《ᠬᠦᠶ᠋ᠲᠡᠨ ᠡᠬᠢ ᠪᠠᠶᠠᠯᠢᠭ》 ᠎ᠪᠤᠶᠤ 《ᠬᠠᠯᠠᠭᠤᠨ ᠬᠥᠳᠡᠯᠭᠡᠬᠦ᠌ ᠡᠨᠧᠷᠭᠢ》
2026-01-28 11:18:26
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 17 ᠎ᠡᠴᠡ 18 ᠤ᠋ ᠡᠳᠦᠷ ᠪᠣᠯᠲᠠᠯ᠎ᠠ᠂ ᠰᠢᠯᠢ ᠵᠢᠨ ᠭᠤᠤᠯ ᠠᠢᠮᠠᠬ ᠤ᠋ᠨ ᠪᠠᠷᠠᠭᠤᠨ ᠦᠵᠦᠮᠦᠴᠢᠨ ᠬᠣᠱᠢᠭᠤᠨ᠎ᠤ ᠵᠢᠷ ᠤ᠋ᠨ ᠭᠤᠤᠯ ᠬᠡᠦᠬᠡᠳ᠎ᠦᠨ ᠴᠡᠴᠡᠷᠯᠢᠭ᠎ᠲᠦ ᠬᠥᠷ ᠬᠥᠭ᠌ᠵᠢᠶᠡᠨ᠎ᠢᠶᠡᠷ ᠪᠢᠯᠬᠠᠵᠤ᠂ ᠬᠡᠤᠬᠡᠳ ᠤ᠋ᠨ ᠴᠠᠰᠤᠨ ᠳᠡᠭᠡᠷᠡᠬᠢ ᠲᠤᠭᠯᠠᠭᠠᠮ ᠭᠣᠢᠳᠠ ᠰᠠᠢᠬᠠᠨ ᠶᠠᠪᠤᠭ᠍ᠳᠠᠯ᠎ᠠ᠃


QQ20260128-111059.png


ᠠᠵᠢᠯᠯᠠᠭ᠎ᠠ᠎ᠨᠢ ᠦᠨᠳᠦᠰᠦᠲᠡᠨ᠎ᠦ ᠤᠯᠠᠮᠵᠢᠯᠠᠯᠲᠤ ᠵᠠᠩ ᠦᠶ᠋ᠯᠡ᠎ᠶ᠋ᠢᠨ ᠲᠣᠭ᠍ᠯᠠᠭᠠᠮ ᠪᠣᠯᠤᠨ ᠡᠪᠦᠯ᠎ᠦᠨ ᠤᠯᠠᠷᠢᠯ᠎ᠤᠨ ᠮᠥᠰᠥ᠍ ᠴᠠᠰᠤᠨ᠎ᠤ ᠵᠤᠭ᠎ᠠ ᠴᠡᠩᠭᠡᠯ᠎ᠢ ᠭᠦᠨᠵᠡᠭᠡᠶ ᠠᠭᠤᠰᠤᠯᠴᠠᠭᠤᠯᠵᠤ᠂ ᠲᠠᠯ᠎ᠠ ᠨᠤᠲᠤᠭ᠎ᠤᠨ 《ᠬᠦᠶ᠋ᠲᠡᠨ ᠡᠬᠢ ᠪᠠᠶᠠᠯᠢᠭ》᠎ᠢ᠋ 《ᠬᠠᠯᠠᠭᠤᠨ ᠬᠥᠳᠡᠯᠭᠡᠬᠦ᠌ ᠡᠨᠧᠷᠭᠢ》 ᠪᠣᠯᠭᠠᠨ ᠬᠤᠪᠢᠷᠠᠭᠤᠯᠪᠠ᠃

ᠬᠣᠶᠠᠷ ᠡᠳᠦᠷ᠎ᠦᠨ ᠠᠵᠢᠯᠯᠠᠭ᠎ᠠ᠎ᠳ᠋ᠤ ᠴᠢᠷᠭ᠎ᠠ᠎ᠶ᠋ᠢᠨ ᠪᠤᠤᠬᠢᠶ᠎ᠠ ᠤᠷᠤᠯᠳᠤᠭᠠᠨ᠂ ᠮᠥᠰᠥᠨ ᠳᠡᠭᠡᠷᠡᠬᠢ ᠱᠠᠭ᠎ᠠ ᠵᠢᠨ ᠲᠤᠭᠯᠠᠭᠠᠮ ᠁ ᠵᠡᠷᠭᠡ ᠤᠯᠠᠮᠵᠢᠯᠠᠯᠲᠤ ᠵᠠᠩ ᠦᠢᠯᠡ᠎ᠶ᠋ᠢᠨ ᠨᠠᠭᠠᠳᠤᠮ᠎ᠢ ᠡᠭᠡᠯᠵᠢᠯᠡᠨ ᠲᠣᠭ᠍ᠯᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠠᠳᠠᠬᠤ ᠬᠦᠴᠦᠨ᠎ᠢ ᠨᠡᠮᠡᠭᠳᠡᠬᠦᠯᠵᠡᠢ; ᠴᠠᠰᠤᠲᠤ ᠭᠠᠵᠠᠷ᠎ᠤᠨ ᠬᠠᠯᠠᠭᠤᠨ ᠲᠣᠭᠣᠭ᠎ᠠ ᠬᠠᠯᠠᠭᠤᠨ ᠠᠭᠤᠷ ᠪᠠᠭᠠᠭᠢᠵᠤ᠂ ᠣᠨᠴᠠᠯᠢᠭ᠍ᠲᠤ ᠠᠮᠲᠠᠲᠤ ᠢᠳᠡᠭᠡᠨ ᠨᠢ ᠡᠪᠦᠯ᠎ᠦᠨ ᠡᠳᠦᠷ ᠲᠸ᠋ ᠬᠠᠯᠠᠭᠤᠨ ᠳᠤᠯᠠᠭᠠᠨ ᠨᠡᠮᠡᠪᠡ᠃

《ᠪᠢ ᠠᠱᠢᠳᠠ ᠭᠡᠳᠡᠭ᠂ ᠥᠨᠥᠳᠦᠷ ᠮᠣᠷᠢ ᠤᠷᠤᠯᠳᠤᠬᠤ ᠲᠣᠭ᠍ᠯᠠᠭᠠᠮ᠂ ᠱᠠᠭ᠎ᠠ᠎ᠶ᠋ᠢᠨ ᠤᠷᠤᠯᠳᠤᠭᠠᠨ᠎ᠳᠤ ᠣᠷᠣᠯᠴᠠᠵᠤ᠂ ᠪᠢᠴᠢᠬᠠᠨ ᠨᠠᠢᠵᠠ᠎ᠨᠠᠷ᠎ᠲᠠᠶ ᠬᠠᠮᠲᠤ ᠨᠠᠭᠠᠳᠤᠭᠠᠳ ᠮᠠᠰᠢ ᠪᠠᠶᠠᠷᠲᠠᠢ ᠪᠠᠢᠨ᠎ᠠ!》 ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠬᠡᠦᠬᠡᠳ᠎ᠦᠳ ᠦᠨᠳᠦᠰᠦᠲᠡᠨ᠎ᠦ ᠬᠤᠪᠴᠠᠰᠤ ᠵᠠᠰᠠᠯ᠎ᠢᠶᠠᠨ ᠡᠮᠦᠰᠴᠦ᠍᠂ ᠴᠠᠰᠤᠨ ᠳᠤᠮᠳᠠᠭᠤᠷ ᠭᠦᠶᠦᠯᠳᠦᠨ ᠨᠠᠭᠠᠳᠴᠤ᠌᠂ ᠪᠠᠶᠠᠷ ᠬᠦᠷ᠎ᠢᠶᠡᠷ ᠪᠢᠯᠬᠠᠨ᠎ᠠ᠃ ᠭᠡᠷ᠎ᠦᠨ ᠠᠬᠠᠮᠠᠳ ᠡᠷᠳᠡᠨᠢᠴᠡᠴᠡᠭ᠄ 《ᠮᠣᠷᠢᠨ ᠲᠣᠭ᠍ᠯᠠᠭᠠᠮ᠂ ᠱᠠᠭ᠎ᠠ᠎ᠶ᠋ᠢᠨ ᠤᠷᠤᠯᠳᠤᠭᠠᠨ᠂ ᠴᠢᠷᠭ᠎ᠠ ᠵᠢᠨ ᠪᠤᠤᠬᠢᠶ᠎ᠠ ᠤᠷᠤᠯᠳᠤᠭᠠᠨ ᠵᠡᠷᠭᠡ ᠨᠢ ᠮᠠᠰᠢ ᠤᠳᠭ᠎ᠠ ᠠᠭᠤᠯᠭ᠎ᠠ᠎ᠲᠠᠶ ᠠᠵᠢᠯᠯᠠᠭ᠎ᠠ ᠪᠤᠯᠪᠠ᠂ ᠬᠡᠦᠬᠡᠳ᠎ᠦᠳ᠎ᠲᠦ ᠤᠯᠠᠮᠵᠢᠯᠠᠯᠲᠤ ᠰᠣᠶᠣᠯ᠎ᠢ ᠮᠡᠳᠡᠷᠡᠭᠦᠯᠬᠦ᠌᠎ᠶ᠋ᠢᠨ ᠬᠠᠮᠲᠤ ᠪᠠᠰᠠ ᠪᠡᠶ᠎ᠡ ᠮᠠᠬᠠᠪᠣᠳ ᠢ᠋ ᠨᠢ ᠲᠠᠪᠳᠠᠨ ᠪᠤᠯᠪᠠᠰᠤᠷᠠᠭᠤᠯᠪᠠ᠂ ᠴᠡᠴᠡᠷᠯᠢᠭ ᠪᠣᠯᠤᠨ ᠪᠠᠭ᠍ᠰᠢ᠎ᠨᠠᠷ᠎ᠤᠨ ᠰᠡᠳᠭᠢᠯ ᠲᠠᠯᠪᠢᠵᠤ ᠵᠣᠬᠢᠶᠠᠨ ᠪᠠᠢᠭᠤᠯᠤᠭ᠍ᠰᠠᠨ᠎ᠳᠤ ᠲᠠᠯᠠᠷᠬᠠᠵᠤ ᠪᠠᠢᠨ᠎ᠠ》 ᠬᠡᠵᠤ ᠪᠠᠶᠠᠷᠲᠠᠢᠬᠠᠨ ᠶᠠᠷᠢᠨ᠎ᠠ᠃


QQ20260128-111112.png


ᠣᠢᠯᠠᠭᠠᠭ᠍ᠰᠠᠨ᠎ᠢᠶᠠᠷ᠂ ᠲᠣᠰ ᠤᠳᠠᠭᠠᠨ᠎ᠤ ᠠᠵᠢᠯᠯᠠᠭ᠎ᠠ ᠪᠣᠯ ᠪᠠᠷᠠᠭᠤᠨ ᠦᠵᠦᠮᠦᠴᠢᠨ ᠬᠣᠱᠢᠭᠤᠨ᠎ᠤ ᠵᠢᠷ᠎ᠦᠨ ᠭᠤᠤᠯ ᠬᠡᠦᠬᠡᠳ᠎ᠦᠨ ᠴᠡᠴᠡᠷᠯᠢᠭ᠎ᠦᠨ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ ᠪᠠ ᠪᠠᠢᠭᠠᠯᠢ᠎ᠶ᠋ᠢᠨ ᠬᠥᠮᠦᠵᠢᠯ ᠵᠡᠷᠬᠡ ᠶ᠋ᠢ ᠤᠶᠠᠯᠳᠤᠭᠤᠯᠤᠭ᠍ᠰᠠᠨ ᠱᠢᠨ᠎ᠡ᠎ᠶ᠋ᠢ ᠡᠭᠦᠳᠬᠦ᠌ ᠦᠶ᠋ᠯᠡᠳᠦᠯᠭᠡ ᠪᠣᠯᠤᠨ᠎ᠠ᠃

ᠲᠠᠷᠠᠭᠠᠴᠢ ᠵᠢᠨ ᠠᠯᠬᠤᠮ ᠳ᠋ᠤ᠂ ᠪᠠᠷᠠᠭᠤᠨ ᠦᠵᠦᠮᠦᠴᠢᠨ ᠬᠣᠱᠢᠭᠤ ᠠᠭᠤᠰᠤᠯᠴᠠᠯ᠎ᠤᠨ ᠠᠷᠭ᠎ᠠ ᠵᠠᠮ᠎ᠢ ᠦᠷᠭᠦᠯᠵᠢᠯᠡᠨ ᠰᠦᠪᠡᠭ᠌ᠴᠢᠯᠡᠵᠦ᠍᠂ ᠣᠯᠠᠨ ᠲᠦᠮᠡᠨ᠎ᠲᠡᠶ ᠣᠢᠷᠠᠲᠤᠭ᠍ᠰᠠᠨ᠂  ᠠᠮᠢᠳᠤᠷᠠᠯ ᠲᠠᠢ ᠤᠢᠷᠠᠳᠤᠭᠰᠠᠨ ᠦᠨᠳᠦᠰᠦᠲᠡᠨ᠎ᠦ ᠵᠠᠩ ᠦᠶ᠋ᠯᠡ᠎ᠶ᠋ᠢ ᠪᠡᠶᠡᠴᠢᠯᠡᠨ ᠣᠢᠯᠠᠭᠠᠬᠤ ᠠᠵᠢᠯᠯᠠᠭ᠎ᠠ᠎ᠶ᠋ᠢ ᠪᠠᠢᠩᠭᠤ ᠦᠷᠨᠢᠬᠦᠯᠵᠦ᠂ ᠲᠤᠮᠳᠠᠳᠤ ᠵᠢᠨ ᠰᠢᠯᠢᠳᠡᠭ ᠤᠯᠠᠮᠵᠢᠯᠠᠯᠳᠤ  ᠰᠣᠶᠣᠯ᠎ᠢ ᠤᠯᠠᠮᠵᠢᠯᠠᠬᠤ ᠳᠤᠮᠳᠠ ᠰᠢᠨ᠎ᠡ ᠵᠢ ᠡᠬᠦᠳᠴᠦ᠂ ᠡᠪᠦᠯ᠎ᠦᠨ ᠤᠯᠠᠷᠢᠯ᠎ᠤᠨ ᠰᠤᠶᠤᠯ ᠵᠢᠭᠤᠯᠴᠢᠯᠠᠯ ᠳ᠋ᠤ ᠬᠦᠴᠦᠨ ᠨᠡᠮᠡᠷᠢᠯᠡᠵᠦ᠂ ᠦᠨᠳᠦᠰᠦᠳᠡᠨ᠎ᠤ ᠰᠤᠯᠢᠯᠴᠠᠭ᠎ᠠ ᠶᠠᠪᠤᠯᠴᠠᠭ᠎ᠠ ᠵᠢ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号