ᠣᠶ᠋ᠢᠷ᠎ᠠ᠎ᠳᠤ ᠪᠤᠭᠤᠲᠤ᠎ᠶᠢᠨ ᠪᠣᠯᠣᠳ ᠲᠡᠮᠦᠷ᠎ᠦᠨ ᠺᠣᠮᠫᠠᠨᠢ᠎ᠶᠢᠨ ᠬᠠᠪᠲᠠᠰᠤᠨ ᠮᠠᠲ᠋ᠧᠷᠢᠶᠠᠯ᠎ᠤᠨ ᠦᠢᠯᠡᠳᠪᠦᠷᠢ᠎ᠶᠢᠨ ᠳᠡᠯᠪᠡᠷᠡᠯᠲᠡ᠎ᠶᠢᠨ ᠡᠨᠳᠡᠯ᠎ᠤᠨ ᠲᠤᠬᠠᠢ ᠳᠣᠲᠣᠭᠠᠳᠤ᠎ᠳᠠᠭᠠᠨ ᠤᠲᠠᠰᠤ᠎ᠪᠠᠷ ᠶᠠᠷᠢᠯᠴᠠᠭᠰᠠᠨ ᠲᠠᠭᠤ ᠰᠢᠩᠭᠡᠭᠡᠯᠲᠡ ᠲᠠᠷᠬᠠᠭᠠᠭᠰᠠᠨ᠂ ᠡᠨᠳᠡᠵᠦ ᠰᠢᠷᠬᠠᠲᠤᠭᠰᠠᠨ ᠬᠥᠮᠥᠨ᠎ᠦ ᠲᠣᠭ᠎ᠠ᠎ᠶᠢ ᠶᠡᠬᠡᠰᠬᠡᠭᠰᠡᠨ ᠵᠡᠷᠭᠡ ᠪᠣᠳᠠᠲᠠᠢ ᠪᠤᠰᠤ ᠮᠡᠳᠡᠭᠡ ᠵᠠᠩᠭᠢ᠎ᠶᠢ ᠪᠠᠭᠲᠠᠭᠠᠭᠰᠠᠨ ᠰᠦᠯᠵᠢᠶᠡᠨ ᠴᠤᠤᠷᠬᠠᠯ᠎ᠳᠤ ᠴᠢᠭᠯᠡᠭᠦᠯᠦᠨ᠂ ᠳᠣᠲᠣᠭᠠᠳᠤ᠎ᠶᠢ ᠬᠠᠮᠠᠭᠠᠯᠠᠬᠤ ᠪᠠᠶ᠋ᠢᠭᠤᠯᠭ᠎ᠠ ᠴᠣᠬᠢᠯᠲᠠ ᠥᠭᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠣᠲᠣ ᠳᠠᠬᠢᠨᠲᠠ 2 ᠨᠡᠶ᠋ᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠶ᠋ᠢᠲᠡᠯᠡᠪᠡ᠃
ᠬᠡᠷᠡᠭ᠎ᠦᠨ ᠵᠢᠱ᠌ᠢᠶ᠎ᠡ ᠨᠢᠭᠡ᠄ ᠸᠠᠩ ᠣᠪᠣᠭᠲᠤ᠌ ᠣᠬᠣᠷ ᠸᠢᠳᠢᠣ᠋᠎ᠶᠢᠨ ᠲᠠᠪᠴᠠᠩ᠎ᠳᠤ ᠬᠤᠳᠠᠯ ᠬᠠᠭᠤᠷᠮᠠᠭ ᠮᠡᠳᠡᠭᠡ ᠵᠠᠩᠭᠢ᠎ᠶ᠋ᠢ ᠳᠠᠮᠵᠢᠭᠤᠯᠪᠠ
ᠸᠠᠩ ᠣᠪᠣᠭᠲᠤ᠌ ᠣᠬᠣᠷ ᠸᠢᠳᠢᠣ᠋᠎ᠶᠢᠨ ᠲᠠᠪᠴᠠᠩ᠎ᠳᠤ ᠰᠦᠯᠵᠢᠶᠡᠨ ᠢᠷᠭᠡᠳ᠎ᠦᠨ ᠠᠩᠬᠠᠷᠤᠯ᠎ᠢ ᠲᠠᠲᠠᠵᠤ ᠳᠠᠭᠠᠭ᠍ᠴᠢᠶ᠋ᠢᠨ ᠲᠣᠭ᠎ᠠ᠎ᠪᠠᠨ ᠨᠡᠮᠡᠭ᠌ᠳᠡᠭᠦᠯᠬᠦ᠌᠎ᠶ᠋ᠢᠨ ᠲᠥᠯᠥᠭᠡ᠂ 2026 ᠣᠨ᠎ᠤ 1 ᠰᠠᠷ᠎ᠠ᠎ᠶᠢᠨ 24᠎ᠦ ᠡᠳᠦᠷ᠂ ᠰᠦᠯᠵᠢᠶᠡᠨ ᠢᠷᠭᠡᠨ ᠸᠠᠩ ᠣᠪᠣᠭᠲᠤ᠌ ᠲᠤᠰ ᠣᠬᠣᠷ ᠸᠢᠳᠢᠣ᠋᠎ᠶᠢᠨ ᠲᠠᠪᠴᠠᠩ᠎ᠳᠤ ᠪᠤᠭᠤᠲᠤ᠎ᠶᠢᠨ ᠪᠣᠯᠣᠳ ᠲᠡᠮᠦᠷ᠎ᠦᠨ ᠺᠣᠮᠫᠠᠨᠢ᠎ᠶᠢᠨ ᠳᠣᠲᠣᠭᠠᠳᠤ᠎ᠶᠢᠨ ᠰᠢᠩᠭᠡᠭᠡᠯᠲᠡ ᠭᠡᠰᠡᠨ ᠦᠨᠡᠨ ᠪᠣᠳᠠᠲᠠᠶ ᠪᠤᠰᠤ ᠮᠡᠳᠡᠭᠡ ᠵᠠᠩᠭᠢ᠎ᠶ᠋ᠢ ᠳᠠᠮᠵᠢᠭᠤᠯᠵᠤ᠂ ᠣᠯᠠᠨ ᠨᠡᠶ᠋ᠢᠲᠡ᠎ᠶᠢᠨ ᠡᠮᠬᠢ ᠵᠢᠷᠤᠮ᠎ᠢ ᠰᠠᠮᠠᠭᠤᠷᠠᠭᠤᠯᠪᠠ᠃ ᠣᠳᠣᠬᠠᠨ᠎ᠳᠤ ᠳᠣᠲᠣᠭᠠᠳᠤ᠎ᠶᠢ ᠬᠠᠮᠠᠭᠠᠯᠠᠬᠤ ᠪᠠᠶ᠋ᠢᠭᠤᠯᠭ᠎ᠠ ᠨᠢᠭᠡᠨᠲᠡ ᠸᠠᠩ ᠣᠪᠣᠭᠲᠤᠳ᠋ᠤ ᠬᠠᠤᠯᠢ ᠶᠣᠰᠣᠭᠠᠷ ᠵᠠᠰᠠᠭ ᠵᠠᠬᠢᠷᠭᠠᠨ᠎ᠤ ᠲᠦᠷ ᠬᠣᠷᠢᠬᠤ ᠰᠢᠢᠳᠭᠡᠯ ᠤᠯᠭᠤᠭᠰᠠᠨ ᠪᠠᠶ᠋ᠢᠨ᠎ᠠ᠃
ᠬᠡᠷᠡᠭ᠎ᠦᠨ ᠵᠢᠱ᠌ᠢᠶ᠎ᠡ ᠬᠣᠶᠠᠷ᠄ ᠡᠸᠦ᠍ ᠣᠪᠣᠭᠲᠤ᠌ ᠨᠡᠶ᠋ᠢᠭᠡᠮ᠎ᠦᠨ ᠬᠠᠷᠢᠯᠴᠠᠭᠠᠨ᠎ᠤ ᠲᠠᠪᠴᠠᠩ᠎ᠳᠤ ᠡᠨᠳᠡᠵᠦ᠍ ᠰᠢᠷᠬᠠᠲᠤᠭᠰᠠᠨ ᠬᠥᠮᠦᠨ᠎ᠦ ᠲᠣᠭ᠎ᠠ᠎ᠶᠢ ᠵᠣᠬᠢᠶᠠᠪᠠ
2026 ᠣᠨ᠎ᠤ 1 ᠰᠠᠷ᠎ᠠ᠎ᠶᠢᠨ 21᠎ᠦ ᠡᠳᠦᠷ᠂ ᠰᠦᠯᠵᠢᠶᠡᠨ ᠢᠷᠭᠡᠨ ᠡᠸᠦ᠍ ᠣᠪᠣᠭᠲᠤ᠌ ᠣᠯᠠᠨ᠎ᠤ ᠠᠩᠬᠠᠷᠤᠯ᠎ᠢ ᠲᠠᠲᠠᠵᠤ ᠳᠠᠭᠠᠭ᠍ᠴᠢᠶ᠋ᠢᠨ ᠲᠣᠭ᠎ᠠ ᠪᠠᠨ ᠨᠡᠮᠡᠭ᠌ᠳᠡᠭᠦᠯᠬᠦ᠌᠎ᠶ᠋ᠢᠨ ᠲᠥᠯᠥᠭᠡ᠂ ᠨᠢᠭᠡᠨ ᠨᠡᠶ᠋ᠢᠭᠡᠮ᠎ᠦᠨ ᠬᠠᠷᠢᠯᠴᠠᠭᠠᠨ᠎ᠤ ᠲᠠᠪᠴᠠᠩ᠎ᠳᠤ 《ᠭᠤᠴᠢᠨ ᠬᠡᠳᠦᠨ ᠬᠥᠮᠦᠨ ᠦᠬᠦᠪᠡ》 ᠭᠡᠰᠡᠨ ᠬᠤᠳᠠᠯ ᠬᠠᠭᠤᠷᠮᠠᠭ ᠮᠡᠳᠡᠭᠡ᠎ᠶ᠋ᠢ ᠨᠡᠶ᠋ᠢᠲᠡᠯᠡᠪᠡ᠃ ᠣᠳᠣᠬᠠᠨ᠎ᠳᠤ ᠳᠣᠲᠣᠭᠠᠳᠤ᠎ᠶᠢ ᠬᠠᠮᠠᠭᠠᠯᠠᠬᠤ ᠪᠠᠶ᠋ᠢᠭᠤᠯᠭ᠎ᠠ ᠨᠢᠭᠡᠨᠲᠡ ᠡᠸᠦ᠍ ᠣᠪᠣᠭᠲᠤᠳ᠋ᠤ ᠬᠠᠤᠯᠢ ᠶᠣᠰᠣᠭᠠᠷ ᠵᠠᠰᠠᠭ ᠵᠠᠬᠢᠷᠭᠠᠨ᠎ᠤ ᠵᠣᠭᠣᠰ᠎ᠢᠶᠠᠷ ᠲᠣᠷᠭᠠᠬᠤ ᠱᠢᠢᠳᠭᠡᠯ ᠥᠭᠴᠡᠢ᠃
ᠴᠠᠭᠳᠠᠭᠠᠨ᠎ᠤ ᠰᠠᠨᠠᠭᠤᠯᠤᠮᠵᠢ᠄
ᠰᠦᠯᠵᠢᠶᠡᠨ᠎ᠦ ᠣᠷᠣᠨ ᠵᠠᠶ ᠪᠣᠯ ᠬᠠᠤᠯᠢ᠎ᠶᠢᠨ ᠭᠠᠳᠠᠨᠠᠬᠢ ᠭᠠᠵᠠᠷ ᠪᠢᠰᠢ᠂ ᠦᠭᠡ ᠶᠠᠷᠢᠶ᠎ᠠ ᠦᠢᠯᠡ ᠠᠵᠢᠯᠯᠠᠭ᠎ᠠ᠎ᠪᠠᠨ ᠬᠢᠴᠢᠶᠡᠩᠭᠦᠢᠯᠡᠬᠦ᠌ ᠬᠡᠷᠡᠭᠲᠡᠶ᠃ ᠴᠤᠤᠷᠬᠠᠯ ᠵᠣᠬᠢᠶᠠᠵᠤ ᠲᠠᠷᠬᠠᠭᠠᠬᠤ᠎ᠪᠠᠷ ᠳᠠᠮᠵᠢᠭᠤᠯᠤᠨ ᠬᠤᠪᠢ᠎ᠶᠢᠨ ᠠᠰᠢᠭ ᠤᠯᠬᠤ᠂ ᠤᠯᠠᠨ ᠨᠡᠢᠲᠡ᠎ᠶ᠋ᠢᠨ ᠡᠮᠬᠢ ᠵᠢᠷᠤᠮ᠎ᠢ ᠰᠠᠮᠠᠭᠤᠷᠠᠭᠤᠯᠬᠤ᠎ᠪᠠᠷ ᠣᠷᠣᠯᠳᠤᠭ᠍ᠰᠠᠨ ᠶᠠᠮᠠᠷᠪᠠ ᠠᠵᠢᠯᠯᠠᠭ᠎ᠠ ᠴᠥᠮ ᠬᠠᠤᠯᠢ ᠴᠠᠭᠠᠵᠠ᠎ᠶᠢᠨ ᠴᠢᠩᠭ᠎ᠠ ᠰᠢᠢᠳᠬᠡᠯᠢ ᠣᠯᠬᠤ ᠪᠣᠯᠣᠨ᠎ᠠ᠃ ᠰᠦᠯᠵᠢᠶᠡᠨ ᠳᠡᠭᠡᠷᠡᠬᠢ ᠡᠯ᠎ᠡ ᠲᠥᠷᠥᠯ᠎ᠦᠨ 《ᠪᠤᠰᠤᠳ᠎ᠤᠨ ᠠᠩᠠᠬᠠᠷᠤᠯᠢ ᠲᠠᠲᠠᠬᠤ》 ᠮᠡᠳᠡᠭᠡ ᠵᠠᠩᠭᠢ ᠵᠢ ᠥᠷᠭᠡᠨ ᠣᠯᠠᠨ ᠰᠦᠯᠵᠢᠶᠡᠨ ᠢᠷᠭᠡᠳ ᠠᠩᠬᠠᠷᠤᠨ ᠢᠯᠭᠠᠵᠤ᠂ ᠡᠷᠬᠡ ᠰᠦᠷᠲᠦ ᠮᠡᠳᠡᠭᠡ ᠵᠠᠩᠭᠢ ᠵᠢᠨ ᠨᠡᠢᠲᠡᠯᠡᠯᠢ ᠠᠩᠬᠠᠷᠴᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ᠎ᠢ ᠢᠲᠡᠭᠡᠬᠦ ᠦᠭᠡᠢ ᠪᠠᠢᠵᠤ᠂ ᠬᠡᠷᠪᠡ ᠰᠦᠯᠵᠢᠶᠡᠨ ᠴᠤᠤᠷᠬᠠᠯ᠎ᠢ ᠣᠯᠵᠤ ᠮᠡᠳᠡᠪᠡᠯ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠪᠤᠶᠤ ᠬᠣᠯᠪᠣᠭᠳᠠᠯ ᠪᠦᠬᠦᠢ ᠰᠦᠯᠵᠢᠶᠡᠨ᠎ᠦ ᠲᠠᠪᠴᠠᠩ᠎ᠳᠤ ᠴᠠᠭ ᠲᠤᠬᠠᠢ ᠳ᠋ᠤᠨᠢ ᠵᠠᠭᠠᠯᠳᠤᠵᠤ ᠢᠯᠡᠴᠢᠯᠡᠨ ᠮᠡᠳᠡᠭᠦᠯᠵᠦ᠂ ᠰᠦᠯᠵᠢᠶᠡᠨ ᠦ ᠴᠡᠪᠡᠷ ᠠᠷᠢᠭᠤᠨ ᠣᠷᠣᠨ ᠵᠠᠢ᠎ᠶᠢ ᠬᠠᠮᠲᠤ᠎ᠪᠠᠷ ᠬᠠᠮᠠᠭᠠᠯᠠᠬᠤ ᠬᠡᠷᠡᠭᠲᠡᠢ᠃
ᠢᠷᠡᠯᠲᠡ᠄ ᠬᠦᠨᠳᠡᠯᠡᠨ ᠲᠤᠭᠤᠷᠢᠭ᠎ᠤᠨ ᠳᠤᠲᠤᠭᠠᠳᠤ ᠵᠢ ᠬᠠᠮᠠᠭᠠᠯᠠᠬᠤ ᠵᠢᠷᠭᠢᠶ᠎ᠡ