ᠵᠣᠬᠢᠶᠠᠮᠠᠯ ᠣᠶᠤᠨ ᠴᠢᠳᠠᠪᠤᠷᠢ ᠲᠦᠷᠬᠡᠨ ᠬᠦᠭᠵᠢᠵᠦ ᠪᠠᠢᠭ᠎ᠠ ᠪᠠᠢᠳᠠᠯ ᠳᠤᠤᠷ᠎ᠠ ᠬᠡᠷᠬᠢᠨ ᠠᠵᠢᠯ ᠣᠯᠭᠣᠯᠲᠠ᠎ᠶ᠋ᠢᠨ ᠵᠠᠮ᠎ᠢ ᠰᠠᠭᠠᠳ ᠥᠬᠡᠶ ᠨᠡᠪᠲᠡᠷᠡᠭᠦᠯᠬᠦ᠌ ᠪᠣᠶ ?
2026-01-28 10:18:32
ᠵᠣᠬᠢᠶᠠᠭ᠍ᠴᠢ᠄
​ᠵᠠᠩ ᠱᠢᠶᠤᠤ ᠵᠢᠶᠸ ᠵᠧᠦ ᠶᠤᠸᠠᠨ ᠭᠦᠸᠸ ᠹᠠᠩ ᠳ᠋ᠠ
ᠣᠩᠱᠢᠭ᠍ᠰᠠᠨ ᠣᠳᠠᠭ᠎ᠠ᠄
★★★☆☆

ᠵᠣᠬᠢᠶᠠᠮᠠᠯ ᠣᠶᠤᠨ ᠴᠢᠳᠠᠪᠤᠷᠢ ᠪᠣᠯᠤᠨ ᠡᠯ᠎ᠡ ᠠᠵᠢᠯ ᠲᠥᠷᠥᠯ᠎ᠦᠨ ᠠᠭᠤᠰᠤᠯᠴᠠᠯ ᠤᠯᠠᠮ ᠭᠦᠨᠵᠡᠭᠡᠢᠷᠡᠵᠦ᠍᠂ ᠴᠥᠭᠡᠨ ᠪᠤᠰᠤ ᠱᠢᠨ᠎ᠡ ᠠᠵᠢᠯ ᠮᠡᠷᠭᠡᠵᠢᠯ ᠱᠢᠨ᠎ᠡ ᠠᠵᠢᠯ᠎ᠤᠨ ᠪᠠᠢᠷᠢ᠎ᠶ᠋ᠢ ᠪᠣᠶ ᠪᠤᠯᠭᠠᠬᠤ᠎ᠶᠢᠨ ᠳᠠᠭᠠᠤ ᠬᠥᠮᠦᠰ᠎ᠦᠨ ᠠᠵᠢᠯ ᠤᠯᠬᠤ᠎ᠶ᠋ᠢ ᠣᠷᠣᠯᠠᠭᠤᠯᠬᠤ ᠲᠤᠬᠠᠶ ᠰᠠᠨᠠᠭᠠᠱᠢᠷᠠᠯ᠎ᠢ ᠴᠤ᠌ ᠪᠣᠶ ᠪᠣᠯᠭᠠᠪᠠ᠃ ᠮᠡᠷᠭᠡᠵᠢᠯ᠎ᠦᠨ ᠱᠢᠨᠡᠴᠢᠯᠡᠯᠲᠡ ᠬᠢᠭᠡᠳ ᠠᠵᠢᠯ ᠣᠯᠭᠣᠯᠲᠠ ᠲᠣᠭ᠍ᠲᠠᠭᠤᠨ ᠤ᠋ ᠬᠤᠭᠤᠷᠤᠨᠳᠤᠬᠢ ᠲᠡᠩᠴᠡᠭᠦᠷᠢ᠎ᠶ᠋ᠢᠨ ᠴᠡᠭ᠎ᠢ ᠬᠡᠷᠬᠢᠨ ᠣᠨᠣᠪᠴᠢᠲᠠᠶ ᠤᠯᠬᠤ ᠪᠣᠶ? ᠬᠥᠳᠡᠯᠮᠦᠷᠢᠴᠢᠳ ᠬᠡᠷᠬᠢᠨ ᠵᠣᠬᠢᠶᠠᠮᠠᠯ ᠤᠶᠤᠨ ᠴᠢᠳᠠᠪᠤᠷᠢ᠎ᠶ᠋ᠢᠨ ᠤᠷᠤᠰᠭᠠᠯ ᠳᠤᠮᠳᠠ ᠠᠵᠠ ᠲᠣᠬᠢᠶᠠᠯ᠎ᠢ ᠡᠵᠡᠮᠳᠡᠵᠦ᠍᠂ ᠥᠷᠢᠰᠥᠯᠳᠦᠭᠡᠨ᠎ᠢ ᠠᠷᠭᠠᠴᠠᠭᠠᠬᠤ ᠪᠤᠢ? ᠰᠤᠷᠪᠤᠯᠵᠢᠯᠠᠭ᠍ᠴᠢ ᠡᠭᠦᠨ᠎ᠦ ᠲᠤᠬᠠᠶ ᠰᠤᠷᠪᠤᠯᠵᠢᠯᠠᠭ᠎ᠠ ᠬᠢᠪᠡ᠃

ᠱᠢᠨ᠎ᠡ ᠠᠵᠠ ᠲᠣᠬᠢᠶᠠᠯ᠄ ᠱᠢᠨ᠎ᠡ ᠠᠵᠢᠯ ᠮᠡᠷᠭᠡᠵᠢᠯ ᠱᠢᠨ᠎ᠡ ᠠᠵᠢᠯ᠎ᠤᠨ ᠪᠠᠢᠷᠢ ᠢᠯᠡᠷᠡᠪᠡ

ᠪᠡᠭᠡᠵᠢᠩ᠎ᠦᠨ ᠨᠢᠭᠡᠨ ᠡᠮᠨᠡᠯᠭᠡ᠎ᠶ᠋ᠢᠨ ᠬᠣᠷᠢᠶ᠎ᠠ᠎ᠳᠤ᠂ ᠦᠶ᠋ᠯᠡᠴᠢᠯᠡᠭᠡᠨ᠎ᠦ ᠮᠠᠱᠢᠨ ᠬᠥᠮᠦᠨ᠎ᠦ ᠬᠡᠷᠡᠭ᠌ᠯᠡᠭᠡᠨ᠎ᠦ ᠮᠡᠷᠭᠡᠵᠢᠯᠲᠡᠨ ᠸᠠᠩ ᠱᠢᠤᠢ ᠡᠴᠡ ᠶᠠᠭ ᠡᠮᠴᠢᠯᠡᠭᠡᠨ᠎ᠦ ᠡᠮᠴᠢ ᠨᠡᠷ ᠲᠤ᠌ ᠮᠡᠰᠡ ᠵᠠᠰᠠᠯ ᠬᠢᠬᠦ ᠮᠠᠱᠢᠨ ᠬᠥᠮᠦᠨ᠎ᠢ ᠡᠵᠡᠮᠳᠡᠨ ᠠᠯᠤᠰ ᠵᠠᠶ᠎ᠡᠴᠡ ᠮᠡᠰᠡ ᠵᠠᠰᠠᠯ ᠬᠢᠬᠦ ᠲᠤᠬᠠᠢ ᠵᠢᠭᠠᠨ ᠵᠢᠯᠤᠭᠤᠳᠴᠤ ᠪᠠᠢᠪᠠ᠃ ᠵᠣᠬᠢᠶᠠᠮᠠᠯ ᠣᠶᠤᠨ ᠴᠢᠳᠠᠪᠤᠷᠢ ᠪᠣᠯᠤᠨ ᠤᠯᠠᠮᠵᠢᠯᠠᠯᠲᠤ ᠠᠨᠠᠭᠠᠬᠤ ᠤᠬᠠᠭᠠᠨ᠎ᠢ ᠬᠣᠯᠪᠣᠬᠤ ᠬᠥᠭᠥᠷᠭᠡ ᠪᠣᠯᠤᠭ᠍ᠰᠠᠨ᠎ᠤ ᠬᠤᠪᠢ᠎ᠳᠤ᠂ ᠡᠨᠡ ᠬᠦ᠌ ᠱᠢᠨ᠎ᠡ ᠠᠵᠢᠯ ᠮᠡᠷᠭᠡᠵᠢᠯ᠎ᠨᠢ ᠰᠤᠪᠢᠯᠠᠭ᠍ᠴᠢ ᠪᠠᠢᠭ᠍ᠰᠠᠨ ᠲᠡᠭᠦᠨ᠎ᠳᠦ ᠠᠵᠠ ᠲᠣᠬᠢᠶᠠᠯ ᠣᠯᠭᠣᠭ᠍ᠰᠠᠨ᠎ᠢᠶᠠᠷ ᠪᠠᠷᠠᠬᠤ ᠥᠬᠡᠶ᠂ ᠪᠠᠰᠠ ᠡᠮᠴᠢ᠎ᠶᠢᠨ ᠨᠠᠩ ᠪᠤᠳᠤᠯᠢᠶᠠᠨᠲᠠᠶ ᠨᠠᠷᠢᠯᠢᠭ ᠮᠡᠰᠡ ᠵᠠᠰᠠᠯ᠎ᠢ  ᠬᠢᠬᠦ᠎ᠳᠦ ᠳᠤᠰᠠ ᠪᠤᠯᠵᠠᠢ᠃

ᠤᠢ᠍ᠢᠷ᠎ᠠ᠎ᠶ᠋ᠢᠨ ᠵᠢᠯ᠎ᠡᠴᠡ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠶ᠋ᠢᠨ ᠶᠠᠮᠤᠨ᠎ᠤ ᠨᠡᠢᠲᠡᠯᠡᠭ᠌ᠰᠡᠨ ᠱᠢᠨ᠎ᠡ ᠠᠵᠢᠯ ᠮᠡᠷᠭᠡᠵᠢᠯ᠎ᠦᠨ ᠳᠣᠲᠣᠷ᠎ᠠ᠂ ᠵᠣᠬᠢᠶᠠᠮᠠᠯ ᠤᠶᠤᠨ ᠴᠢᠳᠠᠪᠤᠷᠢ᠎ᠲᠠᠶ ᠬᠣᠯᠪᠣᠭ᠎ᠠ᠎ᠲᠠᠶ ᠠᠵᠢᠯ ᠮᠡᠷᠭᠡᠵᠢᠯ ᠴᠥᠭᠡᠨ ᠪᠤᠰᠤ ᠪᠠᠢᠵᠤ᠂ ᠱᠢᠨ᠎ᠡ ᠠᠵᠢᠯ ᠮᠡᠷᠭᠡᠵᠢᠯ ᠨᠢᠭᠡᠪᠦᠷᠢ ᠨᠢ ᠣᠬᠣᠷᠬᠠᠨ ᠬᠤᠭᠤᠴᠠᠭᠠᠨ᠎ᠳᠤ 30 ᠲᠦᠮᠡ ᠡᠴᠡ50 ᠲᠦᠮᠡᠨ ᠬᠥᠮᠦᠨ᠎ᠦ ᠠᠵᠢᠯ ᠣᠯᠬᠤ᠎ᠶ᠋ᠢ ᠲᠠᠢ᠌ᠴᠢᠯᠠᠪᠠ᠃

《ᠮᠠᠨ᠎ᠤ ᠤᠯᠤᠰ᠎ᠤᠨ ᠵᠣᠬᠢᠶᠠᠮᠠᠯ ᠣᠶᠤᠨ ᠴᠢᠳᠠᠪᠤᠷᠢ᠎ᠶ᠋ᠢᠨ ᠭᠤᠤᠯᠯᠠᠬᠤ ᠠᠵᠤ ᠦᠶ᠋ᠯᠡᠰ᠎ᠦᠨ ᠬᠡᠪᠴᠢᠶ᠎ᠡ ᠨᠢᠭᠡᠨᠲᠡ ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ ᠵᠣᠬᠢᠶᠠᠮᠠᠯ ᠣᠶᠤᠨ ᠴᠢᠳᠠᠪᠤᠷᠢ ᠶᠠᠭ ᠠᠵᠢᠯ ᠣᠯᠭᠣᠯᠲᠠ᠎ᠶ᠋ᠢᠨ ᠪᠦᠲᠦᠴᠡ᠎ᠶ᠋ᠢ ᠭᠦᠨᠵᠡᠭᠡᠶ ᠳᠠᠬᠢᠨ ᠪᠠᠢᠭᠤᠯᠵᠤ ᠪᠠᠢᠨ᠎ᠠ᠃ AI ᠲᠤᠮᠤ ᠵᠠᠭ᠍ᠪᠤᠷ᠂  ᠪᠤᠳᠤᠯᠳᠠ᠎ᠶᠢᠨ ᠬᠦᠴᠦᠨ ᠵᠡᠷᠭᠡ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠱᠢᠢᠳᠪᠦᠷᠢᠯᠡᠭᠰᠡᠨ ᠠᠪᠤᠭᠠᠳ ᠡᠴᠡ ᠵᠣᠬᠢᠶᠠᠮᠠᠯ ᠤᠶᠤᠨ ᠴᠢᠳᠠᠪᠤᠷᠢ ᠪᠣᠯᠤᠨ ᠦᠢᠯᠡᠳᠬᠦ᠌ ᠦᠢᠯᠡᠰ ᠵᠡᠷᠭᠡ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠤᠬᠰᠠᠨ ᠬᠦᠷᠲᠡᠯ᠎ᠡ ᠴᠥᠮ ᠶᠡᠬᠡ ᠬᠡᠮᠵᠢᠶᠡᠨ᠎ᠦ ᠴᠢᠳᠠᠪᠤᠷᠢᠲᠠᠨ᠎ᠢ  ᠬᠡᠷᠡᠭ᠌ᠰᠡᠨ᠎ᠡ》 ᠭᠡᠵᠦ᠍ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠎ᠶ᠋ᠢᠨ ᠴᠥᠩ ᠶᠠᠩ ᠮᠥᠩᠭᠥᠨ ᠭᠦᠶ᠋ᠯᠭᠡᠭᠡᠨ᠎ᠦ ᠰᠤᠳᠤᠯᠭᠠᠨ᠎ᠤ ᠬᠦᠷᠢᠶᠡᠯᠡᠩ᠎ᠦᠨ ᠳᠡᠳ᠋ ᠰᠤᠳᠤᠯᠤᠭ᠍ᠴᠢ ᠳ᠋ᠢᠩ ᠵᠤᠸᠠᠩ ᠬᠡᠯᠡᠪᠡ᠃

2025 ᠣᠨ᠎ᠤ ᠳᠥᠷᠪᠡᠳᠦᠭᠡᠷ ᠤᠯᠠᠷᠢᠯ᠎ᠳᠤ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠠᠵᠢᠯ ᠲᠥᠷᠥᠯ᠎ᠦᠨ ᠠᠵᠢᠯ᠎ᠤᠨ ᠪᠠᠢᠷᠢ᠎ᠶ᠋ᠢᠨ ᠲᠣᠭ᠎ᠠ ᠠᠳᠠᠯᠢ ᠬᠤᠭᠤᠴᠠᠭᠠᠨ᠎ᠤ᠎ᠬᠢ᠎ᠡᠴᠡ 19% ᠎ᠪᠠᠷ ᠨᠡᠮᠡᠭ᠌ᠳᠡᠪᠡ᠃

《ᠵᠣᠬᠢᠶᠠᠮᠠᠯ ᠣᠶᠤᠨ ᠴᠢᠳᠠᠪᠤᠷᠢ᠎ᠨᠢ ᠠᠵᠢᠯ ᠣᠯᠭᠣᠯᠲᠠ᠎ᠶ᠋ᠢᠨ ᠱᠢᠨ᠎ᠡ ᠬᠡᠯᠪᠡᠷᠢ᠎ᠶ᠋ᠢ ᠪᠣᠶ ᠪᠣᠯᠭᠠᠵᠤ᠂ ᠬᠥᠳᠡᠯᠮᠦᠷᠢ᠎ᠶ᠋ᠢᠨ ᠠᠷᠭ᠎ᠠ ᠬᠡᠯᠪᠡᠷᠢ᠎ᠶ᠋ᠢ ᠭᠦᠨᠵᠡᠭᠡᠶ ᠬᠤᠪᠢᠷᠠᠭᠤᠯᠬᠤ᠎ᠶ᠋ᠢ ᠠᠬᠢᠭᠤᠯᠪᠠ》᠃ ᠡᠮᠦᠨᠡᠲᠦ ᠣᠷᠣᠨ᠎ᠤ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠸᠠᠩ ᠴᠦᠨ ᠴᠤᠤ᠂ ᠠᠯᠤᠰ ᠡᠴᠡ ᠬᠠᠮᠵᠢᠯᠴᠠᠬᠤ᠂ ᠲᠣᠭᠠᠴᠢᠯᠠᠭ᠍ᠰᠠᠨ ᠬᠥᠳᠡᠯᠮᠦᠷᠢ ᠵᠡᠷᠭᠡ ᠱᠢᠨ᠎ᠡ ᠠᠵᠢᠯ ᠣᠯᠭᠣᠯᠲᠠ᠎ᠶ᠋ᠢᠨ ᠬᠡᠯᠪᠡᠷᠢ᠎ᠨᠢ ᠵᠣᠬᠢᠶᠠᠮᠠᠯ ᠣᠶᠤᠨ ᠴᠢᠳᠠᠪᠤᠷᠢ᠎ᠶ᠋ᠢᠨ ᠠᠬᠢᠭᠤᠯᠤᠯ ᠳᠤᠤᠷ᠎ᠠ ᠦᠷᠭᠦᠯᠵᠢᠯᠡᠨ ᠬᠥᠭ᠌ᠵᠢᠵᠦ᠍᠂ ᠠᠵᠢᠯ ᠣᠯᠭᠣᠯᠲᠠ᠎ᠶ᠋ᠢᠨ ᠱᠢᠩᠭᠡᠭᠡᠬᠦ᠌ ᠴᠢᠳᠠᠪᠤᠷᠢ ᠲᠠᠰᠤᠷᠠᠯᠲᠠ ᠥᠬᠡᠶ ᠴᠢᠩᠭᠠᠷᠠᠪᠠ ᠭᠡᠵᠡᠶ᠃

ᠳᠤᠮᠳᠠᠳᠤ ᠤᠯᠤᠰ᠎ᠤᠨ ᠬᠥᠳᠡᠯᠮᠦᠷᠢ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠤᠶᠤᠨ᠎ᠤ ᠬᠥᠮᠥᠷᠭᠡ᠎ᠶ᠋ᠢᠨ ᠲᠡᠷᠢᠭᠦᠨ ᠲᠤᠰᠭᠠᠢ ᠮᠡᠷᠭᠡᠵᠢᠯᠲᠡᠨ ᠮᠦᠸᠸ ᠷᠦᠩ᠂ ᠵᠣᠬᠢᠶᠠᠮᠠᠯ ᠤᠶᠤᠨ ᠴᠢᠳᠠᠪᠤᠷᠢ ᠨᠢ ᠬᠥᠳᠡᠯᠮᠦᠷᠢᠴᠢᠳ᠎ᠢ ᠰᠠᠭᠤᠷᠢ ᠠᠵᠢᠯ ᠡᠴᠡ ᠴᠢᠯᠥᠭᠡᠯᠡᠵᠦ᠍᠂ ᠠᠵᠢᠯ ᠣᠯᠭᠣᠯᠲᠠ᠎ᠶ᠋ᠢᠨ ᠤᠶᠤᠨᠴᠢᠯᠠᠬ᠍ᠰᠠᠨ ᠬᠡᠮᠵᠢᠢ᠎ᠡ ᠪᠠ ᠪᠡᠶ᠎ᠡ᠎ᠪᠡᠨ ᠳᠠᠭᠠᠭᠠᠬᠤ ᠴᠢᠨᠠᠷ ᠶᠡᠬᠡ᠎ᠪᠡᠷ ᠳᠡᠭᠡᠭ᠌ᠰᠢᠯᠡᠭᠦ ᠪᠣᠯᠤᠨ᠎ᠠ ᠭᠡᠵᠦ ᠦᠵᠡᠪᠡ᠃

ᠱᠢᠨ᠎ᠡ ᠥᠷᠢᠰᠥᠯᠳᠦᠭᠡᠨ᠄ ᠠᠵᠢᠯ ᠣᠯᠬᠤ᠎ᠶ᠋ᠢ ᠣᠷᠣᠯᠠᠭᠤᠯᠬᠤ ᠲᠦᠭ᠌ᠰᠢᠭᠦᠷᠢ᠎ᠶ᠋ᠢ ᠠᠷᠭᠠᠴᠠᠭᠠᠬᠤ ᠴᠢᠬᠤᠯᠠᠳᠠᠢ

ᠦᠶ᠋ᠯᠡᠳᠪᠦᠷᠢ᠎ᠶ᠋ᠢᠨ ᠲᠠᠰᠤᠭ᠎ᠲᠦ᠂ ᠮᠠᠱᠢᠨ ᠬᠥᠮᠦᠨ ᠦᠶ᠋ᠯᠡᠳᠪᠦᠷᠢᠯᠡᠯ᠎ᠦᠨ ᠱᠤᠭᠤᠮ᠎ᠳᠤ ᠡᠯ᠎ᠡ ᠵᠦᠶ᠋ᠯ᠎ᠦᠨ ᠬᠦᠨᠳᠦ ᠡᠭᠦᠷᠭᠡ᠎ᠶ᠋ᠢ ᠡᠭᠦᠷᠭᠡᠯᠡᠨ᠎ᠡ; ᠲᠠᠷᠢᠶᠠᠨ ᠭᠠᠵᠠᠷ᠎ᠲᠦ᠂ ᠤᠶᠤᠨᠲᠤ ᠲᠠᠷᠢᠶᠠᠯᠠᠩ᠎ᠤᠨ ᠲᠣᠨᠣᠭ᠍ᠯᠠᠯ ᠲᠠᠷᠢᠮᠠᠯ᠎ᠤᠨ ᠡᠪᠡᠳᠴᠢᠨ᠎ᠦ ᠬᠥᠨᠥᠭᠡᠯ᠎ᠢ ᠤᠷᠢᠳᠴᠢᠯᠠᠨ ᠰᠡᠷᠭᠡᠢᠯᠡᠨ ᠡᠵᠡᠮᠳᠡᠬᠦ᠌᠎ᠳᠦ ᠬᠦᠴᠦᠨ ᠨᠡᠮᠡᠷᠢᠯᠡᠪᠡ  ᠁ ᠵᠣᠬᠢᠶᠠᠮᠠᠯ ᠣᠶᠤᠨ ᠴᠢᠳᠠᠪᠤᠷᠢ ᠨᠢ ᠶᠠᠭ ᠣᠯᠠᠨ ᠠᠵᠢᠯ ᠲᠥᠷᠥᠯ᠎ᠳᠦ ᠬᠦᠴᠦᠨ ᠴᠢᠳᠠᠯ ᠣᠯᠭᠣᠵᠤ ᠪᠠᠢᠨ᠎ᠠ᠃

ᠡᠨᠡ ᠪᠠᠢᠳᠠᠯ ᠲᠤᠤᠷ᠎ᠠ 《ᠮᠠᠱᠢᠨ᠎ᠢᠶᠡᠷ ᠬᠥᠮᠦᠨ᠎ᠢ ᠤᠷᠤᠯᠠᠭᠤᠯᠬᠤ》 ᠨᠢ ᠦᠪᠡᠷ᠎ᠤᠨ ᠬᠢᠨᠢ ᠠᠵᠢᠯ᠎ᠤᠨ ᠪᠠᠢᠷᠢ ᠵᠢ ᠪᠤᠯᠢᠶᠠᠴᠢᠬᠠᠨ᠎ᠠ ᠪᠠ ? ᠬᠡᠵᠤ ᠵᠠᠷᠢᠮ ᠬᠦᠮᠦᠨ ᠰᠠᠨᠠᠭᠠᠰᠢᠷᠠᠵᠤ ᠪᠤᠢ᠃

ᠲᠤᠰᠭᠠᠶ ᠮᠡᠷᠭᠡᠵᠢᠯᠲᠡᠨ᠎ᠦ ᠵᠠᠳᠠᠯᠤᠭ᠍ᠰᠠᠨ᠎ᠢᠶᠠᠷ᠂  ᠵᠣᠬᠢᠶᠠᠮᠠᠯ ᠣᠶᠤᠨ ᠴᠢᠳᠠᠪᠤᠷᠢ᠎ᠶ᠋ᠢᠨ ᠲᠦᠪᠰᠢᠨ ᠲᠠᠰᠤᠷᠠᠯᠲᠠ ᠥᠬᠡᠶ ᠳᠡᠭᠡᠭ᠌ᠰᠢᠯᠡᠬᠦ᠌᠎ᠶ᠋ᠢ ᠳᠠᠭᠠᠯᠳᠤᠨ᠂ ᠪᠡᠶ᠎ᠡ᠎ᠶ᠋ᠢᠨ ᠬᠥᠳᠡᠯᠮᠦᠷᠢ ᠪᠡᠷ ᠭᠤᠤᠯ ᠪᠣᠯᠭᠠᠭ᠍ᠰᠠᠨ ᠠᠵᠤ ᠦᠶ᠋ᠯᠡᠳᠪᠦᠷᠢ᠎ᠶ᠋ᠢᠨ ᠠᠵᠢᠯ᠎ᠤᠨ ᠪᠠᠢᠷᠢ᠂ ᠦᠢᠯᠡᠴᠢᠯᠡᠬᠡᠨ᠎ᠤ ᠠᠵᠢᠯ᠎ᠤᠨ ᠪᠠᠢᠷᠢ ᠵᠢᠴᠢ ᠲᠤᠭ᠎ᠠ ᠪᠠᠷᠢᠮᠳᠠ ᠵᠢ ᠰᠢᠢᠳᠪᠦᠷᠢᠯᠡᠬᠦ ᠲᠦᠷᠦᠯ᠎ᠤᠨ ᠪᠢᠴᠢᠭ᠎ᠤᠨ ᠠᠵᠢᠯ᠎ᠤᠨ ᠪᠠᠢᠷᠢ ᠳ᠋ᠤ ᠬᠦᠮᠦᠨ ᠬᠡᠷᠡᠭᠯᠡᠬᠦ ᠬᠡᠮᠵᠢᠶ᠎ᠡ ᠶᠠᠪᠤᠬᠤ ᠲᠤᠳᠤᠮ ᠪᠠᠭᠠᠰᠴᠤ᠂ ᠠᠵᠢᠯ ᠣᠯᠭᠣᠯᠲᠠ᠎ᠶ᠋ᠢᠨ ᠳᠠᠷᠤᠭᠠᠰᠤ᠎ᠤᠯᠠᠮ ᠲᠤᠪᠤᠢᠮ᠎ᠠ ᠪᠤᠯᠤᠨ᠎ᠠ᠃

ᠡᠢᠮᠦᠷᠬᠦᠦ ᠠᠬᠤᠢ ᠪᠠᠢᠳᠠᠯ ᠳᠣᠣᠷ᠎ᠠ᠂ ᠮᠡᠳᠡᠯᠭᠡ ᠪᠠ ᠤᠷ᠎ᠠ ᠴᠢᠳᠠᠪᠤᠷᠢ᠎ᠶ᠋ᠢᠨ ᠱᠢᠨᠡᠴᠢᠯᠡᠯᠲᠡ᠎ᠶ᠋ᠢᠨ ᠬᠤᠷᠳᠤᠴᠠ᠎ᠶ᠋ᠢ ᠲᠦᠷᠭᠡᠳᠭᠡᠵᠦ᠂ ᠱᠢᠨ᠎ᠡ ᠮᠡᠷᠭᠡᠵᠢᠯ᠎ᠦᠨ ᠱᠠᠭᠠᠷᠳᠠᠯᠭ᠎ᠠ ᠪᠠ ᠬᠥᠳᠡᠯᠮᠦᠷᠢ ᠬᠦᠴᠦᠨ᠎ᠦ ᠵᠠᠬ᠎ᠠ ᠳᠡᠯᠭᠡᠭᠦᠷ᠎ᠦᠨ ᠬᠤᠪᠢᠷᠠᠯᠲᠠ᠎ᠳᠤ ᠵᠣᠬᠢᠴᠠᠬᠤ ᠪᠣᠯ ᠵᠠᠩᠭᠢᠯᠠᠭ᠎ᠠ ᠪᠣᠯᠤᠨ᠎ᠠ᠃

《ᠪᠢ ᠤᠤᠯ ᠨᠢ ᠬᠥᠩᠭᠡᠵᠢᠭᠦᠯᠬᠦ᠌ ᠰᠠᠯᠠᠭ᠎ᠠ᠎ᠳᠤ ᠠᠵᠢᠯᠯᠠᠵᠤ ᠪᠠᠢᠬᠰᠠᠨ᠂ ᠵᠥᠪᠬᠡᠨ ᠬᠥᠩᠭᠡᠵᠢᠭᠦᠯᠬᠦ᠌ ᠰᠠᠯᠠᠭ᠎ᠠ᠎ᠶ᠋ᠢᠨ ᠮᠡᠰᠡ ᠵᠠᠰᠠᠯ᠎ᠢ ᠣᠢᠯᠠᠭᠠᠪᠠᠯ ᠪᠣᠯᠴᠢᠬᠠᠨ᠎ᠠ᠃ ᠦᠶ᠋ᠯᠡᠴᠢᠯᠡᠭᠡᠨ᠎ᠦ ᠮᠠᠱᠢᠨ ᠬᠥᠮᠦᠨ᠎ᠦ ᠬᠡᠷᠡᠭ᠌ᠯᠡᠭᠡᠨ᠎ᠦ ᠮᠡᠷᠭᠡᠵᠢᠯᠲᠡᠨ ᠪᠣᠯᠤᠭ᠍ᠰᠠᠨ᠎ᠤ ᠳᠠᠷᠠᠭ᠎ᠠ᠂ ᠪᠢ ᠠᠳᠠᠯᠢ ᠪᠤᠰᠤ ᠰᠠᠯᠠᠭᠠᠨ᠎ᠤ ᠠᠳᠠᠯᠢ ᠪᠤᠰᠤ ᠬᠡᠯᠪᠡᠷᠢ᠎ᠶ᠋ᠢᠨ ᠡᠮᠴᠢ᠎ᠳᠦ ᠬᠠᠨᠳᠤᠨ᠎ᠠ᠂ ᠡᠢᠮᠦ᠍᠎ᠡᠴᠡ ᠣᠯᠠᠨ ᠲᠥᠷᠥᠯ᠎ᠦᠨ ᠮᠡᠰᠡ ᠵᠠᠰᠠᠯ᠎ᠤᠨ ᠠᠷᠭ᠎ᠠ᠎ᠶ᠋ᠢ ᠰᠤᠷᠬᠤ ᠬᠡᠷᠡᠭ᠌ᠲᠡᠶ》 ᠭᠡᠵᠦ ᠸᠠᠩ ᠱᠢᠤᠢ ᠬᠡᠯᠡᠪᠡ᠃

ᠹᠧᠶ ᠲᠧ (ᠲᠢᠶᠠᠨᠵᠢᠨ) ᠱᠢᠯᠭᠠᠨ ᠪᠠᠢᠴᠠᠭᠠᠬᠤ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠼᠤᠤ ᠪᠢᠨ᠂ ᠮᠠᠱᠢᠨ ᠲᠡᠷᠭᠡᠨ᠎ᠦ ᠰᠡᠯᠪᠢᠭ ᠲᠣᠨᠣᠭ᠎ᠤᠨ ᠱᠢᠯᠭᠠᠨ ᠪᠠᠢᠴᠠᠭᠠᠯᠲᠠ 《ᠬᠥᠮᠦᠨ᠎ᠦ ᠬᠦᠴᠦ᠍᠎ᠪᠡᠷ ᠪᠠᠢᠴᠠᠭᠠᠬᠤ》 ᠡᠴᠡ《ᠣᠶᠤᠨᠴᠢ ᠮᠠᠰᠢᠨ᠎ᠢᠶᠡᠷ ᠪᠠᠢᠴᠠᠭᠠᠬᠤ》 ᠳᠡᠢᠰᠢ ᠱᠢᠯᠵᠢᠬᠦ᠌ ᠪᠠᠢᠳᠠᠯ᠎ᠳᠦ ᠵᠤᠬᠢᠴᠠᠬᠤ᠎ᠶ᠋ᠢᠨ ᠲᠥᠯᠥᠭᠡ᠂ ᠺᠣᠮᠫᠠᠨᠢ᠎ᠶ᠋ᠢᠨ ᠮᠡᠷᠭᠡᠵᠢᠯ᠎ᠦᠨ ᠪᠦᠯᠬᠦᠮ᠎ᠨᠢ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠢᠲ᠋ᠠ᠎ᠶ᠋ᠢᠨ ᠬᠡᠷᠡᠭ᠌ᠯᠡᠯᠲᠡ ᠵᠡᠷᠭᠡ ᠬᠦᠷᠢᠶᠡᠨ᠎ᠳᠦ ᠲᠠᠰᠤᠷᠠᠯᠲᠠ ᠥᠬᠡᠶ ᠰᠤᠷᠤᠯᠴᠠᠨ ᠱᠢᠪᠲᠤᠯᠤᠯᠲᠠ ᠭᠠᠷᠭᠠᠬᠤ ᠴᠢᠬᠤᠯᠠᠳᠠᠢ ᠪᠤᠯᠵᠠᠢ ᠭᠡᠵᠦ ᠳᠠᠨᠢᠯᠴᠠᠭᠤᠯᠪᠠ᠃

ᠳᠡᠯᠡᠬᠡᠶ᠎ᠶ᠋ᠢᠨ ᠠᠵᠤ ᠠᠬᠤᠶ᠎ᠶ᠋ᠢᠨ ᠶᠠᠷᠢᠶᠠᠨ᠎ᠤ ᠲᠠᠪᠴᠠᠩ᠎ᠤᠨ 2025 ᠣᠨ᠎ᠳᠤ ᠨᠡᠢᠲᠡᠯᠡᠭ᠌ᠰᠡᠨ ᠮᠡᠳᠡᠭᠦᠯᠦᠯᠲᠡ᠎ᠳᠦ ᠵᠢᠱ᠌ᠢᠭ᠌ᠰᠡᠨ᠎ᠢᠶᠡᠷ᠂ 2030 ᠣᠨ ᠪᠣᠯᠬᠤ᠎ᠳᠤ᠂ ᠪᠥᠬᠥ᠌ ᠳᠡᠯᠡᠬᠡᠶ᠎ᠶ᠋ᠢᠨ 9200 ᠲᠦᠮᠡᠨ ᠠᠵᠢᠯ᠎ᠤᠨ ᠪᠠᠢᠷᠢ ᠣᠷᠣᠯᠠᠭ᠍ᠳᠠᠬᠤ ᠪᠣᠯᠪᠠᠴᠤ᠌ 1.7 ᠳ᠋ᠦᠩᠱᠢᠭᠤᠷ ᠠᠵᠢᠯ᠎ᠤᠨ ᠪᠠᠢᠷᠢ᠎ᠶ᠋ᠢ ᠱᠢᠨ᠎ᠡ᠎ᠪᠡᠷ ᠡᠭᠦᠳᠴᠦ᠍᠂ ᠠᠵᠢᠯ ᠣᠯᠭᠣᠯᠳᠠ᠎ᠶᠢᠨ ᠲᠣᠬᠢᠶᠠᠯ 7800 ᠲᠦᠮᠡ ᠴᠡᠪᠡᠷ ᠨᠡᠮᠡᠭ᠌ᠳᠡᠬᠦ᠌ ᠪᠣᠯᠤᠨ᠎ᠠ᠃

《ᠠᠵᠤ ᠦᠶ᠋ᠯᠡᠳᠪᠦᠷᠢ᠎ᠶ᠋ᠢᠨ ᠬᠤᠪᠢᠰᠭᠠᠯ ᠡᠴᠡ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠬᠤᠪᠢᠰᠭᠠᠯ ᠬᠦᠷᠲᠡᠯ᠎ᠡ᠂ ᠤᠳᠠᠭ᠎ᠠ ᠪᠦᠷᠢ᠎ᠶ᠋ᠢᠨ ᠴᠢᠬᠤᠯᠠ ᠶᠡᠬᠡ ᠮᠡᠷᠭᠡᠵᠢᠯ᠎ᠦᠨ ᠬᠤᠪᠢᠰᠤᠯᠲᠠ᠎ᠨᠢ ᠴᠥᠮ ᠠᠵᠢᠯ ᠣᠯᠭᠣᠯᠲᠠ᠎ᠶ᠋ᠢᠨ ᠲᠤᠬᠠᠶ ᠰᠠᠨᠠᠭᠠᠱᠢᠷᠠᠯ᠎ᠢ ᠡᠭᠦᠰᠭᠡᠭ᠌ᠰᠡᠨ ᠪᠣᠯᠪᠠᠴᠤ᠌ ᠡᠴᠦᠰ᠎ᠲᠡᠬᠡᠨ ᠴᠥᠮ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ᠎ᠪᠠᠷ ᠳᠠᠮᠵᠢᠨ ᠦᠶ᠋ᠯᠡᠳᠪᠦᠷᠢᠯᠡᠯ᠎ᠦᠨ ᠬᠦᠴᠦᠨ᠎ᠦ ᠳᠡᠭᠡᠭ᠌ᠰᠢᠯᠡᠯᠲᠡ᠂ ᠠᠵᠢᠯ ᠣᠯᠭᠣᠯᠲᠠ᠎ᠶ᠋ᠢᠨ ᠪᠦᠲᠦᠴᠡ᠎ᠶ᠋ᠢᠨ ᠱᠢᠯᠢᠳᠡᠭ᠌ᠵᠢᠯᠲᠡ ᠪᠠ ᠠᠵᠢᠯ ᠣᠯᠭᠣᠯᠲᠠ᠎ᠶ᠋ᠢᠨ ᠠᠵᠢᠯ᠎ᠤᠨ ᠪᠠᠢᠷᠢ᠎ᠶ᠋ᠢᠨ ᠱᠢᠨ᠎ᠡ ᠨᠡᠮᠡᠭ᠌ᠳᠡᠯ᠎ᠢ ᠪᠡᠶᠡᠯᠡᠭᠦᠯᠦᠭ᠌ᠰᠡᠨ ᠶᠤᠮ》᠃ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ ᠳᠡᠳ᠋ ᠰᠠᠢᠳ ᠵᠠᠩ ᠶᠦᠨ ᠮᠢᠩ᠂ ᠡᠨᠡ ᠪᠣᠯ ᠲᠡᠦᠬᠡ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣᠨ᠎ᠳᠤ ᠭᠡᠷᠡᠴᠢᠯᠡᠭ᠌ᠳᠡᠭ᠌ᠰᠡᠨ ᠯᠠᠪᠲᠠᠶ ᠱᠢᠶ᠋ᠳᠪᠦᠷᠢᠯᠡᠵᠦ᠍ ᠳᠡᠢᠯᠬᠦ᠌ ᠠᠰᠠᠭᠤᠳᠠᠯ ᠮᠥᠨ ᠭᠡᠪᠡ᠃

ᠠᠵᠢᠯ ᠲᠥᠷᠥᠯ᠎ᠦᠨ ᠲᠤᠰᠭᠠᠶ ᠮᠡᠷᠭᠡᠵᠢᠯᠲᠡᠨ᠂ ᠤᠷ᠎ᠠ ᠴᠢᠳᠠᠪᠤᠷᠢ᠎ᠶ᠋ᠢᠨ ᠬᠡᠷᠡᠭ᠌ᠴᠡᠭᠡ᠎ᠶ᠋ᠢᠨ ᠬᠠᠨᠳᠤᠰᠢ᠎ᠳᠤ ᠵᠣᠬᠢᠴᠠᠭᠤᠯᠤᠨ᠂ ᠤᠷ᠎ᠠ ᠴᠢᠳᠠᠪᠤᠷᠢ᠎ᠶ᠋ᠢᠨ ᠲᠦᠪᠱᠢᠨ᠎ᠢᠶᠡᠨ ᠦᠷᠭᠦᠯᠵᠢᠯᠡᠨ ᠳᠡᠭᠡᠭ᠌ᠰᠢᠯᠡᠭᠦᠯᠪᠡᠯ᠂ ᠠᠵᠢᠯ ᠤᠯᠬᠤ ᠲᠣᠬᠢᠶᠠᠯ᠎ᠢ ᠨᠠᠩ ᠰᠠᠢᠨ ᠡᠵᠡᠮᠳᠡᠵᠦ᠍᠂ ᠵᠣᠬᠢᠶᠠᠮᠠᠯ ᠣᠶᠤᠨ ᠴᠢᠳᠠᠪᠤᠷᠢ᠎ᠶ᠋ᠢᠨ ᠤᠷᠤᠰᠭᠠᠯ ᠳᠤᠮᠳᠠ ᠬᠥᠯ ᠲᠣᠭ᠍ᠲᠠᠵᠤ᠂ ᠬᠤᠪᠢ ᠬᠥᠮᠦᠨ᠎ᠦ ᠠᠵᠢᠯ ᠦᠢᠯᠡᠰ᠎ᠦᠨ ᠬᠥᠭ᠌ᠵᠢᠯᠲᠡ ᠬᠢᠭᠡᠳ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢᠨ ᠵᠡᠷᠭᠡ ᠪᠡᠷ ᠬᠥᠭ᠌ᠵᠢᠬᠦ᠌᠎ᠶ᠋ᠢ ᠪᠡᠶᠡᠯᠡᠭᠦᠯᠵᠦ᠍ ᠴᠢᠳᠠᠨ᠎ᠠ ᠭᠡᠵᠦ ᠢᠯᠡᠳᠬᠡᠪᠡ᠃

ᠱᠢᠨ᠎ᠡ ᠵᠢᠷᠤᠭ ᠲᠥᠰᠦᠪ᠄ ᠲᠤᠭᠠᠴᠢᠯᠠᠯᠳᠠ ᠤᠶᠤᠨᠴᠢᠯᠠᠯᠳᠠ᠎ᠶᠢᠨ ᠬᠤᠪᠢᠰᠤᠯᠲᠠ᠎ᠶ᠋ᠢ ᠢᠳᠡᠪᠬᠢᠲᠡᠶ ᠤᠭ᠍ᠲᠤᠨ᠎ᠠ

ᠱᠠᠩᠬᠠᠢ᠎ᠶ᠋ᠢᠨ ᠦᠢᠯᠡᠳᠪᠦᠷᠢᠯᠡᠯ ᠪᠣᠯᠪᠠᠰᠤᠷᠠᠯ᠎ᠢ ᠠᠭᠤᠰᠤᠯᠴᠠᠭᠤᠯᠬᠤ ᠤᠷ᠎ᠠ ᠴᠢᠳᠠᠪᠤᠷᠢ᠎ᠶ᠋ᠢᠨ ᠬᠥᠭ᠌ᠵᠢᠯᠲᠡ᠎ᠶ᠋ᠢᠨ ᠲᠥᠪ᠎ᠦᠨ ᠼᠤᠤ ᠾᠧ ᠵᠢᠩ ᠵᠣᠬᠢᠶᠠᠮᠠᠯ ᠤᠶᠤᠨ ᠴᠢᠳᠠᠪᠤᠷᠢ᠎ᠶ᠋ᠢᠨ ᠬᠤᠪᠢᠶᠠᠷᠢ ᠲᠥᠪ᠎ᠲᠦ᠂ ᠠᠵᠢᠯ ᠡᠷᠢᠭ᠌ᠰᠡᠳ ᠶᠠᠭ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠬᠢᠨᠠᠨ ᠡᠵᠡᠮᠳᠡᠬᠦ᠂ ᠣᠷᠭᠠᠨᠢᠭ ᠬᠢᠮᠢ ᠵᠡᠷᠭᠡ ᠤᠯᠠᠨ ᠦᠵᠡᠭᠳᠡᠯ ᠪᠠᠢᠳᠠᠯ᠎ᠤᠨ ᠲᠣᠭᠣᠷᠢᠨ᠎ᠳᠤ᠂  ᠬᠦᠮᠦᠨ ᠬᠢᠬᠡᠳ ᠮᠠᠰᠢᠨ᠎ᠤ ᠬᠠᠷᠢᠯᠴᠠᠨ ᠰᠤᠯᠢᠯᠴᠠᠬᠤ ᠶᠠᠪᠤᠴᠠ ᠵᠢᠨ ᠵᠢᠷᠤᠭ ᠲᠦᠯᠦᠪᠯᠡᠬᠡ ᠵᠢᠨ ᠮᠡᠷᠭᠡᠵᠢᠯ ᠵᠡᠷᠭᠡ ᠬᠢᠴᠢᠶᠡᠯ᠎ᠢ ᠰᠤᠷᠤᠯᠴᠠᠵᠤ ᠪᠠᠢᠨ᠎ᠠ᠃

《ᠪᠢᠳᠡ ᠱᠠᠩᠬᠠᠶ ᠬᠣᠲᠠ᠎ᠶ᠋ᠢᠨ ᠱᠢᠤᠢ ᠬᠣᠶ ᠲᠣᠭᠣᠷᠢᠭ᠎ᠤᠨ ᠵᠣᠬᠢᠶᠠᠮᠠᠯ ᠣᠶᠤᠨ ᠴᠢᠳᠠᠪᠤᠷᠢ᠎ᠶᠢᠨ ᠤᠯᠠᠨ ᠠᠵᠤ ᠠᠬᠤᠢᠯᠠᠯ᠎ᠲᠠᠶ ᠬᠣᠯᠪᠣᠭᠠᠯᠠᠨ᠂ 〈ᠱᠢᠤᠢ ᠬᠣᠶ ᠵᠣᠬᠢᠶᠠᠮᠠᠯ ᠣᠶᠤᠨ ᠴᠢᠳᠠᠪᠤᠷᠢ᠎ᠶᠢᠨ ᠰᠤᠷᠭᠠᠭᠴᠢ〉ᠬᠥᠳᠡᠯᠮᠦᠷᠢ ᠦᠶ᠋ᠯᠡᠴᠢᠯᠡᠭᠡᠨ᠎ᠦ ᠳᠦᠷᠦᠯ ᠲᠡᠮᠳᠡᠭ᠎ᠢ ᠡᠭᠦᠳᠪᠡ》᠃ ᠱᠠᠩᠬᠠᠢ᠎ᠶ᠋ᠢᠨ ᠯᠢᠨ ᠭᠠᠩ᠎ᠤᠨ ᠼᠤᠤ ᠡᡁᠸ ᠵᠢᠩ ᠴᠢᠳᠠᠪᠤᠷᠢᠲᠠᠨ᠎ᠤ ᠬᠢᠵᠠᠭᠠᠷᠲᠤ ᠺᠣᠮᠫᠠᠨᠢ᠎ᠶ᠋ᠢᠨ ᠴᠢᠳᠠᠪᠤᠷᠢᠲᠠᠨ ᠡᠯᠰᠡᠬᠦ᠌ ᠲᠥᠪ᠎ᠦᠨ ᠶᠡᠷᠦᠩᠬᠡᠢ ᠬᠢᠨᠠᠭ᠍ᠴᠢ ᠮᠠ ᠵᠢᠶᠠ ᠯᠦ᠍᠂ ᠪᠢᠳᠡ 《ᠤᠯᠠᠮᠵᠢᠯᠠᠯᠲᠤ ᠠᠵᠢᠯ ᠲᠦᠷᠦᠯ + ᠵᠣᠬᠢᠶᠠᠮᠠᠯ ᠤᠶᠤᠨ ᠴᠢᠳᠠᠪᠤᠷᠢ᠎ᠶ᠋ᠢᠨ ᠰᠤᠷᠭᠠᠭᠴᠢ᠎ᠶ᠋ᠢᠨ ᠪᠣᠯᠪᠠᠰᠤᠷᠠᠯ + ᠲᠠᠯᠠᠪᠠᠢ᠎ᠳᠤ ᠰᠠᠭᠤᠵᠤ ᠦᠢᠯᠡᠴᠢᠯᠡᠭᠦ》 ᠪᠡᠷ ᠳᠠᠮᠵᠢᠵᠤ᠂ ᠠᠵᠤ ᠠᠬᠤᠢᠯᠠᠯ᠎ᠳᠤ ᠵᠣᠬᠢᠶᠠᠮᠠᠯ ᠤᠶᠤᠨ ᠴᠢᠳᠠᠪᠤᠷᠢ᠎ᠶ᠋ᠢᠨ ᠴᠢᠳᠠᠪᠤᠷᠢᠲᠠᠨ᠎ᠢ ᠬᠦᠷᠭᠡᠵᠦ᠍᠂ ᠬᠥᠳᠡᠯᠮᠦᠷᠢᠴᠢᠳ᠎ᠲᠦ ᠠᠵᠢᠯ ᠣᠯᠭᠣᠯᠲᠠ᠎ᠶ᠋ᠢᠨ ᠱᠢᠨ᠎ᠡ ᠣᠷᠣᠨ ᠵᠠᠢ᠎ᠶ᠋ᠢ ᠨᠡᠭᠡᠭᠡᠵᠦ᠍ ᠥᠭ᠌ᠴᠡᠢ ᠭᠡᠪᠡ᠃

ᠲᠤᠭᠠᠴᠢᠯᠠᠯᠳᠠ ᠤᠶᠤᠨᠴᠢᠯᠠᠯᠳᠠ᠎ᠶᠢᠨ ᠬᠤᠪᠢᠰᠤᠯᠲᠠ᠎ᠶ᠋ᠢ ᠤᠬᠳᠤᠵᠤ᠂ ᠠᠵᠢᠯ ᠣᠯᠭᠣᠯᠲᠠ᠎ᠶ᠋ᠢᠨ ᠦᠶ᠋ᠯᠡᠴᠢᠯᠡᠭᠡ ᠵᠢ ᠲᠠᠰᠤᠷᠠᠯᠲᠠ ᠦᠭᠡᠢ ᠬᠠᠩᠭᠠᠵᠤ᠂ ᠲᠥᠷᠥ᠎ᠶ᠋ᠢᠨ ᠪᠣᠳᠣᠯᠭ᠎ᠠ ᠵᠢᠨ ᠲᠡᠮᠵᠢᠯᠬᠡ ᠦᠷᠭᠦᠯᠵᠢᠯᠡᠨ ᠴᠢᠩᠭᠠᠷᠠᠪᠠ᠃

《ᠵᠣᠬᠢᠶᠠᠮᠠᠯ ᠣᠶᠤᠨ ᠴᠢᠳᠠᠪᠤᠷᠢ +》 ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠬᠦ᠌ ᠲᠤᠬᠠᠶ ᠰᠠᠨᠠᠯ᠎ᠳᠤ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠥᠷᠨᠢᠭᠦᠯᠬᠦ᠌᠎ᠶ᠋ᠢ ᠶᠡᠬᠡ᠎ᠪᠡᠷ ᠳᠡᠮᠵᠢᠵᠦ᠍᠂ ᠵᠣᠬᠢᠶᠠᠮᠠᠯ ᠣᠶᠤᠨ ᠴᠢᠳᠠᠪᠤᠷᠢ᠎ᠶ᠋ᠢᠨ ᠱᠢᠨ᠎ᠡ᠎ᠶ᠋ᠢ ᠡᠭᠦᠳᠴᠦ᠍ ᠦᠶ᠋ᠯᠡᠰ ᠪᠤᠰᠭᠠᠬᠤ ᠪᠠ ᠳᠠᠬᠢᠨ ᠠᠵᠢᠯ ᠤᠯᠬᠤ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ ᠭᠡᠵᠦ ᠳᠤᠷᠠᠳᠪᠠ᠃ ᠣᠢᠷ᠎ᠠ᠎ᠳᠤ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ ᠵᠡᠷᠭᠡ ᠨᠠᠶ᠋ᠮᠠᠨ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠪᠠᠭᠤᠯᠭᠠᠵᠤ᠂ ᠵᠣᠬᠢᠶᠠᠮᠠᠯ ᠣᠶᠤᠨ ᠴᠢᠳᠠᠪᠤᠷᠢ᠎ᠶᠢᠨ ᠠᠵᠤ ᠦᠶ᠋ᠯᠡᠰ᠎ᠦᠨ ᠴᠢᠳᠠᠪᠤᠷᠢᠲᠠᠨ᠎ᠤ ᠬᠡᠷᠡᠭ᠌ᠴᠡᠭᠡ᠎ᠶ᠋ᠢ ᠲᠥᠰᠦᠭᠡᠯᠡᠬᠦ᠌᠂ ᠴᠢᠳᠠᠪᠤᠷᠢᠲᠠᠨ᠎ᠤ ᠬᠡᠷᠡᠭ᠌ᠴᠡᠭᠡ᠎ᠶ᠋ᠢ ᠲᠥᠰᠦᠭᠡᠯᠡᠬᠰᠡᠨ ᠮᠡᠳᠡᠭᠦᠯᠦᠯᠲᠡ᠎ᠶ᠋ᠢ ᠨᠡᠢᠲᠡᠯᠡᠬᠦ᠌᠂ ᠶᠡᠬᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠬᠠᠮᠢᠶ᠎ᠠ ᠪᠥᠬᠥᠶ ᠱᠢᠨᠵᠢᠯᠡᠭᠡᠨ᠎ᠦ ᠰᠠᠯᠠᠭ᠎ᠠ ᠲᠤᠰᠭᠠᠶ ᠮᠡᠷᠭᠡᠵᠢᠯ᠎ᠢ ᠤᠷᠢᠳᠴᠢᠯᠠᠨ ᠪᠠᠢᠷᠢᠯᠠᠭᠤᠯᠬᠤ᠂ ᠲᠣᠬᠢᠷᠠᠭᠤᠯᠤᠨ ᠱᠢᠯᠢᠳᠡᠭ᠌ᠵᠢᠭᠦᠯᠬᠦ᠌ ᠵᠢ ᠳᠡᠮᠵᠢᠬᠦ ᠵᠡᠷᠭᠡ ᠠᠷᠭ᠎ᠠ ᠬᠡᠮᠵᠢᠶ᠎ᠡ᠎ᠶ᠋ᠢ ᠪᠠᠢᠷᠢᠯᠠᠭᠤᠯᠤᠨ ᠥᠷᠨᠢᠭᠦᠯᠪᠡ᠃

ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠎ᠤ ᠰᠠᠢᠳ ᠸᠠᠩ ᠱᠢᠶᠤᠤ ᠫᠢᠩ᠂ ᠵᠣᠬᠢᠶᠠᠮᠠᠯ ᠣᠶᠤᠨ ᠴᠢᠳᠠᠪᠤᠷᠢ᠎ᠶᠢᠨ ᠠᠵᠢᠯ ᠣᠯᠭᠣᠯᠲᠠ᠎ᠶ᠋ᠢᠨ ᠨᠥᠯᠥᠭᠡ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠠᠷᠭᠠᠴᠠᠭᠠᠬᠤ ᠱᠢᠰᠲ᠋ᠧᠮ᠎ᠢ ᠲᠦᠷᠭᠡᠪᠴᠢᠯᠡᠨ ᠪᠠᠢᠭᠤᠯᠵᠤ᠂ ᠠᠵᠢᠯ ᠣᠯᠭᠣᠯᠲᠠ᠎ᠳᠦ ᠨᠥᠬᠥᠷᠰᠡᠭ ᠬᠡᠯᠪᠡᠷᠢ᠎ᠶ᠋ᠢᠨ ᠮᠡᠷᠭᠡᠵᠢᠯ᠎ᠦᠨ ᠬᠥᠭ᠌ᠵᠢᠯᠲᠡ᠎ᠶ᠋ᠢᠨ ᠠᠷᠭ᠎ᠠ ᠵᠠᠮ᠎ᠢ ᠪᠠᠢᠭᠤᠯᠤᠨ᠎ᠠ ᠭᠡᠵᠦ ᠢᠯᠡᠳᠬᠡᠪᠡ᠃

ᠡᠯ᠎ᠡ ᠭᠠᠵᠠᠷ᠎ᠤᠨ᠎ᠬᠢᠨ ᠪᠠᠰᠠ ᠦᠷᠭᠦᠯᠵᠢᠯᠡᠨ ᠰᠥᠪᠡᠭ᠌ᠴᠢᠯᠡᠵᠦ᠍ ᠪᠠᠢᠨ᠎ᠠ᠄ ᠾᠧᠨᠠᠨ ᠮᠤᠵᠢ ᠪᠡᠶ᠎ᠡ ᠪᠠᠨ ᠲᠠᠭᠠᠭᠠᠵᠤ ᠪᠤᠢ ᠪᠤᠯᠬᠤ ᠬᠡᠯᠪᠡᠷᠢ᠎ᠶ᠋ᠢᠨ ᠵᠣᠬᠢᠶᠠᠮᠠᠯ ᠣᠶᠤᠨ ᠴᠢᠳᠠᠪᠤᠷᠢ᠎ᠶ᠋ᠢᠨ ᠬᠡᠷᠡᠭ᠌ᠯᠡᠭᠡᠨ᠎ᠦ ᠪᠣᠯᠪᠠᠰᠤᠷᠠᠯ᠎ᠢ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠨᠥᠬᠥᠪᠥᠷᠢ ᠦᠭᠬᠦ ᠬᠡᠪᠴᠢᠶᠡᠨ᠎ᠳᠦ ᠣᠷᠣᠭᠤᠯᠪᠠ; ᠭᠦᠶ᠋ᠵᠧᠸ᠋ ᠮᠤᠵᠢ 2030 ᠣᠨ ᠪᠣᠯᠬᠤ᠎ᠳᠤ ᠶᠡᠬᠡ ᠳᠤᠮᠳᠠᠳᠤ ᠪᠠᠭ᠎ᠠ ᠰᠤᠷᠭᠠᠭᠤᠯᠢ ᠵᠢᠴᠢ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢ ᠬᠠᠮᠤᠷᠤᠭ᠍ᠰᠠᠨ ᠵᠣᠬᠢᠶᠠᠮᠠᠯ ᠣᠶᠤᠨ ᠴᠢᠳᠠᠪᠤᠷᠢ᠎ᠶ᠋ᠢ ᠨᠢᠭᠡ ᠴᠤᠭ᠍ᠴᠠᠵᠢᠭᠤᠯᠤᠭ᠍ᠰᠠᠨ ᠰᠤᠷᠭᠠᠨ ᠬᠥᠮᠦᠵᠢᠯ᠎ᠤᠨ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠤᠨ᠎ᠠ ᠭᠡᠵᠦ᠍ ᠳᠤᠷᠠᠳᠪᠠ᠁

《ᠵᠣᠬᠢᠶᠠᠮᠠᠯ ᠣᠶᠤᠨ ᠴᠢᠳᠠᠪᠤᠷᠢ᠎ᠶ᠋ᠢᠨ ᠮᠡᠷᠭᠡᠵᠢᠯ᠎ᠢ ᠴᠢᠳᠠᠮᠠᠭᠠᠶ ᠬᠡᠷᠡᠭ᠌ᠯᠡᠪᠡᠯ ᠠᠵᠤ ᠠᠬᠤᠢᠯᠠᠯ᠎ᠳᠤ ᠨᠠᠩ ᠰᠠᠢᠳᠤᠷ ᠦᠶ᠋ᠯᠡᠴᠢᠯᠡᠵᠦ᠍᠂ ᠠᠵᠢᠯ ᠣᠯᠭᠣᠯᠲᠠ᠎ᠶ᠋ᠢ ᠠᠬᠢᠭᠤᠯᠵᠤ ᠪᠣᠯᠤᠨ᠎ᠠ》᠃ ᡁᠢ ᠲᠦᠩ ᠴᠢᠳᠠᠪᠤᠷᠢᠲᠠᠨ᠎ᠤ ᠬᠣᠯᠪᠣᠭᠠᠲᠤ ᠪᠦᠯᠦᠭ᠌ᠯᠡᠯ᠎ᠦᠨ ᠶᠡᠷᠦᠩᠬᠡᠢ ᠵᠠᠬᠢᠷᠤᠯ ᠯᠢ ᠭᠠᠩ᠂ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠢᠯᠡᠴᠢᠯᠡᠭᠡᠨ᠎ᠦ ᠪᠠᠢᠭᠤᠯᠤᠮᠵᠢ᠎ᠶ᠋ᠢᠨ ᠬᠢᠨ ᠲᠤᠮᠤ ᠳ᠋ᠠᠢᠲ᠋ᠠ᠂ ᠤᠶᠤᠨᠲᠤ ᠵᠤᠬᠢᠴᠠᠭᠤᠯᠬᠤ  ᠮᠡᠷᠭᠡᠵᠢᠯ ᠪᠣᠯᠤᠨ AI ᠪᠤᠳᠤᠯᠳᠠ᠎ᠶᠢᠨ ᠠᠷᠭ᠎ᠠ᠎ᠳᠤ ᠲᠦᠱᠢᠭ᠌ᠯᠡᠨ ᠱᠢᠭ᠌ᠰᠢᠨ ᠰᠣᠩᠭᠣᠵᠤ᠂ ᠤᠷᠢᠵᠤ ᠬᠡᠷᠡᠭ᠌ᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠬᠥᠮᠦᠨ ᠪᠠ ᠠᠵᠢᠯ᠎ᠤᠨ ᠪᠠᠢᠷᠢ᠎ᠶ᠋ᠢᠨ ᠣᠨᠣᠪᠴᠢᠲᠠᠢ ᠵᠤᠬᠢᠴᠠᠯᠳᠤᠬᠤ᠎ᠶ᠋ᠢ ᠠᠬᠢᠭᠤᠯᠵᠤ ᠪᠣᠯᠤᠨ᠎ᠠ ᠭᠡᠪᠡ᠃

ᠹᠦᠳᠠᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠰᠤᠳᠤᠯᠭᠠᠨ᠎ᠤ ᠬᠦᠷᠢᠶᠡᠯᠡᠩ᠎ᠦᠨ ᠳᠡᠳ᠋ ᠰᠤᠳᠤᠯᠤᠭ᠍ᠴᠢ ᠯᠢ ᠯᠢᠩ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠱᠢᠨ᠎ᠡ᠎ᠶ᠋ᠢ ᠡᠭᠦᠳᠬᠦ᠌ ᠪᠠ ᠵᠠᠰᠠᠯᠲᠠ᠎ᠶ᠋ᠢᠨ ᠲᠡᠩᠴᠡᠭᠦᠷᠢ᠎ᠶ᠋ᠢᠨ ᠴᠡᠭ᠎ᠢ ᠡᠵᠡᠮᠳᠡᠵᠦ᠍᠂ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠲᠦᠱᠢᠭ᠌ᠯᠡᠨ ᠦᠶ᠋ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠳᠦ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠵᠦ᠍᠂ ᠵᠣᠬᠢᠶᠠᠮᠠᠯ ᠣᠶᠤᠨ ᠴᠢᠳᠠᠪᠤᠷᠢ᠎ᠶ᠋ᠢᠨ ᠲᠦᠭᠡᠮᠡᠯ ᠬᠠᠷᠠᠭᠠᠯᠵᠠᠯᠳᠤ ᠴᠢᠨᠠᠷᠲᠠᠶ ᠬᠥᠭ᠌ᠵᠢᠯᠲᠡ᠎ᠶ᠋ᠢ ᠠᠬᠢᠭᠤᠯᠬᠤ᠎ᠨᠢ ᠵᠣᠬᠢᠶᠠᠮᠠᠯ ᠣᠶᠤᠨ ᠴᠢᠳᠠᠪᠤᠷᠢ᠎ᠶ᠋ᠢᠨ ᠠᠵᠢᠯ ᠣᠯᠭᠣᠯᠲᠠ᠎ᠶ᠋ᠢ ᠳᠠᠢᠴᠢᠯᠠᠬᠤ ᠦᠶ᠋ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠬᠥᠳᠡᠯᠮᠦᠷᠢᠴᠢᠳ᠎ᠦᠨ ᠡᠷᠬᠡ ᠠᠱᠢᠭ᠎ᠢ ᠨᠠᠩ ᠰᠠᠢᠲᠤᠷ ᠪᠠᠲᠤᠯᠠᠬᠤ᠎ᠳᠤ ᠠᠱᠢᠭ᠍ᠲᠠᠶ ᠶᠤᠮ ᠭᠡᠵᠦ᠍ ᠢᠯᠡᠳᠭᠡᠪᠡ᠃

(ᠰᠢᠨᠬᠤᠸᠠ ᠬᠤᠷᠢᠶ᠎ᠠ᠎ᠶᠢᠨ ᠪᠡᠭᠡᠵᠢᠩ᠎ᠤᠨ 1 ᠰᠠᠷ᠎ᠠ᠎ᠶᠢᠨ 24 ᠤ᠋ ᠴᠠᠬᠢᠯᠭᠠᠨ ᠮᠡᠳᠡᠭᠡ ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号