠᠯ ᠲᠡᠷᠡ ᠳᠠᠷᠤᠢ᠎ᠳᠤᠨᠢ ᠱᠢᠢᠳᠪᠦᠷᠢᠯᠡᠬᠦ ᠵᠢ ᠬᠡᠷᠡᠭᠵᠢᠬᠦᠯᠵᠦ᠂ ᠤᠢᠷ᠎ᠠ ᠵᠢᠨ ᠵᠢᠯ᠎ᠤᠳ ᠲᠸ᠋ ᠬᠥᠷᠰᠢ ᠵᠡᠷᠭᠡᠯᠡᠳᠡᠭᠡ᠎ᠶ᠋ᠢᠨ ᠵᠠᠭᠤᠷᠠᠯᠳᠤᠭᠠᠨ᠂ ᠭᠡᠷ ᠪᠦᠯᠢ᠎ᠶ᠋ᠢᠨ ᠵᠠᠭᠤᠷᠠᠯᠳᠤᠭᠠᠨ ᠵᠡᠷᠭᠡ 3000 ᠭᠠᠷᠤᠢ ᠵᠥᠷᠢᠴᠡᠯ ᠵᠠᠭᠤᠷᠠᠯᠳᠤᠭᠠᠨ᠎ᠢ ᠪᠦᠳᠦᠮᠵᠢᠳᠠᠢ ᠱᠢᠢᠳᠪᠦᠷᠢᠯᠡᠪᠡ; 1200 ᠭᠠᠷᠤᠶ ᠰᠠᠢᠨ ᠲᠤᠷᠠᠴᠤᠳ᠎ᠢᠶᠠᠷ ᠪᠦᠷᠢᠯᠳᠦᠭ᠌ᠰᠡᠨ 《ᠳᠣᠯᠣᠭᠠᠨ ᠥᠩᠭᠡᠲᠦ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ》 ᠶ᠋ᠢ ᠵᠣᠬᠢᠶᠠᠨ ᠪᠠᠢᠭᠤᠯᠵᠤ᠂ ᠵᠢᠯ ᠪᠦᠷᠢ 900 ᠭᠠᠷᠤᠶ ᠬᠥᠮᠦᠨ ᠤᠳᠠᠭ᠎ᠠ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡ ᠬᠠᠨᠭᠭᠠᠬᠤ ᠵᠢᠨ ᠬᠠᠮᠳᠤ᠂ ᠨᠡᠢᠭᠡᠮ ᠲᠣᠭᠣᠷᠢᠭ᠎ᠤᠨ 《ᠲᠣᠮᠣ ᠨᠠᠮ᠎ᠤᠨ ᠬᠣᠷᠢᠶ᠎ᠠ》 ᠶ᠋ᠢᠨ 27 ᠪᠦᠷᠢᠯᠳᠦᠬᠦᠨ ᠨᠢᠭᠡᠴᠢ᠎ᠲᠡᠶ ᠬᠣᠯᠪᠣᠭᠠᠯᠠᠨ᠂ ᠵᠢᠯ ᠪᠦᠷᠢ ᠠᠷᠠᠳ᠎ᠲᠤ ᠠᠱᠢᠭ ᠬᠦᠷᠲᠡᠭᠡᠬᠦ᠌ ᠰᠠᠢᠨ ᠳᠤᠷ᠎ᠠ᠎ᠶ᠋ᠢᠨ ᠠᠵᠢᠯᠯᠠᠭ᠎ᠠ᠎ᠶ᠋ᠢ  200  ᠭᠠᠷᠤᠶ  ᠲᠠᠯᠠᠪᠠᠢ ᠥᠷᠨᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号