ᠣᠢᠷ᠎ᠠ᠎ᠳᠤ᠂ ᠱᠠᠨᠳᠦ᠋ᠩ᠎ᠤᠨ ᠬᠡᠳᠦᠨ ᠬᠥᠯᠥᠰᠥᠨ ᠠᠵᠢᠯᠴᠢᠨ ᠤᠯᠠᠭᠠᠨᠴᠠᠪ ᠬᠤᠲᠠ ᠵᠢᠨ ᠱᠠᠩᠳᠤ ᠱᠢᠶᠠᠨ᠎ᠤ ᠶᠡᠷᠦᠩᠬᠡᠢᠯᠡᠨ ᠵᠠᠰᠠᠬᠤ ᠲᠥᠪ᠎ᠲᠦ ᠬᠦᠷᠴᠦ᠍᠂ ᠲᠡᠳᠡᠨ᠎ᠤ ᠲᠤᠬᠠᠶ᠎ᠶ᠋ᠢᠨ ᠭᠠᠵᠠᠷ᠎ᠤᠨ ᠨᠢᠭᠡ ᠲᠡᠮᠦᠷ ᠦᠨ ᠬᠠᠢᠯᠤᠰᠢ ᠶ᠋ᠢᠨ ᠠᠵᠤ ᠠᠬᠤᠢᠯᠠᠯ᠎ᠤᠨ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠦᠨ ᠴᠠᠬᠢᠯᠭᠠᠨ ᠤᠲᠠᠰᠤ ᠲᠠᠲᠠᠬᠤ᠎ᠳᠤ ᠬᠡᠷᠡᠭ᠌ᠯᠡᠬᠦ᠌ ᠲᠥᠬᠥᠭᠡᠷᠦᠮᠵᠢ᠎ᠶ᠋ᠢᠨ ᠠᠵᠢᠯ ᠢ᠋ ᠡᠭᠦᠷᠭᠡᠯᠡᠨ ᠬᠢᠭᠡᠳ᠂ ᠠᠵᠢᠯ᠎ᠢᠶᠠᠨ ᠳᠠᠭᠤᠰᠭᠠᠭ᠍ᠰᠠᠨ᠎ᠤ ᠳᠠᠷᠠᠭ᠎ᠠ ᠴᠠᠯᠢᠩ ᠵᠢᠡᠨ ᠴᠠᠭ ᠲᠤᠬᠠᠶ ᠳᠤᠨᠢ ᠠᠪᠴᠤ ᠳᠡᠢᠯᠬᠦ᠌ ᠥᠬᠡᠶ ᠪᠠᠢᠬᠤ ᠠᠰᠠᠭᠤᠳᠠᠯ ᠵᠢᠡᠨ ᠲᠤᠰᠬᠠᠵᠠᠢ᠃ ᠱᠠᠩᠳᠤ ᠱᠢᠶᠠᠨ᠎ᠤ ᠶᠡᠷᠦᠩᠬᠡᠢᠯᠡᠨ ᠵᠠᠰᠠᠬᠤ ᠲᠥᠪ ᠦᠨ ᠠᠵᠢᠯᠲᠠᠨ ᠪᠠᠢᠳᠠᠯ᠎ᠢ ᠣᠢᠯᠠᠭᠠᠭ᠍ᠰᠠᠨ᠎ᠤ ᠳᠠᠷᠠᠭ᠎ᠠ ᠳᠠᠷᠤᠢᠬᠠᠨ ᠬᠠᠮᠢᠶ᠎ᠠ ᠪᠦᠬᠦᠢ ᠪᠠᠢᠳᠠᠯ ᠢ ᠶᠡᠷᠦᠩᠬᠡᠢᠯᠡᠨ ᠵᠠᠰᠠᠬᠤ ᠲᠥᠪ᠎ᠦᠨ ᠬᠠᠷᠢᠭᠤᠴᠠᠯᠭᠠᠲᠠᠨ ᠪᠠ ᠲᠤᠰ ᠡᠳᠦᠷ ᠦᠨ ᠵᠠᠬᠢᠳᠠᠯ ᠰᠤᠷᠪᠤᠯᠵᠢᠯᠠᠭ᠎ᠠ᠎ᠶ᠋ᠢ ᠬᠦᠯᠢᠶᠡᠨ ᠠᠪᠬᠤ ᠤᠳᠤᠷᠢᠳᠤᠯᠭ᠎ᠠ᠎ᠳᠤ ᠮᠡᠳᠡᠭᠦᠯᠵᠠᠢ᠃
ᠲᠤᠰ ᠬᠥᠳᠡᠯᠮᠦᠷᠢ ᠦᠢᠯᠡᠴᠢᠯᠡᠭᠡᠨ᠎ᠦ ᠵᠠᠭᠤᠷᠠᠯᠳᠤᠭᠠᠨ ᠨᠢ ᠨᠡᠯᠢᠶᠡᠳ ᠪᠤᠳᠤᠯᠢᠶᠠᠨᠲᠠᠢ ᠪᠣᠯᠬᠣᠷ ᠲᠤᠰ ᠱᠢᠶᠠᠨ᠎ᠤ ᠶᠡᠷᠦᠩᠬᠡᠢᠯᠡᠨ ᠵᠠᠰᠠᠬᠤ ᠲᠥᠪ 《ᠱᠠᠡᠭ᠎ᠳᠤ ᠵᠢᠨ ᠶᠠᠪᠤᠳᠠᠯ ᠢ᠋ ᠱᠠᠡᠭ᠎ᠳᠤ ᠳ᠋ᠤ ᠰᠢᠢᠳᠪᠤᠷᠢᠯᠡᠬᠦ᠂ ᠱᠠᠡᠭ᠎ᠳᠤ ᠵᠢᠨ ᠶᠠᠪᠤᠳᠠᠯ ᠢ᠋ ᠵᠦᠪᠳᠡᠯᠴᠡᠨ ᠰᠢᠢᠳᠪᠤᠷᠢᠯᠡᠬᠦ》᠂ 《ᠲᠦᠷᠭᠡᠨ ᠲᠤᠰᠬᠠᠵᠤ᠂ ᠲᠦᠷᠭᠡᠨ ᠱᠢᠢᠳᠪᠦᠷᠢᠯᠡᠬᠦ᠌》 ᠤᠴᠢᠷ ᠶᠠᠪᠤᠳᠠᠯ ᠰᠢᠢᠳᠪᠤᠷᠢᠯᠡᠬᠦ ᠵᠠᠷᠴᠢᠮ ᠵᠢᠡᠷ ᠲᠡᠷᠡ ᠳᠠᠷᠤᠢ᠎ᠳᠤ᠎ᠨᠢ ᠵᠠᠬᠢᠳᠠᠯ ᠰᠤᠷᠪᠤᠯᠵᠢᠯᠠᠭ᠎ᠠ᠎ᠶ᠋ᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠣᠪᠴᠢᠶ᠎ᠠ᠂ ᠬᠥᠮᠦᠨ᠎ᠦ ᠬᠦᠴᠦᠨ ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠶ᠋ᠢᠨ ᠲᠣᠪᠴᠢᠶ᠎ᠠ᠂ ᠠᠷᠠᠳ᠎ᠤᠨ ᠱᠢᠭᠦᠬᠦ᠌ ᠬᠣᠷᠢᠶᠠᠨ ᠤ ᠬᠣᠯᠪᠣᠭ᠍ᠳᠠᠯ ᠪᠦᠬᠦᠢ ᠬᠥᠮᠦᠰ᠎ᠢ ᠵᠣᠬᠢᠶᠠᠨ ᠪᠠᠢᠭᠤᠯᠤᠭᠠᠳ᠂ ᠵᠥᠷᠢᠴᠡᠯ ᠵᠠᠭᠤᠷᠠᠭᠠᠨ ᠢ ᠡᠶᠡᠳᠡᠭᠦᠯᠬᠦ᠌ ᠳᠤᠭᠤᠢᠯᠠᠩ ᠪᠠᠢᠭᠤᠯᠪᠠ᠃ ᠲᠡᠭᠡᠭᠡᠳ ᠬᠣᠯᠪᠣᠭ᠍ᠳᠠᠯ ᠪᠦᠬᠦᠢ ᠪᠠᠢᠳᠠᠯ᠎ᠢ ᠨᠠᠷᠢᠨ ᠬᠠᠷᠭᠤᠭᠤᠯᠤᠨ ᠣᠢᠯᠠᠭᠠᠵᠤ᠂ ᠬᠡᠷᠡᠭ᠎ᠦᠨ ᠰᠦᠪᠡᠭ᠌ᠴᠢ᠎ᠶ᠋ᠢ ᠬᠢᠨᠠᠮᠠᠭᠠᠢ ᠡᠮᠬᠢᠯᠡᠨ ᠲᠢᠭ᠌ᠯᠡᠵᠦ᠍᠂ ᠵᠠᠭᠤᠷᠠᠯᠳᠤᠭᠠᠨ ᠢ᠋ ᠰᠢᠢᠳᠪᠤᠷᠢᠯᠡᠬᠦ ᠵᠠᠩᠭᠢᠯᠠᠭ᠎ᠠ ᠵᠢᠨ ᠭᠤᠭᠴᠤᠭ᠎ᠠ ᠵᠢ ᠡᠷᠢᠵᠦ᠍ ᠣᠯᠤᠭ᠍ᠰᠠᠨ ᠪᠥᠭᠡᠳ ᠬᠠᠨᠳᠤᠯᠭᠠᠲᠤ ᠴᠢᠨᠠᠷᠲᠠᠢ ᠱᠢᠢᠳᠪᠦᠷᠢᠯᠡᠬᠦ᠌ ᠲᠥᠰᠦᠯ ᠭᠠᠷᠭᠠᠭ᠍ᠰᠠᠨ ᠪᠠᠢᠨ᠎ᠠ᠃ ᠡᠶᠡᠳᠡᠭᠦᠯᠬᠦ᠌ ᠳᠤᠭᠤᠢᠯᠠᠩᠲᠤᠬᠠᠶᠶ᠋ᠢᠨ ᠡᠳᠦᠷ ᠡᠶᠡᠳᠡᠭᠦᠯᠬᠦ᠌ ᠬᠤᠷᠠᠯ ᠬᠤᠷᠠᠯᠳᠤᠭᠤᠯᠵᠤ᠂ ᠡᠴᠦᠰ᠎ᠲᠡᠬᠡᠨ ᠪᠣᠶ ᠪᠥᠬᠥᠶ ᠬᠥᠯᠥᠰᠥᠨ ᠠᠵᠢᠯᠴᠢᠨ ᠴᠠᠯᠢᠩ᠎ᠢᠶᠠᠨ ᠪᠦᠷᠢᠨ ᠣᠯᠵᠤ᠂ ᠰᠡᠳᠭᠢᠯ ᠬᠠᠨᠤᠮᠵᠢᠲᠠᠶᠨᠤᠲᠤᠭᠲᠠᠭᠠᠨ ᠪᠤᠴᠠᠵᠠᠭᠠᠵᠠᠢ᠃
24 ᠴᠠᠭ᠎ᠤᠨ ᠳᠣᠲᠣᠷ᠎ᠠ ᠮᠤᠵᠢ ᠬᠣᠲᠠ ᠠᠯᠤᠰᠯᠠᠭ᠍ᠰᠠᠨ ᠬᠥᠳᠡᠯᠮᠦᠷᠢ ᠦᠶ᠋ᠯᠡᠴᠢᠯᠡᠭᠡᠨ᠎ᠦ ᠵᠠᠭᠤᠷᠠᠭᠠᠨ᠎ᠢ ᠲᠦᠷᠭᠡᠨ ᠱᠢᠶ᠋ᠳᠪᠦᠷᠢᠯᠡᠭ᠌ᠰᠡᠨ᠎ᠨᠢ ᠱᠠᠩᠳᠤ ᠱᠢᠶᠠᠨ᠎ᠤ ᠶᠡᠷᠦᠩᠬᠡᠢᠯᠡᠨ ᠵᠠᠰᠠᠬᠤ ᠲᠥᠪ᠎ᠦᠨ 《ᠱᠠᠡᠭ᠎ᠳᠤ ᠵᠢᠨ ᠶᠠᠪᠤᠳᠠᠯ ᠢ᠋ ᠱᠠᠡᠭ᠎ᠳᠤ ᠳ᠋ᠤ ᠰᠢᠢᠳᠪᠤᠷᠢᠯᠡᠬᠦ᠂ ᠱᠠᠡᠭ᠎ᠳᠤ ᠵᠢᠨ ᠶᠠᠪᠤᠳᠠᠯ ᠢ᠋ ᠵᠦᠪᠳᠡᠯᠴᠡᠨ ᠰᠢᠢᠳᠪᠤᠷᠢᠯᠡᠬᠦ》 ᠵᠠᠭ᠍ᠪᠤᠷ ᠤᠨ 《ᠵᠥᠷᠢᠴᠡᠯ ᠢ ᠱᠢᠶᠠᠨ᠎ᠠᠴᠠ ᠭᠠᠷᠭᠠᠬᠤ ᠥᠬᠡᠶ᠂ ᠶᠡᠬᠡ ᠶᠠᠪᠤᠳᠠᠯ᠎ᠢ ᠬᠦᠴᠦ᠍ ᠪᠡᠨ ᠬᠠᠮᠲᠤᠳᠭᠠᠨ ᠱᠢᠶ᠋ᠳᠪᠦᠷᠢᠯᠡᠬᠦ᠌》 ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠬᠠᠷᠠᠭᠤᠯᠤᠭᠰᠠᠨ ᠪᠥᠭᠡᠳ ᠪᠠᠰᠠ ᠤᠯᠠᠭᠠᠨᠴᠠᠪ ᠬᠣᠲᠠ᠎ᠶ᠋ᠢᠨ ᠵᠥᠷᠢᠴᠡᠯ ᠵᠠᠭᠤᠷᠠᠯᠳᠤᠭᠠᠨ᠎ᠢ ᠨᠠᠮᠳᠠᠭᠤᠯᠬᠤ ᠵᠠᠭ᠍ᠪᠤᠷ ᠢ ᠡᠭᠦᠳᠬᠦ᠎ᠪᠠᠷ ᠳᠠᠮᠵᠢᠭᠤᠯᠤᠨ᠂ ᠵᠥᠷᠢᠴᠡᠯ᠎ᠢ ᠦᠨᠳᠦᠰᠦᠨ ᠱᠠᠲᠤᠨ᠎ᠳᠤ ᠱᠢᠶ᠋ᠳᠪᠦᠷᠢᠯᠡᠵᠦ᠍᠂ ᠠᠰᠠᠭᠤᠳᠠᠯ ᠢ ᠡᠬᠢᠡᠭᠦᠰᠦᠯ ᠡᠴᠡ᠎ᠨᠢ ᠱᠢᠶ᠋ᠳᠪᠦᠷᠢᠯᠡᠵᠤ ᠪᠠᠢᠭ᠎ᠠ ᠦᠷ᠎ᠡ ᠪᠦᠲᠦᠮᠵᠢ᠎ᠶ᠋ᠢ ᠬᠠᠷᠠᠭᠤᠯᠵᠤ ᠪᠤᠢ᠃
ᠱᠠᠩᠳᠤ ᠱᠢᠶᠠᠨ᠎ᠤ ᠶᠡᠷᠦᠩᠬᠡᠢᠯᠡᠨ ᠵᠠᠰᠠᠬᠤ ᠲᠥᠪᠠᠵᠢᠯᠢᠶᠠᠨ ᠡᠬᠢᠯᠡᠭᠦᠯᠦᠭ᠌ᠰᠡᠨ᠎ᠡᠴᠡ ᠨᠠᠭᠠᠰᠢ᠂ ᠱᠢᠨ᠎ᠡ ᠴᠠᠭ ᠦᠶ᠎ᠡ᠎ᠶ᠋ᠢᠨ 《ᠹᠧᠩᠴᠢᠶᠣᠤ᠎ᠶ᠋ᠢᠨ ᠲᠤᠷᠱᠢᠯᠭ᠎ᠠ》 ᠵᠢ ᠢᠮᠠᠭ᠍ᠲᠠ ᠪᠠᠷᠢᠮᠲᠠᠯᠠᠨ ᠬᠥᠭ᠌ᠵᠢᠭᠦᠯᠵᠦ᠍᠂ ᠣᠯᠠᠨ ᠲᠦᠮᠡᠨ᠎ᠦ ᠵᠥᠷᠢᠴᠡᠯ ᠵᠠᠭᠤᠷᠠᠯᠳᠤᠭᠠᠨ᠎ᠢ 《ᠨᠢᠭᠡ ᠥᠷᠲᠡᠭᠡᠴᠢᠯᠡᠨ》 ᠱᠢᠶ᠋ᠳᠪᠦᠷᠢᠯᠡᠬᠦ᠌᠎ᠶ᠋ᠢ ᠠᠬᠢᠭᠤᠯᠬᠤ ᠳᠤᠮᠳᠠ 《ᠱᠠᠩᠳᠤ᠎ᠶ᠋ᠢᠨ ᠶᠠᠪᠤᠳᠠᠯ ᠢ ᠱᠠᠩᠳᠤ ᠳ᠋ᠤ ᠱᠢᠶ᠋ᠳᠪᠦᠷᠢᠯᠡᠵᠦ᠍᠂ ᠱᠠᠩᠳᠤ᠎ᠶ᠋ᠢᠨ ᠶᠠᠪᠤᠳᠠᠯ᠎ᠢ ᠵᠥᠪᠳᠡᠯᠴᠡᠨ ᠰᠢᠢᠳᠪᠤᠷᠢᠯᠡᠬᠦ》 ᠤᠢᠯᠠᠭᠠᠭᠳᠠᠬᠤᠨ᠎ᠢ ᠬᠢᠨᠠᠮᠠᠭᠠᠶ ᠦᠶ᠋ᠯᠡᠳᠦᠯᠭᠡᠵᠢᠭᠦᠯᠵᠦ᠍᠂ ᠱᠠᠩᠳᠤ᠎ᠶ᠋ᠢᠨ ᠣᠨᠴᠠᠯᠢᠭ ᠪᠥᠬᠥᠶ 《ᠱᠠᠩᠳᠤ᠎ᠶ᠋ᠢᠨ ᠶᠠᠪᠤᠳᠠᠯ᠎ᠢ ᠱᠠᠩᠳᠤ ᠳ᠋ᠤ ᠱᠢᠶ᠋ᠳᠪᠦᠷᠢᠯᠡᠵᠦ᠍᠂ ᠱᠠᠩᠳᠤ᠎ᠶ᠋ᠢᠨ ᠶᠠᠪᠤᠳᠠᠯ᠎ᠢ ᠵᠥᠪᠳᠡᠯᠴᠡᠨ ᠰᠢᠢᠳᠪᠤᠷᠢᠯᠡᠬᠦ》 ᠦᠨᠳᠦᠰᠦᠨ ᠱᠠᠲᠤᠨ᠎ᠤ ᠵᠠᠰᠠᠯᠲᠠ᠎ᠶ᠋ᠢᠨ ᠵᠠᠭ᠍ᠪᠤᠷ ᠢ ᠢᠳᠡᠪᠬᠢᠲᠡᠶ ᠡᠭᠦᠳᠦᠨ᠂ ᠵᠥᠷᠢᠴᠡᠯ᠎ᠢ ᠦᠨᠳᠦᠰᠦᠨ ᠱᠠᠲᠤᠨ᠎ᠳᠤ ᠱᠢᠶ᠋ᠳᠪᠦᠷᠢᠯᠡᠵᠦ᠍᠂ ᠠᠰᠠᠭᠤᠳᠠᠯ᠎ᠢ ᠡᠬᠢᠡᠭᠦᠰᠦᠯ ᠡᠴᠡ᠎ᠨᠢ ᠱᠢᠶ᠋ᠳᠪᠦᠷᠢᠯᠡᠬᠦ᠌᠎ᠪᠡᠷ ᠴᠢᠷᠮᠠᠢᠵᠤ᠂ ᠬᠠᠮᠲᠤ᠎ᠪᠠᠷ ᠪᠠᠢᠭᠤᠯᠬᠤ᠂ ᠬᠠᠮᠲᠤ᠎ᠪᠠᠷ ᠵᠠᠰᠠᠬᠤ᠂ ᠬᠠᠮᠲᠤ᠎ᠪᠠᠷ ᠡᠳ᠋ᠯᠡᠬᠦ᠌ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠨ᠎ᠡ ᠪᠠᠢᠷᠢᠱᠢᠯ᠎ᠢ ᠪᠠᠢᠭᠤᠯᠬᠤ᠎ᠳᠤ ᠠᠮᠢᠳᠤᠯᠢᠬ ᠬᠦᠴᠦᠨ ᠨᠡᠮᠡᠷᠢᠯᠡᠪᠡ᠃
ᠱᠠᠩᠳᠤ ᠱᠢᠶᠠᠨ ᠭᠠᠵᠠᠷ ᠣᠷᠣᠨ ᠤ ᠪᠤᠳᠠᠲᠠᠢ ᠪᠠᠢᠳᠠᠯ ᠳᠠᠭᠠᠨ ᠲᠤᠬᠢᠷᠠᠭᠤᠯᠤᠨ᠂ ᠥᠪᠡᠷ᠎ᠦᠨ ᠬᠡᠰᠡᠨ ᠵᠦᠷᠢᠴᠡᠯ ᠵᠠᠭᠤᠷᠠᠯᠳᠤᠭᠠᠨ ᠢ᠋ ᠱᠢᠢᠳᠪᠦᠷᠢᠯᠡᠬᠦ᠌ ᠵᠠᠭ᠍ᠪᠤᠷ ᠢ ᠲᠣᠭ᠍ᠲᠠᠭᠠᠵᠠᠢ᠃ ᠬᠡᠬᠦ ᠳ᠋ᠤ ᠤᠯᠠᠭᠠᠨᠴᠠᠪ ᠬᠤᠳᠠ᠎ᠶ᠋ᠢᠨ ᠪᠤᠰᠤᠳ ᠬᠣᠱᠢᠭᠤ ᠱᠢᠶᠠᠨ ᠬᠤᠳᠠ ᠲᠣᠭᠣᠷᠢᠭ ᠴᠤ᠌ ᠬᠡᠨ ᠠᠯᠢ ᠡᠴᠡ ᠪᠠᠨ ᠴᠤ᠌ ᠬᠤᠵᠢᠭᠳᠠᠯ ᠦᠭᠡᠢ ᠲᠤᠰ ᠲᠤᠰ ᠤ᠋ᠨ ᠪᠠᠢᠳᠠᠯ ᠳ᠋ᠠᠭᠠᠨ ᠲᠤᠬᠢᠷᠠᠭᠰᠠᠨ ᠵᠠᠭᠪᠤᠷ ᠢ᠋ ᠡᠭᠦᠳᠤᠨ ᠬᠡᠷᠡᠭᠵᠢᠭᠦᠯᠵᠡᠢ᠃ ᠵᠢᠨᠢᠩ ᠲᠣᠭᠣᠷᠢᠭ ᠤᠨ ᠵᠢᠶᠠᠨ ᠱᠸ ᠵᠢᠶᠸ ᠨᠡᠢᠭᠡᠮ ᠲᠣᠭᠣᠷᠢᠭ ᠢᠳᠡᠪᠬᠢᠲᠡᠶ ᠬᠠᠢᠨ ᠰᠦᠪᠡᠭ᠌ᠴᠢᠯᠡᠵᠦ᠍ ᠱᠢᠨ᠎ᠡ ᠶ᠋ᠢ ᠡᠭᠦᠳᠦᠨ᠂ 《ᠨᠠᠮ᠎ᠤᠨ ᠳᠤᠭᠤᠢᠯᠠᠩ᠎ᠤᠨ ᠳᠠᠷᠤᠭ᠎ᠠ + ᠲᠤᠤᠷᠵᠢᠭᠤᠯᠤᠨ ᠬᠠᠮᠢᠶᠠᠷᠬᠤ ᠳᠠᠷᠤᠭ᠎ᠠ + ᠠᠰᠠᠷ ᠤ᠋ᠨ ᠨᠢᠭᠡᠴᠢ᠎ᠶ᠋ᠢᠨ ᠳᠠᠷᠤᠭ᠎ᠠ︵ᠬᠣᠯᠪᠣᠭᠠᠯᠠᠭ᠍ᠰᠠᠨ ᠡᠷᠦᠬᠡ ᠵᠢᠨ ᠳᠠᠷᠤᠭ᠎ᠠ︶》 ᠵᠢᠨ ᠵᠠᠰᠠᠯᠲᠠ᠎ᠶ᠋ᠢᠨ ᠵᠠᠭ᠍ᠪᠤᠷ᠎ᠢ ᠬᠡᠷᠡᠭᠵᠢᠭᠦᠯᠦᠨ᠂ ᠦᠨᠳᠦᠰᠦᠨ ᠱᠠᠲᠤᠨ᠎ᠤ ᠵᠠᠰᠠᠯᠲᠠ᠎ᠳᠤ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠭᠰᠡᠨ ᠪᠠᠢᠨ᠎ᠠ; ᠹᠧᠩᠵᠧᠨ ᠬᠣᠲᠠ᠎ᠶ᠋ᠢᠨ ᠵᠢᠤᠢ ᠪᠦᠦ ᠵᠤᠸᠠᠩ ᠪᠠᠯᠭᠠᠰᠤ 《ᠬᠤᠤᠰ ᠠᠷᠭ᠎ᠠ ᠵᠠᠮ᠎ᠤᠨ ᠤᠬᠠᠭᠤᠯᠭ᠎ᠠ + ᠣᠯᠠᠨ ᠡᠱᠢᠲᠦ ᠵᠠᠭᠤᠷᠠᠯᠳᠤᠭᠠᠨ᠎ᠢ ᠱᠢᠶ᠋ᠳᠪᠦᠷᠢᠯᠡᠬᠦ᠌》 ᠱᠢᠨ᠎ᠡ ᠵᠠᠭ᠍ᠪᠤᠷ᠎ᠢ ᠬᠠᠢᠨ ᠰᠦᠪᠡᠭ᠌ᠴᠢᠯᠡᠵᠦ᠍᠂ 《ᠠᠷᠠᠳ ᠲᠦᠮᠡᠨ ᠬᠦᠰᠡᠯ ᠲᠠᠶ ᠪᠣᠯ ᠪᠢᠳᠡ ᠬᠠᠷᠢᠭᠤ ᠦᠭᠴᠦ᠂ ᠠᠷᠠᠳ ᠲᠦᠮᠡᠨ ᠬᠡᠷᠡᠭ᠌ᠴᠡᠭᠡ ᠲᠠᠶ ᠪᠣᠯ ᠪᠢᠳᠡ ᠴᠢᠷᠮᠠᠢᠬᠤ》 ᠵᠢ ᠦᠨᠡᠨ ᠬᠦ᠌ ᠪᠡᠶᠡᠯᠡᠭᠦᠯᠪᠡ; ᠳᠥᠷᠪᠡᠳ ᠬᠣᠱᠢᠭᠤ ᠨᠡᠭᠦᠳᠡᠯ ᠡᠶᠡᠳᠡᠭᠦᠯᠬᠦ᠌ ᠠᠩᠭᠢ ᠵᠣᠬᠢᠶᠠᠨ ᠪᠠᠢᠭᠤᠯᠤᠭᠠᠳ᠂ ᠰᠠᠨᠠᠭᠠᠴᠢᠯᠠᠭ᠎ᠠ᠎ᠠᠴᠠ᠎ᠪᠠᠨ ᠰᠤᠮᠤ ᠱᠢᠶᠠᠩ ᠪᠠᠯᠭᠠᠰᠤᠨ ᠳᠤ ᠭᠦᠨᠵᠡᠭᠡᠢᠷᠡᠨ᠂ ᠵᠠᠭᠤᠷᠠᠯᠳᠤᠭᠠᠨ᠎ᠢ ᠱᠢᠶ᠋ᠳᠪᠦᠷᠢᠯᠡᠵᠦ᠍ ᠮᠠᠷᠭᠤᠭᠠᠨ ᠢ ᠵᠣᠭ᠍ᠰᠣᠭᠠᠬᠤ ᠲᠥᠰᠦᠯ ᠢ ᠣᠯᠠᠨ ᠲᠦᠮᠡᠨ᠎ᠦ ᠳᠡᠷᠭᠡᠳᠡ ᠬᠦᠷᠭᠡᠵᠦ᠍᠂ 《ᠲᠠᠩᠬᠢᠮ᠎ᠳᠦ ᠰᠠᠭᠤᠵᠤ ᠬᠡᠷᠡᠭ ᠱᠢᠶ᠋ᠳᠪᠦᠷᠢᠯᠡᠬᠦ᠌》 ᠵᠢ 《ᠰᠠᠨᠠᠭᠠᠴᠢᠯᠠᠭ᠎ᠠ᠎ᠠᠴᠠ᠎ᠪᠠᠨ ᠦᠶ᠋ᠯᠡᠴᠢᠯᠡᠬᠦ᠌》 ᠪᠣᠯᠭᠠᠨ ᠬᠤᠪᠢᠷᠠᠭᠤᠯᠵᠤ᠂ ᠵᠥᠷᠢᠴᠡᠯ ᠵᠠᠭᠤᠷᠠᠯᠳᠤᠭᠠᠨ ᠢ ᠣᠯᠠᠨ ᠠᠷᠭ᠎ᠠ ᠵᠠᠮ ᠵᠢᠡᠷ ᠰᠢᠢᠳᠪᠤᠷᠢᠯᠡᠨ᠂ ᠣᠯᠠᠨ ᠲᠦᠮᠡᠨ ᠳᠦ ᠨᠠᠩ ᠥᠨᠳᠥᠷ ᠪᠦᠲᠦᠮᠵᠢᠲᠡᠶ ᠳᠥᠭᠥᠮ ᠳᠥᠲᠡ 《ᠨᠢᠭᠡ ᠥᠷᠲᠡᠭᠡᠴᠢᠯᠡᠭᠰᠡᠨ》 ᠦᠶ᠋ᠯᠡᠴᠢᠯᠡᠭᠡ ᠬᠠᠩᠭᠠᠵᠠᠢ; ᠯᠢᠶᠠᠩᠴᠧᠩ ᠱᠢᠶᠠᠨ 《2+N+1+ 6》 ᠵᠢᠷᠤᠮᠵᠢᠭ᠍ᠰᠠᠨ ᠶᠡᠷᠦᠩᠬᠡᠢᠯᠡᠨ ᠵᠠᠰᠠᠬᠤ ᠠᠵᠢᠯᠯᠠᠭᠠᠨ᠎ᠤ ᠲᠠᠪᠴᠠᠩ᠎ᠢ ᠡᠭᠦᠳᠦᠨ ᠪᠠᠢᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢᠨ 《ᠪᠠᠢᠭᠤᠯᠬᠤ᠂ ᠰᠣᠩᠭᠣᠬᠤ᠂ ᠬᠡᠷᠡᠭ᠌ᠯᠡᠬᠦ᠌᠂ ᠱᠠᠩᠨᠠᠬᠤ》 ᠳᠥᠷᠪᠡᠨ ᠵᠤᠢᠯ ᠤ᠋ᠨ ᠠᠵᠢᠯ ᠢ᠋ ᠬᠦᠴᠦ᠍᠎ᠪᠡᠨ ᠲᠥᠪᠯᠡᠷᠡᠭᠦᠯᠦᠨ ᠰᠠᠢᠲᠤᠷ ᠬᠢᠵᠦ᠍᠂ ᠠᠷᠠᠳ ᠣᠯᠠᠨ ᠠᠰᠠᠭᠤᠳᠠᠯ ᠲᠤᠯᠭᠠᠷᠠᠬᠤ ᠳ᠋ᠤ ᠬᠡᠯᠡᠬᠦ ᠭᠠᠵᠠᠷ ᠲᠠᠢ ᠪᠤᠯᠵᠤ᠂ ᠵᠥᠷᠢᠴᠡᠯ᠎ᠢ ᠦᠨᠡᠨ ᠬᠦ᠌ ᠴᠤᠬᠤᠢᠵᠤ ᠪᠠᠢᠬᠤ ᠦᠶ᠎ᠡ ᠳᠦᠨᠢ ᠱᠢᠶ᠋ᠳᠪᠦᠷᠢᠯᠡᠵᠦ᠍᠂ ᠦᠨᠳᠦᠰᠦᠨ ᠱᠠᠲᠤᠨ᠎ᠳᠤᠨᠢ ᠠᠷᠢᠯᠭᠠᠬᠤ ᠪᠡᠷ ᠴᠢᠷᠮᠠᠢᠵᠤ ᠪᠤᠢ; ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤ ᠲᠣᠰᠭᠣᠨ᠎ᠤ ᠱᠠᠲᠤᠨ᠎ᠤ 《ᠡᠬᠢᠨ᠎ᠤ ᠬᠡᠰᠡᠭ᠎ᠲᠦ ᠵᠢᠭ᠍ᠰᠠᠭᠠᠨ ᠪᠠᠢᠴᠠᠭᠠᠬᠤ》᠂ ᠱᠢᠶᠠᠩ᠎ᠤᠨ ᠱᠠᠲᠤᠨ᠎ᠤ 《ᠳᠤᠮᠳᠠ ᠬᠡᠰᠡᠭ ᠲᠤ᠌ ᠠᠷᠢᠯᠭᠠᠬᠤ》᠂ ᠬᠣᠱᠢᠭᠤᠨ᠎ᠤ ᠱᠠᠲᠤᠨ ᠤ 《ᠰᠡᠭᠦᠯ᠎ᠤᠨ ᠬᠡᠰᠡᠭ᠎ᠲᠦ ᠪᠠᠲᠤᠯᠠᠬᠤ》 ᠠᠵᠢᠯ ᠤᠨ ᠰᠡᠳᠭᠢᠮᠵᠢ᠎ᠶ᠋ᠢ ᠪᠠᠷᠢᠮᠲᠠᠯᠠᠵᠤ᠂ ᠱᠠᠲᠤ ᠱᠠᠲᠤ᠎ᠪᠠᠷ ᠬᠠᠷᠢᠭᠤᠴᠠᠬᠤ᠂ ᠭᠣᠭ᠍ᠴᠣᠭ᠎ᠠ ᠪᠦᠬᠦᠨ᠎ᠢ ᠬᠣᠯᠪᠣᠯᠳᠤᠭᠤᠯᠬᠤ ᠠᠵᠢᠯ᠎ᠤᠨ ᠪᠠᠢᠷᠢᠱᠢᠯ᠎ᠢ ᠪᠦᠷᠢᠯᠳᠦᠭᠦᠯᠵᠦ᠍᠂ ᠵᠥᠷᠢᠴᠡᠯ᠎ᠢ ᠦᠨᠡᠨ ᠬᠦ᠌ ᠦᠨᠳᠦᠰᠦᠨ ᠱᠠᠲᠤᠨ᠎ᠳᠤ ᠠᠷᠢᠯᠭᠠᠵᠤ᠂ ᠠᠶᠤᠯ ᠲᠦᠭ᠌ᠰᠢᠭᠦᠷᠢ᠎ᠶ᠋ᠢ ᠡᠬᠢ ᠡᠭᠦᠰᠦᠯ ᠡᠴᠡ᠎ᠨᠢ ᠰᠡᠷᠭᠡᠢᠯᠡᠨ ᠡᠵᠡᠮᠳᠡᠵᠤ ᠪᠤᠢ; ᠵᠦᠸᠧᠽᠢ ᠱᠢᠶᠠᠨ 《ᠲᠥᠪ᠎ᠡᠴᠡ ᠲᠤᠬᠢᠶ᠎ᠠ ᠦᠭᠪᠡᠯ ᠰᠠᠯᠠᠭ᠎ᠠ ᠮᠥᠴᠢᠷ ᠨᠡᠷ᠎ᠠ ᠪᠠᠨ ᠮᠡᠳᠡᠭᠦᠯᠦᠨ ᠤᠷᠤᠯᠴᠠᠬᠤ》᠂ 《ᠪᠠᠢᠩᠭᠤ ᠰᠠᠭᠤᠬᠤ + ᠡᠭᠡᠯᠵᠢᠯᠡᠨ ᠰᠠᠭᠤᠬᠤ + ᠲᠠᠭᠤᠳᠠᠮᠠᠭᠴᠠ ᠤᠷᠤᠵᠤ ᠰᠠᠭᠤᠬᠤ》 ᠲᠣᠭ᠍ᠲᠠᠴᠠ᠎ᠶ᠋ᠢ ᠭᠦᠨᠵᠡᠭᠡᠢᠷᠡᠭᠦᠯᠵᠦ᠍᠂ 《11 + 27 + 4 + N》 ᠣᠯᠠᠨ ᠴᠢᠳᠠᠮᠵᠢᠲᠤ ᠨᠢᠭᠡ ᠴᠣᠭ᠍ᠴᠠᠵᠢᠭ᠍ᠰᠠᠨ ᠦᠶ᠋ᠯᠡᠴᠢᠯᠡᠭᠡᠨ᠎ᠦ ᠲᠠᠪᠴᠠᠩ᠎ᠤᠨ ᠱᠢᠨ᠎ᠡ ᠶ᠋ᠢ ᠡᠭᠦᠳᠴᠦ᠍᠂ ᠦᠨᠳᠦᠰᠦᠨ ᠱᠠᠲᠤᠨ᠎ᠤ ᠵᠠᠰᠠᠯᠲᠠ᠎ᠶ᠋ᠢᠨ 《ᠭᠠᠭ᠍ᠴᠠᠭᠠᠷ ᠲᠡᠮᠡᠴᠡᠬᠦ᠌》 ᠬᠦᠴᠢᠷᠳᠡᠯ᠎ᠢ ᠪᠦᠲᠦᠮᠵᠢᠲᠡᠶ ᠱᠢᠶ᠋ᠳᠪᠦᠷᠢᠯᠡᠪᠡ; ᠬᠤᠸᠠᠳᠧ ᠱᠢᠶᠠᠨ ᠶᠡᠷᠦᠩᠬᠡᠢᠯᠡᠨ ᠵᠠᠰᠠᠬᠤ ᠪᠠ ᠲᠣᠣᠷᠵᠢᠭᠤᠯᠤᠭ᠍ᠰᠠᠨ ᠮᠡᠳᠡᠭᠡ ᠵᠠᠩᠭᠢ᠎ᠶ᠋ᠢᠨ ᠱᠢᠰᠲᠸᠮ ᠢ ᠦᠨᠳᠦᠰᠦᠨ ᠱᠠᠲᠤᠨ ᠤ ᠵᠠᠰᠠᠯᠲᠠ ᠶ᠋ᠢᠨ 《ᠣᠶᠤᠨᠲᠤ ᠲᠠᠷᠢᠬᠢ》 ᠪᠣᠯᠭᠠᠨ ᠴᠣᠭ᠍ᠴᠠᠯᠠᠵᠤ᠂ ᠡᠬᠢ ᠪᠠᠶᠠᠯᠢᠭ ᠢ ᠨᠡᠢᠳᠭᠡᠬᠦ᠌᠂ ᠴᠤᠪᠤᠷᠠᠯ᠎ᠢ ᠲᠠᠬᠢᠨ ᠵᠤᠬᠢᠶᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠢᠡᠷ ᠬᠦᠴᠦ ᠨᠡᠮᠡᠷᠢᠯᠡᠬᠦ ᠪᠠᠷ ᠳᠠᠮᠵᠢᠨ᠂ 《ᠨᠢᠭᠡ ᠦᠷᠳᠡᠭᠡᠴᠢᠯᠡᠭᠰᠡᠨ ᠬᠦᠯᠢᠶᠡᠨ ᠠᠪᠴᠤ᠌ ᠱᠢᠢᠳᠪᠦᠷᠢᠯᠡᠬᠦ᠌᠂ ᠪᠦᠬᠦ᠌ ᠬᠡᠯᠬᠢᠶ᠎ᠡ ᠪᠡᠷ ᠱᠢᠢᠳᠪᠦᠷᠢᠯᠡᠬᠦ᠌᠂ ᠪᠢᠲᠡᠭᠦᠦ ᠬᠠᠮᠢᠶᠠᠷᠤᠯᠲᠠ》 ᠵᠢᠨ ᠱᠢᠨ᠎ᠡ ᠪᠠᠢᠷᠢᠱᠢᠯ ᠢ ᠪᠠᠢᠭᠤᠯᠵᠤ᠂ ᠤᠯᠠᠨ ᠲᠦᠮᠡᠨ ᠦ ᠬᠦᠰᠡᠯ ᠬᠡᠷᠡᠭᠴᠡᠭᠡ ᠪᠣᠯᠭᠠᠨ᠎ᠳᠤ ᠬᠠᠷᠢᠭᠤ ᠦᠭᠴᠤ᠂ ᠵᠥᠷᠢᠴᠡᠯ ᠵᠠᠭᠤᠷᠠᠯᠳᠤᠭᠠᠨ᠎ᠢ ᠲᠤᠬᠠᠢ᠎ᠶ᠋ᠢᠨ ᠭᠠᠵᠠᠷ᠎ᠲᠤᠨᠢ ᠱᠢᠢᠳᠪᠦᠷᠢᠯᠡᠵᠦ ᠪᠤᠢ; ᠱᠢᠩᠾᠧ ᠱᠢᠶᠠᠨ 《ᠨᠢᠭᠡ ᠥᠷᠲᠡᠭᠡᠴᠢᠯᠡᠭᠰᠡᠨ》 ᠵᠠᠭᠤᠷᠠᠯᠳᠤᠭᠠᠨ᠎ᠢ ᠱᠢᠶ᠋ᠳᠪᠦᠷᠢᠯᠡᠬᠦ᠌᠂ ᠡᠬᠢ ᠡᠭᠦᠰᠦᠯ ᠡᠴᠡ ᠨᠢ ᠵᠠᠰᠠᠬᠤ᠂ ᠭᠤᠤᠯᠳᠠᠯᠭ᠎ᠠ᠎ᠲᠠᠶ ᠪᠣᠭᠣᠮᠲᠠ ᠱᠢᠪᠲᠤᠯᠬᠤ᠂ ᠬᠠᠮᠲᠤᠷᠠᠭ᠍ᠰᠠᠨ ᠬᠤᠷᠠᠯ᠎ᠤᠨ ᠲᠣᠭ᠍ᠲᠠᠴᠠ᠂ ᠠᠩᠬᠠᠨ᠎ᠤ ᠬᠠᠷᠢᠭᠤᠴᠠᠯᠭ᠎ᠠ ᠨᠡᠬᠡᠮᠵᠢᠯᠡᠬᠦ᠌ ᠲᠦᠷᠢᠮ᠂ ᠱᠠᠯᠠᠪᠳᠠᠭᠤᠯᠤᠨ ᠪᠠᠢᠴᠠᠭᠠᠵᠤ ᠬᠢᠨᠠᠨ ᠱᠢᠯᠭᠠᠬᠤ ᠲᠣᠭ᠍ᠲᠠᠴᠠ᠂ 《ᠨᠢᠭᠡ ᠯᠡ ᠭᠠᠵᠠᠷ᠎ᠲᠤ ᠣᠴᠢᠬᠤ》 ᠵᠠᠭ᠍ᠪᠤᠷ᠂ 《ᠶᠡᠷᠦᠩᠬᠡᠢᠯᠡᠨ ᠵᠠᠰᠠᠬᠤ ᠲᠥᠪ + ᠲᠤᠤᠷᠵᠢᠭᠤᠯᠤᠯᠲᠠ + ᠮᠡᠳᠡᠭᠡ ᠵᠠᠩᠭᠢᠴᠢᠯᠠᠯᠲᠠ》 ᠶ᠋ᠢᠨ ᠵᠠᠭ᠍ᠪᠤᠷ᠂ 《ᠰᠡᠳᠭᠢᠴᠡ᠎ᠶ᠋ᠢᠨ ᠦᠶ᠋ᠯᠡᠴᠢᠯᠡᠭᠡ᠎ᠶ᠋ᠢ ᠶᠡᠷᠦᠩᠬᠡᠢᠯᠡᠨ ᠵᠠᠰᠠᠬᠤ᠎ᠳᠤ ᠠᠭᠤᠰᠤᠯᠴᠠᠭᠤᠯᠬᠤ》 ᠵᠠᠭ᠍ᠪᠤᠷ ᠵᠡᠷᠭᠡ ᠠᠷᠭ᠎ᠠ ᠬᠡᠮᠵᠢᠶ᠎ᠡ ᠪᠡᠷ ᠳᠠᠮᠵᠢᠭᠤᠯᠤᠨ᠂ ᠦᠨᠳᠦᠰᠦᠨ ᠱᠠᠲᠤᠨ᠎ᠤ ᠵᠥᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠴᠢᠳᠠᠪᠤᠷᠢ ᠪᠠ ᠠᠮᠤᠷ᠎ᠢ ᠬᠠᠮᠠᠭᠠᠯᠠᠬᠤ ᠰᠡᠷᠭᠡᠢᠯᠡᠨ ᠡᠵᠡᠮᠳᠡᠬᠦ᠌ ᠬᠢᠷᠢ ᠲᠦᠪᠱᠢᠨ᠎ᠢ ᠪᠦᠲᠦᠮᠵᠢᠲᠡᠶ ᠳᠡᠭᠡᠭ᠌ᠰᠢᠯᠡᠭᠦᠯᠪᠡ᠃