ᠰᠤᠷᠪᠤᠯᠵᠢᠯᠠᠭᠴᠢ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠷᠬᠡᠭᠯᠢᠭ ᠤ᠋ᠨ ᠶᠠᠰᠤ ᠴᠢᠨᠠᠷ ᠢ᠋ ᠬᠢᠨᠠᠨ ᠬᠡᠮᠵᠢᠬᠦ᠌ ᠲᠥᠪ ᠡᠴᠡ ᠤᠢᠯᠠᠭᠠᠬᠰᠠᠨ ᠢ᠋ᠶ᠋ᠡᠷ᠂ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠷᠬᠡᠭᠯᠢᠭ ᠤ᠋ᠨ ᠶᠠᠰᠤ ᠴᠢᠨᠠᠷ ᠢ᠋ ᠬᠢᠨᠠᠨ ᠬᠡᠮᠵᠢᠬᠦ᠌ ᠲᠥᠪ ᠪᠦᠷ ᠱᠢᠨᠵᠢᠶᠠᠩ ᠤ᠋ᠨ ᠺᠤᠷᠯᠠ ᠶ᠋ᠢᠨ ᠬᠠᠮᠲᠤᠷᠠᠨ ᠪᠠᠢᠭᠤᠯᠤᠭ᠍ᠰᠠᠨ ᠲᠤᠷᠱᠢᠯᠲᠠ ᠶ᠋ᠢᠨ ᠲᠠᠰᠤᠭ ᠤ᠋ᠨ ᠬᠥᠪᠥᠩ ᠢ᠋ ᠬᠡᠮᠵᠢᠭᠦᠷᠯᠢᠭ᠌ᠵᠢᠭᠦᠯᠦᠨ ᠠᠯᠪᠠᠨ ᠡᠴᠡ ᠭᠡᠷᠡᠴᠢᠯᠡᠵᠦ ᠱᠢᠯᠭᠠᠨ ᠪᠠᠢᠴᠠᠭᠠᠬᠤ ᠠᠵᠢᠯ 2025 ᠤᠨ ᠤ᠋ 10 ᠰᠠᠷ᠎ᠠ ᠶ᠋ᠢᠨ ᠡᠬᠢ ᠪᠡᠷ ᠡᠬᠢᠯᠡᠭᠰᠡᠨ ᠡᠴᠡ ᠨᠠᠭᠠᠰᠢ 2026 ᠤᠨ ᠤ᠋ 1 ᠰᠠᠷ᠎ᠠ ᠶ᠋ᠢᠨ 12 ᠤ᠋ᠨ ᠡᠳᠦᠷ ᠪᠤᠯᠲᠠᠯ᠎ᠠ ᠨᠢᠭᠡᠨᠲᠡ 70.5 ᠲᠦᠮᠡᠨ ᠲᠤᠨ ᠬᠦᠪᠦᠩ ᠢ᠋ ᠰᠢᠯᠭᠠᠨ ᠪᠠᠢᠴᠠᠭᠠᠵᠤ᠂ ᠱᠢᠯᠭᠠᠨ ᠪᠠᠢᠴᠠᠭᠠᠬᠰᠠᠨ ᠠᠬᠢᠴᠠ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠨ12% ᠪᠡᠷ ᠳᠡᠭᠡᠭᠰᠢᠯᠡᠪᠡ᠃
ᠠᠯᠪᠠᠨ ᠡᠴᠡ ᠭᠡᠷᠡᠴᠢᠯᠡᠵᠦ ᠱᠢᠯᠭᠠᠨ ᠪᠠᠢᠴᠠᠭᠠᠬᠤ ᠲᠣᠭ᠎ᠠ ᠪᠠᠷᠢᠮᠲᠠ ᠶ᠋ᠢᠨ ᠱᠢᠨᠵᠢᠯᠡᠬᠦ᠌ ᠤᠬᠠᠭᠠᠨᠴᠢ ᠴᠢᠨᠠᠷ ᠪᠠ ᠣᠨᠣᠪᠴᠢᠲᠤ ᠴᠢᠨᠠᠷ ᠢ᠋ ᠪᠠᠲᠤᠯᠠᠬᠤ ᠶ᠋ᠢᠨ ᠲᠥᠯᠥᠭᠡ ᠲᠤᠰ ᠲᠤᠷᠱᠢᠯᠲᠠ ᠶ᠋ᠢᠨ ᠲᠠᠰᠤᠭ ᠣᠯᠠᠨ ᠵᠦᠶ᠋ᠯ ᠤ᠋ᠨ ᠠᠷᠭ᠎ᠠ ᠬᠡᠮᠵᠢᠶ᠎ᠡ ᠵᠢ ᠵᠡᠷᠭᠡ ᠪᠡᠷ ᠬᠡᠷᠡᠭ᠌ᠯᠡᠵᠦ᠍ ᠪᠥᠬᠥ᠌ ᠶᠠᠪᠤᠴᠠ ᠶ᠋ᠢᠨ ᠶᠠᠰᠤ ᠴᠢᠨᠠᠷ ᠤ᠋ᠨ ᠬᠠᠮᠢᠶᠠᠷᠤᠯᠲᠠ ᠡᠵᠡᠮᠳᠡᠯ ᠢ᠋ ᠴᠢᠩᠭᠠᠳᠭᠠᠪᠠ᠃ ᠰᠥᠨᠢ ᠶ᠋ᠢᠨ ᠵᠢᠵᠢᠭᠦᠷ ᠤ᠋ᠨ ᠲᠦᠷᠢᠮ ᠢ᠋ ᠴᠢᠩᠭ᠎ᠠ ᠨᠠᠢᠳᠠᠪᠤᠷᠢᠵᠢᠭᠤᠯᠵᠤ᠂ ᠲᠤᠰᠭᠠᠶ ᠬᠥᠮᠦᠨ ᠲᠣᠬᠢᠷᠠᠭᠤᠯᠤᠨ ᠪᠦᠬᠦᠯᠢ ᠡᠳᠦᠷ ᠢ᠋ᠶ᠋ᠡᠷ ᠲᠤᠷᠱᠢᠯᠲᠠ ᠶ᠋ᠢᠨ ᠲᠠᠰᠤᠭ ᠤ᠋ᠨ ᠳᠤᠯᠠᠭᠠᠨ ᠪᠠ ᠴᠢᠭᠢᠭ ᠤ᠋ᠨ ᠬᠡᠮᠵᠢᠶ᠎ᠡ ᠵᠢ ᠬᠢᠨᠠᠨ ᠡᠵᠡᠮᠳᠡᠵᠦ᠍᠂ ᠲᠤᠷᠱᠢᠯᠲᠠ ᠶ᠋ᠢᠨ ᠲᠠᠰᠤᠭ ᠤ᠋ᠨ ᠠᠮᠤᠷ ᠲᠦᠪᠱᠢᠨ ᠤ᠋ ᠰᠡᠷᠭᠡᠢᠯᠡᠯᠲᠡ ᠶ᠋ᠢᠨ ᠱᠤᠭᠤᠮ ᠢ᠋ ᠪᠠᠲᠤ ᠴᠤᠬᠴᠠᠯᠠᠪᠠ; ᠱᠢᠯᠭᠠᠨ ᠪᠠᠢᠴᠠᠭᠠᠬᠤ ᠠᠵᠢᠯ ᠤ᠋ᠨ ᠲᠣᠭ᠍ᠲᠠᠴᠠ ᠵᠢ ᠰᠢᠯᠢᠳᠡᠭᠵᠢᠭᠦᠯᠵᠦ᠂ ᠪᠦᠯᠦᠭ ᠤᠳᠠᠭ᠎ᠠ ᠪᠦᠷᠢ ᠶ᠋ᠢᠨ ᠥᠯᠢᠭᠡᠷ ᠡᠳ᠋ ᠢ᠋ ᠴᠥᠮ 3 ᠡᠴᠡ ᠳᠡᠭᠡᠭᠰᠢ ᠲᠥᠬᠥᠭᠡᠷᠦᠮᠵᠢ᠂ 3 ᠡᠴᠡ ᠳᠡᠭᠡᠭᠰᠢ ᠠᠵᠢᠯᠲᠠᠨ ᠡᠴᠡ ᠱᠢᠯᠭᠠᠨ ᠪᠠᠢᠴᠠᠭᠠᠵᠤ᠂ ᠲᠥᠬᠥᠭᠡᠷᠦᠮᠵᠢ ᠪᠣᠯᠤᠨ ᠠᠵᠢᠯᠲᠠᠨ ᠤ᠋ ᠳᠠᠪᠬᠤᠷ ᠱᠢᠯᠭᠠᠨ ᠪᠠᠢᠴᠠᠭᠠᠯᠲᠠ ᠪᠠᠷ ᠳᠠᠮᠵᠢᠭᠤᠯᠤᠨ᠂ ᠱᠢᠯᠭᠠᠨ ᠪᠠᠢᠴᠠᠭᠠᠭ᠍ᠰᠠᠨ ᠦᠷ᠎ᠡ ᠳ᠋ᠦᠩ ᠤ᠋ᠨ ᠣᠨᠣᠪᠴᠢᠲᠠᠶ ᠪᠥᠭᠡᠳ ᠨᠠᠢᠳᠠᠪᠤᠷᠢᠲᠠᠶ ᠪᠠᠢᠬᠤ ᠵᠢ ᠦᠨᠡᠨ ᠬᠦ᠌ ᠪᠠᠲᠤᠯᠠᠪᠠ; ᠠᠵᠢᠯ ᠤ᠋ᠨ ᠪᠠᠢᠷᠢ ᠶ᠋ᠢᠨ ᠡᠭᠦᠷᠭᠡ ᠬᠠᠷᠢᠭᠤᠴᠠᠯᠭ᠎ᠠ ᠶ᠋ᠢᠨ ᠠᠵᠢᠯ ᠤ᠋ᠨ ᠬᠤᠪᠢᠶᠠᠷᠢᠯᠠᠯ ᠢ᠋ ᠨᠠᠷᠢᠯᠢᠭ᠍ᠵᠢᠭᠤᠯᠵᠤ᠂ ᠲᠣᠨᠣᠭ ᠲᠥᠬᠥᠭᠡᠷᠦᠮᠵᠢ ᠵᠢ ᠬᠠᠮᠠᠭᠠᠯᠠᠵᠤ ᠰᠡᠯᠪᠢᠨ ᠵᠠᠰᠠᠬᠤ᠂ ᠠᠵᠢᠯᠲᠠᠨ ᠤ᠋ ᠲᠤᠨᠤᠭ ᠲᠦᠬᠦᠭᠡᠷᠦᠮᠵᠢ ᠵᠢ ᠠᠵᠢᠯᠯᠠᠭᠤᠯᠬᠤ ᠠᠷᠭ᠎ᠠ ᠪᠠᠷᠢᠯ ᠢ᠋ ᠵᠢᠷᠤᠮᠵᠢᠭᠤᠯᠤᠨ ᠬᠢᠨᠠᠯᠲᠠ ᠲᠠᠯᠪᠢᠬᠤ ᠵᠡᠷᠭᠡ ᠡᠭᠦᠷᠭᠡ ᠬᠠᠷᠢᠭᠤᠴᠠᠯᠭ᠎ᠠ ᠵᠢ ᠪᠣᠳᠠᠲᠠᠶ ᠬᠥᠮᠦᠨ ᠳ᠋ᠤ ᠨᠠᠢᠳᠠᠪᠤᠷᠢᠵᠢᠭᠤᠯᠵᠤ᠂ ᠲᠣᠨᠣᠭ ᠲᠥᠬᠥᠭᠡᠷᠦᠮᠵᠢ ᠶ᠋ᠢᠨ ᠪᠠᠢᠳᠠᠯ ᠢ᠋ ᠬᠢᠨᠠᠨ ᠪᠠᠢᠴᠠᠭᠠᠬᠤ ᠪᠠ ᠠᠵᠢᠯᠯᠠᠭᠤᠯᠬᠤ ᠵᠢᠷᠤᠮᠵᠢᠯ ᠤ᠋ᠨ ᠪᠠᠢᠴᠠᠭᠠᠯᠲᠠ ᠵᠢ ᠪᠠᠢᠩᠭᠤᠵᠢᠭᠤᠯᠤᠨ ᠦᠷᠨᠢᠭᠦᠯᠪᠡ᠃
ᠤᠢᠯᠠᠭᠠᠬᠰᠠᠨ ᠢ᠋ᠶ᠋ᠡᠷ᠂ 2005 ᠣᠨ ᠡᠴᠡ ᠡᠬᠢᠯᠡᠨ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠷᠬᠡᠭᠯᠢᠭ ᠤ᠋ᠨ ᠶᠠᠰᠤ ᠴᠢᠨᠠᠷ ᠢ᠋ ᠬᠢᠨᠠᠨ ᠬᠡᠮᠵᠢᠬᠦ᠌ ᠲᠥᠪ 21 ᠵᠢᠯ ᠳᠠᠷᠠᠭᠠᠯᠠᠨ ᠱᠢᠨᠵᠢᠶᠠᠩ ᠳ᠋ᠤ ᠬᠦᠪᠤᠩ ᠢ᠋ ᠠᠯᠪᠠᠨ ᠡᠴᠡ ᠭᠡᠷᠡᠴᠢᠯᠡᠵᠦ ᠰᠢᠯᠭᠠᠨ ᠪᠠᠢᠴᠠᠭᠠᠬᠤ ᠠᠵᠢᠯ ᠢ᠋ ᠦᠷᠨᠢᠭᠦᠯᠵᠦ᠂ ᠬᠥᠪᠥᠩ ᠤ᠋ᠨ ᠪᠦᠬᠦ᠌ ᠤᠯᠤᠰ ᠤ᠋ᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠢ᠋ ᠪᠠᠢᠭᠤᠯᠬᠤ ᠳ᠋ᠤ ᠦᠢᠯᠡᠴᠢᠯᠡᠬᠦ᠌ ᠭᠣᠣᠯ ᠬᠦᠴᠦᠨ ᠪᠤᠯᠬᠤ ᠪᠠᠷ ᠴᠢᠷᠮᠠᠢᠨ᠂ ᠢᠳᠡᠪᠬᠢᠲᠡᠢ ᠦᠢᠯᠡᠳᠦᠯ ᠦᠵᠡᠭᠦᠯᠵᠦ᠍᠂ ᠬᠥᠪᠥᠩ ᠤ᠋ᠨ ᠠᠵᠤ ᠦᠢᠯᠡᠰ ᠤ᠋ᠨ ᠱᠢᠨ᠎ᠡ ᠴᠢᠨᠠᠷ ᠪᠦᠬᠦᠢ ᠦᠢᠯᠡᠳᠪᠦᠷᠢᠯᠡᠯ ᠤ᠋ᠨ ᠬᠦᠴᠦᠨᠦ ᠬᠥᠳᠡᠯᠭᠡᠬᠦ᠌ ᠬᠦᠴᠦᠨ ᠢ᠋ ᠬᠥᠭ᠌ᠵᠢᠭᠡᠵᠦ᠍᠂ ᠬᠥᠪᠥᠩ ᠤ᠋ᠨ ᠠᠵᠤ ᠦᠢᠯᠡᠰ ᠤ᠋ᠨ ᠴᠢᠨᠠᠷ ᠰᠠᠢᠲᠠᠢ ᠬᠥᠭ᠌ᠵᠢᠯᠲᠡ ᠳ᠋ᠤ ᠬᠦᠴᠦᠨ ᠴᠢᠳᠠᠯ ᠢ᠋ᠶ᠋ᠡᠨ ᠨᠠᠮᠡᠷᠢᠯᠡᠵᠠᠢ᠃