ᠴᠢᠦ ᡁᠢ ᠭᠠᠩ ᠭᠡᠱᠢᠭᠦᠨ᠄ ᠤᠢᠷ᠎ᠠ ᠤᠭᠳᠠᠷᠭᠤᠢ ᠵᠢᠨ ᠠᠵᠤ ᠠᠬᠤᠶ᠎ᠶ᠋ᠢᠨ ᠱᠢᠨ᠎ᠡ ᠤᠷᠤᠯᠳᠤᠭᠠᠨ᠎ᠤ ᠵᠠᠮ ᠵᠢᠡᠷ ᠬᠠᠢᠨ ᠰᠦᠪᠡᠭ᠌ᠴᠢᠯᠡᠵᠤ ᠤᠷᠤᠭᠰᠢᠯᠠᠨ᠎ᠠ
2026-01-28 11:47:39
ᠵᠣᠬᠢᠶᠠᠭ᠍ᠴᠢ᠄
ᠠᠨ ᠶᠢᠨ ᠳ᠋ᠦᠩ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠷᠭᠡᠨ ᠠᠭᠤᠳᠠᠮ ᠣᠭ᠍ᠲᠠᠷᠭᠤᠶ ᠳᠤᠤᠷ᠎ᠠ᠂ ᠨᠡᠢᠳᠡ ᠵᠢᠨ ᠬᠡᠷᠡᠭ᠌ᠯᠡᠭᠡᠨ᠎ᠦ ᠠᠭᠠᠷ᠎ᠤᠨ ᠠᠶᠠᠯᠠᠯ ᠶᠠᠭ ᠬᠢᠯᠢ ᠬᠢᠵᠠᠭᠠᠷ᠎ᠤᠨ ᠬᠥᠭ᠌ᠵᠢᠯᠲᠡ᠎ᠳᠦ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠵᠦ᠍ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠱᠸᠨ ᠶᠢᠩ ᠠᠭᠠᠷ᠎ᠤᠨ ᠠᠶᠠᠯᠠᠯ᠎ᠤᠨ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠴᠢᠦ ᡁᠢ ᠭᠠᠩ ᠨᠡᠢᠳᠡ ᠵᠢᠨ ᠬᠡᠷᠡᠭᠯᠡᠭᠡᠨ ᠤ᠋ ᠠᠭᠠᠷ ᠤ᠋ᠨ ᠠᠶᠠᠯᠠᠯ ᠤ᠋ᠨ ᠬᠦᠷᠢᠶ᠎ᠡ ᠳ᠋ᠤ ᠨᠢᠮᠪᠠᠢ ᠠᠵᠢᠯᠯᠠᠵᠤ᠂ ᠠᠵᠤ ᠠᠬᠤᠢᠯᠠᠯ᠎ᠤᠨ ᠬᠥᠭ᠌ᠵᠢᠯᠲᠡ ᠪᠠᠨ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠠᠭᠤᠰᠤᠯᠴᠠᠭᠤᠯᠵᠤ᠂ ᠤᠢᠷ᠎ᠠ ᠤᠭᠳᠠᠷᠭᠤᠢ ᠵᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠦᠶ᠋ᠯᠡᠳᠦᠯᠭᠡ ᠳᠤᠮᠳᠠ ᠦᠷᠭᠦᠯᠵᠢᠯᠡᠨ ᠬᠠᠢᠨ ᠰᠦᠪᠡᠭ᠌ᠴᠢᠯᠡᠵᠦ᠍᠂ ᠢᠳᠡᠪᠬᠢᠲᠡᠶ᠎ᠪᠡᠷ ᠰᠠᠨᠠᠯ ᠰᠠᠨᠠᠭᠤᠯᠭ᠎ᠠ ᠳᠤᠷᠠᠳᠤᠨ᠂ ᠪᠣᠳᠠᠲᠠᠶ᠎ᠶ᠋ᠢ ᠡᠷᠬᠢᠮᠯᠡᠨ ᠪᠠᠳᠤ ᠦᠢᠯᠡᠳᠦᠯᠭᠡᠵᠢᠭᠦᠯᠬᠦ ᠪᠡᠷ ᠱᠢᠨ᠎ᠡ ᠴᠠᠭ ᠦᠶ᠎ᠡ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠦ ᠬᠠᠷᠢᠭᠤᠴᠠᠯᠭ᠎ᠠ ᠡᠭᠦᠷᠭᠡᠯᠡᠯ᠎ᠢ ᠲᠠᠢᠯᠪᠤᠷᠢᠯᠠᠪᠠ᠃

《ᠤᠯᠤᠰ ᠲᠦᠷᠦ ᠵᠢᠨ ᠵᠦᠪᠯᠡᠯᠬᠡᠨ᠎ᠤ ᠭᠡᠱᠢᠭᠦᠨ ᠬᠡᠬᠦ ᠨᠡᠷ᠎ᠠ ᠳ᠋ᠤ᠎ᠶᠡᠬᠡ ᠬᠠᠷᠢᠭᠤᠴᠠᠯᠭ᠎ᠠ ᠠᠭᠤᠯᠤᠬᠳᠠᠵᠦ ᠪᠠᠢᠨ᠎ᠠ》 ᠬᠡᠵᠦ ᠴᠢᠦ ᡁᠢ ᠭᠠᠩ ᠬᠡᠯᠡᠪᠡ᠃ ᠲᠡᠷᠡ᠄ 《ᠰᠠᠨᠠᠯ ᠳᠤᠷᠠᠳᠤᠯᠭ᠎ᠠ ᠦᠭᠬᠦ ᠳ᠋ᠤ 〈ᠠᠭᠠᠷ ᠲᠠᠶ ᠵᠠᠯᠭᠠᠬᠤ〉 ᠪᠥᠭᠡᠳ 〈ᠤᠯᠠᠨ ᠲᠦᠮᠡᠨ᠎ᠲᠡᠶ ᠤᠢ᠍ᠢᠷᠠᠳᠤᠭᠤᠯᠬᠤ〉 ᠭᠡᠷᠡᠭᠲᠡᠢ》 ᠭᠡᠪᠡ᠃ 2025 ᠣᠨ᠎ᠳᠤ᠂ ᠴᠢᠦ ᡁᠢ ᠭᠠᠩ ᠤᠢᠷ᠎ᠠ ᠣᠭ᠍ᠲᠠᠷᠭᠤᠶ᠎ᠶ᠋ᠢᠨ ᠠᠵᠤ ᠠᠬᠤᠶ᠎ᠶ᠋ᠢᠨ ᠬᠥᠭ᠌ᠵᠢᠯᠲᠡ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢᠨ ᠲᠣᠭᠣᠷᠢᠨ᠎ᠳᠤ᠂ ᠰᠸᠴᠤᠸᠠᠨ᠂ ᠱᠠᠨᠳᠦ᠋ᠩ ᠵᠡᠷᠭᠡ ᠭᠠᠵᠠᠷ᠎ᠲᠤ ᠬᠦᠷᠴᠦ᠍ ᠲᠡᠷᠢᠭᠦᠨ᠎ᠦ ᠲᠤᠷᠱᠢᠯᠭ᠎ᠠ᠎ᠶ᠋ᠢ ᠱᠢᠨᠵᠢᠯᠡᠨ ᠪᠠᠢᠴᠠᠭᠠᠭ᠍ᠰᠠᠨ ᠪᠥᠭᠡᠳ ᠣᠷᠣᠨ᠎ᠤ ᠳᠣᠲᠣᠷᠠᠬᠢ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠥᠷᠨᠢᠭᠦᠯᠵᠦ᠍᠂ ᠠᠭᠠᠷ᠎ᠤᠨ ᠬᠠᠮᠢᠶᠠᠷᠤᠯᠲᠠ᠎ᠶ᠋ᠢᠨ ᠲᠣᠭ᠍ᠲᠠᠴᠠ᠂ ᠰᠠᠭᠤᠷᠢ ᠲᠥᠬᠥᠭᠡᠷᠦᠮᠵᠢ᠎ᠶ᠋ᠢᠨ ᠳᠤᠲᠠᠭᠤᠳᠠᠯ ᠵᠢᠴᠢ ᠬᠡᠷᠡᠭ᠌ᠯᠡᠭ᠌ᠴᠢ᠎ᠶ᠋ᠢᠨ ᠪᠣᠳᠠᠲᠠᠶ ᠬᠦᠰᠡᠯ ᠱᠠᠭᠠᠷᠳᠠᠯᠭ᠎ᠠ᠎ᠶ᠋ᠢ ᠭᠤᠤᠯᠳᠠᠯᠭ᠎ᠠ᠎ᠲᠠᠶ ᠣᠢᠯᠠᠭᠠᠵᠤ᠂ ᠦᠨᠳᠦᠰᠦᠨ ᠱᠠᠲᠤᠨ᠎ᠤ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠰᠣᠨᠣᠰᠴᠤ᠌᠂ ᠣᠨᠣᠪᠴᠢᠲᠠᠶ᠎ᠪᠠᠷ ᠰᠠᠨᠠᠯ ᠰᠠᠨᠠᠭᠤᠯᠭ᠎ᠠ ᠳᠤᠷᠠᠳᠭᠤ ᠰᠠᠭᠤᠷᠢ᠎ᠶ᠋ᠢ ᠪᠡᠬᠢᠵᠢᠭᠦᠯᠪᠡ᠃

ᠯᠠᠪᠳᠠᠭᠤᠨ ᠪᠠᠲᠤᠲᠠᠶ ᠪᠠᠢᠴᠠᠭᠠᠨ ᠰᠤᠳᠤᠯᠤᠯᠲᠠ᠎ᠶ᠋ᠢᠨ ᠦᠷ᠎ᠡ ᠪᠦᠲᠦᠭᠡᠯ᠎ᠳᠡᠭᠡᠨ ᠲᠦᠱᠢᠭ᠌ᠯᠡᠨ᠂ ᠲᠡᠭᠦᠨ᠎ᠦ ᠳᠡᠪᠱᠢᠭᠦᠯᠦᠭ᠌ᠰᠡᠨ 《ᠮᠠᠨ᠎ᠤ ᠣᠷᠣᠨ᠎ᠤ 〈ᠤᠢᠷ᠎ᠠ ᠤᠭᠳᠠᠷᠭᠤᠢ ᠵᠢᠨ ᠠᠵᠤ ᠠᠬᠤᠶ +〉 ᠣᠯᠠᠨ ᠡᠱᠢᠵᠢᠭ᠌ᠰᠡᠨ ᠬᠥᠭ᠌ᠵᠢᠯᠲᠡ᠎ᠶ᠋ᠢ ᠠᠬᠢᠭᠤᠯᠬᠤ ᠲᠤᠬᠠᠶ ᠰᠠᠨᠠᠯ ᠳᠤᠷᠠᠳᠤᠯᠭ᠎ᠠ》 ᠨᠢ 2025 ᠣᠨ᠎ᠤ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠤᠤᠯᠳᠠᠯᠭ᠎ᠠ᠎ᠲᠠᠶ ᠰᠠᠨᠠᠯ ᠳᠤᠷᠠᠳᠤᠯᠭ᠎ᠠ᠎ᠪᠠᠷ ᠵᠢᠭ᠍ᠰᠠᠭᠠᠭ᠍ᠳᠠᠵᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠂ ᠰᠤᠷᠭᠠᠨ ᠬᠥᠮᠦᠵᠢᠯ᠎ᠦᠨ ᠲᠢᠩᠬᠢᠮ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠬᠦ᠌᠎ᠶ᠋ᠢᠨ ᠬᠠᠮᠲᠤ ᠢᠳᠡᠪᠬᠢᠲᠡᠶ ᠬᠠᠷᠢᠭᠤᠯᠲᠠ ᠥᠭ᠌ᠴᠦ᠂ ᠣᠯᠠᠨ ᠵᠦᠶ᠋ᠯ᠎ᠦᠨ ᠰᠠᠨᠠᠭᠤᠯᠭ᠎ᠠ᠎ᠶ᠋ᠢ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ᠎ᠶ᠋ᠢ ᠠᠬᠢᠭᠤᠯᠪᠠ᠃ ᠡᠭᠦᠨ᠎ᠦ ᠬᠠᠮᠲᠤ᠂ ᠲᠡᠷᠡ ᠪᠠᠰᠠ ᠲᠦᠩᠯᠢᠶᠣᠤ᠎ᠶ᠋ᠢᠨ ᠨᠢᠰᠭᠡᠯ᠎ᠦᠨ ᠪᠠᠭᠤᠳᠠᠯ᠎ᠢ ᠠᠭᠠᠷ᠎ᠤᠨ ᠠᠶᠠᠯᠠᠯ᠎ᠤᠨ ᠬᠢᠯᠢ ᠵᠢᠨ ᠪᠣᠭᠣᠮᠲᠠ᠎ᠶ᠋ᠢᠨ ᠨᠢᠰᠭᠡᠯ᠎ᠦᠨ ᠪᠠᠭᠤᠳᠠᠯ ᠪᠤᠯᠭᠠᠬᠤ ᠲᠤᠬᠠᠢ᠎ᠭᠤᠶᠤᠴᠢᠯᠠᠭᠰᠠᠨ ᠰᠠᠨᠠᠯ ᠳᠤᠷᠠᠳᠤᠯᠭ᠎ᠠ ᠳᠡᠪᠱᠢᠭᠦᠯᠵᠦ᠍᠂ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ ᠬᠢᠯᠢ᠎ᠶ᠋ᠢᠨ ᠪᠣᠭᠣᠮᠲᠠ᠎ᠵᠢᠨ ᠭᠤᠶᠤᠴᠢᠯᠠᠨ ᠮᠡᠳᠡᠭᠦᠯᠬᠦ᠌ ᠠᠵᠢᠯ ᠥᠷᠨᠢᠭᠦᠯᠬᠦ᠌᠎ᠳᠦ ᠲᠤᠯᠭᠠᠭᠤᠷᠢᠯᠠᠯ ᠬᠠᠩᠭᠠᠪᠠ᠃

ᠲᠤᠱᠢᠶᠠᠯ᠎ᠢᠶᠠᠨ ᠭᠦᠶ᠋ᠴᠡᠳᠭᠡᠬᠦ᠌ ᠨᠢ ᠵᠦᠪᠬᠡᠨ ᠰᠠᠨᠠᠯ ᠵᠥᠪᠯᠡᠯᠭᠡ ᠳᠤᠷᠠᠳᠭᠤ᠎ᠲᠡᠳᠦᠢ ᠪᠢᠰᠢ᠃ ᠤᠢ᠍ᠢᠷ᠎ᠠ᠎ᠶ᠋ᠢᠨ ᠬᠡᠳᠦᠨ ᠵᠢᠯ᠎ᠳᠠᠷᠠᠭᠠᠯᠠᠨ  ᠲᠡᠷᠡ ᠬᠦᠴᠢᠷᠳᠡᠯᠲᠡᠢ ᠰᠤᠷᠤᠬ᠍ᠴᠢ᠎ᠶ᠋ᠢ ᠲᠤᠰᠠᠯᠠᠵᠤ᠂ ᠬᠥᠳᠡᠭᠡ ᠲᠣᠰᠭᠣᠨ᠎ᠳᠤ ᠵᠠᠮ᠎ᠤᠨ ᠳ᠋ᠧᠩ ᠤᠭ᠍ᠰᠠᠷᠠᠵᠤ᠂ ᠵᠢᠯᠣᠭᠣᠴᠢ ᠦᠭᠡᠢ ᠨᠢᠰᠭᠡᠯ ᠬᠠᠨᠳᠢᠪᠯᠠᠨ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ᠎ᠳᠤ ᠬᠡᠷᠡᠭ᠌ᠯᠡᠵᠦ᠍᠂ ᠨᠡᠢ᠌ᠳᠡ ᠵᠠᠭᠤ ᠭᠠᠷᠤᠢ ᠲᠦᠮᠡᠨ ᠲᠥᠭᠥᠷᠢᠭ᠎ᠦᠨ ᠵᠣᠭᠣᠰ ᠮᠥᠩᠭᠥ᠌ ᠡᠳ᠋ ᠪᠣᠳᠠᠰ ᠬᠠᠨᠳᠢᠪᠯᠠᠪᠠ᠃ ᠨᠢᠳᠤᠨᠤᠨ᠂ ᠲᠡᠭᠦᠨ᠎ᠦ ᠠᠬᠢᠭᠤᠯᠤᠯ᠎ᠢᠶᠠᠷ ᠥᠪᠥᠷ ᠮᠣᠩᠭᠣᠯ᠎ᠤᠨ ᠱᠸᠨ ᠶᠢᠩ ᠠᠭᠠᠷ᠎ᠤᠨ ᠠᠶᠠᠯᠠᠯ᠎ᠤᠨ ᠪᠦᠯᠦᠭ᠌ᠯᠡᠯ ᠮᠣᠩᠭᠣᠯ ᠤᠯᠤᠰ᠎ᠤᠨ ᠠᠵᠤ ᠠᠬᠤᠢᠯᠠᠯ᠎ᠲᠠᠶ ᠬᠠᠮᠲᠤᠷᠠᠯᠴᠠᠭ᠎ᠠ ᠥᠷᠨᠢᠭᠦᠯᠵᠦ᠍᠂ ᠤᠯᠤᠰ᠎ᠲᠠᠭᠠᠨ ᠦᠶ᠋ᠯᠡᠳᠪᠦᠷᠢᠯᠡᠭ᠌ᠰᠡᠨ ᠠᠭᠠᠷ᠎ᠤᠨ ᠠᠶᠠᠯᠠᠯ᠎ᠤᠨ ᠪᠠᠭᠠᠵᠢ ᠬᠡᠷᠡᠭ᠌ᠰᠡᠯ ᠪᠣᠯᠤᠨ ᠠᠶᠠᠯᠠᠯ᠎ᠤᠨ ᠮᠠᠲ᠋ᠧᠷᠢᠶᠠᠯ᠎ᠤᠨ ᠲᠥᠬᠥᠭᠡᠷᠦᠮᠵᠢ᠎ᠶ᠋ᠢ ᠭᠠᠳᠠᠭᠠᠳᠤ᠎ᠳᠤ ᠭᠠᠷᠭᠠᠬᠤ᠎ᠳᠤ ᠬᠦᠴᠦᠨ ᠨᠡᠮᠡᠷᠢᠯᠡᠪᠡ᠃

ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠤᠳᠠᠯ ᠦᠭᠡᠢ ᠬᠦᠷᠴᠦ ᠢᠷᠡᠬᠦ ᠲᠠᠰᠢᠷᠠᠮ᠎ᠳᠦ᠂ ᠴᠢᠦ ᡁᠢ ᠭᠠᠩ ᠤᠢᠷ᠎ᠠ ᠣᠭ᠍ᠲᠠᠷᠭᠤᠶ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠠᠢᠷᠢᠱᠢᠭᠤᠯᠤᠯᠲᠠ᠂ ᠠᠭᠠᠷ᠎ᠤᠨ ᠠᠶᠠᠯᠠᠯ᠎ᠤᠨ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠱᠢᠰᠲ᠋ᠧᠮ᠎ᠦᠨ ᠪᠠᠢᠭᠤᠯᠤᠯᠲᠠ ᠵᠡᠷᠭᠡ ᠴᠢᠭ᠌ᠯᠡᠯ᠎ᠦᠨ ᠲᠣᠭᠣᠷᠢᠨ᠎ᠳᠤ᠂ ᠱᠢᠨ᠎ᠡ ᠰᠠᠨᠠᠯ ᠳᠤᠷᠠᠳᠤᠯᠭ᠎ᠠ᠎ᠪᠡᠨ ᠨᠠᠷᠢᠨ ᠨᠢᠮᠪᠠᠶ ᠲᠡᠭᠦᠯᠳᠡᠷᠵᠢᠭᠦᠯᠵᠦ᠍ ᠪᠣᠶ᠃ 《ᠪᠢ ᠤᠭ ᠰᠠᠨᠠᠭ᠎ᠠ᠎ᠪᠠᠨ ᠦᠷᠭᠦᠯᠵᠢᠯᠡᠨ ᠪᠠᠲᠤ ᠰᠠᠬᠢᠵᠤ᠂ ᠤᠢᠷ᠎ᠠ ᠣᠭ᠍ᠲᠠᠷᠭᠤᠶ ᠵᠢᠨ ᠠᠵᠤ ᠠᠬᠤᠢ᠎ᠶ᠋ᠢᠨ ᠱᠢᠨ᠎ᠡ ᠤᠷᠤᠯᠳᠤᠭᠠᠨ᠎ᠤ ᠵᠠᠮ ᠵᠢᠡᠷ ᠬᠠᠢᠨ ᠰᠦᠪᠡᠭ᠌ᠴᠢᠯᠡᠵᠦ ᠤᠷᠤᠭ᠍ᠰᠢᠯᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠢᠯᠡᠳᠦᠯᠭᠡ ᠳᠤᠮᠳᠠ ᠢᠳᠡᠪᠬᠢᠲᠡᠢ ᠵᠢᠳᠬᠦᠯ ᠴᠢᠷᠮᠠᠢᠯᠭ᠎ᠠ ᠭᠠᠷᠭᠠᠵᠤ᠂ ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠲᠡᠷᠡ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号