ᠥᠪᠥᠷ ᠮᠣᠩᠭᠣᠯ ᠬᠠᠮ ᠠᠷᠭ᠎ᠠ ᠬᠡᠮᠵᠢᠶ᠎ᠡ ᠠᠪᠴᠤ᠌ ᠵᠡᠮᠳᠡᠭᠴᠤᠳ᠎ᠲᠤ ᠦᠢᠯᠡᠴᠢᠯᠡᠬᠦ ᠲᠦᠪᠰᠢᠨ᠎ᠢ ᠳᠡᠭᠡᠭᠰᠢᠯᠡᠬᠦᠯᠵᠦ ᠪᠤᠢ
2026-01-28 15:35:05
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ ᠬᠤᠷᠠᠯᠳᠤᠭᠤᠯᠤᠬᠰᠠᠨ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠡ ᠤᠢᠯᠠᠭᠠᠬᠰᠠᠨ ᠵᠢᠡᠷ᠂ ᠣᠯᠠᠨ ᠲᠦᠮᠡᠨ ᠳ᠋ᠸ᠋ ᠲᠦᠬᠦᠮ ᠦᠵᠡᠬᠦᠯᠵᠦ᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠦᠶ᠋ᠯᠡᠴᠢᠯᠡᠭᠡᠨ᠎ᠦ ᠬᠡᠪᠴᠢᠶ᠎ᠡ᠎ᠶ᠋ᠢ ᠥᠷᠭᠡᠳᠭᠡᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠳᠤ ᠰᠠᠨᠠᠭᠠᠴᠢᠯᠠᠭ᠎ᠠ᠎ᠡᠴᠨ ᠪᠠᠨ ᠵᠤᠬᠢᠴᠠᠬᠤ ᠵᠢᠨ ᠲᠥᠯᠥᠭᠡ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ 5 ᠵᠦᠶ᠋ᠯ᠎ᠦᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢᠨ ᠱᠢᠨ᠎ᠡ ᠠᠷᠭ᠎ᠠ ᠬᠡᠮᠵᠢᠶ᠎ᠡ᠎ᠶ᠋ᠢ ᠬᠡᠷᠡᠭᠵᠢᠬᠦᠯᠵᠡᠢ᠃

ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠦᠬᠡᠷᠡᠴᠢᠯᠡᠯᠳᠡ ᠵᠢᠨ 5 ᠵᠦᠶ᠋ᠯ᠎ᠦᠨ ᠱᠢᠨ᠎ᠡ ᠠᠷᠭ᠎ᠠ ᠬᠡᠮᠵᠢᠶ᠎ᠡ᠎ᠳᠦ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠬᠤᠯᠪᠤᠬᠳᠠᠯ ᠪᠦᠬᠦᠢ ᠪᠠᠢᠭᠤᠯᠭ᠎ᠠ ᠨᠢᠬᠡᠴᠢ ᠲᠠᠢ ᠬᠠᠮᠳᠤᠷᠠᠨ᠂ ᠬᠥᠬᠡᠬᠣᠲᠠ ᠪᠠ ᠣᠷᠳᠣᠰ ᠬᠣᠲᠠ᠎ᠳᠤ ᠮᠠᠰᠢᠨ ᠲᠡᠷᠬᠡᠨ ᠤ᠋ ᠵᠢᠯᠤᠭᠤᠴᠢ ᠵᠢᠨ ᠪᠡᠶ᠎ᠡ ᠵᠢᠨ ᠪᠠᠢᠴᠠᠭᠠᠯᠳᠠ ᠵᠢᠨ 《ᠨᠢᠬᠡ ᠪᠠᠢᠴᠠᠭᠠᠯᠳᠠ ᠵᠢ ᠬᠤᠤᠰ ᠮᠡᠳᠡᠷᠡᠬᠦ》 ᠵᠢ ᠲᠤᠷᠱᠢᠨ ᠬᠡᠷᠡᠭ᠌ᠵᠢᠭᠦᠯᠵᠦ᠂ ᠵᠢᠯᠣᠭᠣᠴᠢ᠎ᠶ᠋ᠢᠨ ᠪᠡᠶ᠎ᠡ᠎ᠶ᠋ᠢᠨ ᠪᠠᠢᠴᠠᠭᠠᠯᠲᠠ ᠬᠢᠭᠡᠳ ᠠᠵᠢᠯᠲᠠᠨ ᠠᠵᠢᠯᠴᠢᠨ᠎ᠤ ᠣᠨ᠎ᠤ ᠪᠡᠶ᠎ᠡ᠎ᠶ᠋ᠢᠨ ᠪᠠᠢᠴᠠᠭᠠᠯᠲᠠ᠂ ᠤᠯᠤᠰ ᠤ᠋ᠨ ᠨᠢᠬᠡᠳᠦᠯᠳᠡᠢ ᠰᠢᠯᠭᠠᠯᠳᠠ ᠳ᠋ᠸ᠋ ᠤᠷᠤᠯᠴᠠᠬᠤ ᠰᠤᠷᠤᠬᠴᠢ ᠵᠢᠨ ᠪᠡᠶ᠎ᠡ ᠵᠢᠨ ᠪᠠᠢᠴᠠᠭᠠᠯᠳᠠ ᠵᠢᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ᠌᠎ᠶ᠋ᠢ ᠠᠬᠢᠭᠤᠯᠵᠤ᠂ ᠣᠯᠠᠨ ᠲᠦᠮᠡᠨ᠎ᠦ ᠠᠵᠢᠯ ᠶᠠᠪᠤᠳᠠᠯ ᠭᠦᠶ᠋ᠴᠡᠳᠭᠡᠬᠦ᠌ ᠥᠪᠡᠷ᠎ᠦᠨ ᠥᠷᠲᠡᠭ᠎ᠢ ᠪᠠᠭᠤᠷᠠᠭᠤᠯᠵᠠᠢ; ᠮᠠᠰᠢᠨ ᠲᠡᠷᠬᠡ ᠪᠠ ᠵᠢᠯᠤᠭᠤᠴᠢ ᠵᠢᠨ ᠬᠠᠮᠢᠶᠠᠷᠤᠯᠳᠠ ᠵᠢᠨ ᠲᠤᠬᠠᠢᠯᠠᠬᠰᠠᠨ ᠠᠵᠢᠯ ᠳ᠋ᠸ᠋ ᠰᠠᠨᠠᠭᠤᠯᠤᠮᠵᠢ ᠵᠢᠨ ᠦᠢᠯᠡᠴᠢᠯᠡᠬᠡ ᠭᠠᠷᠭᠠᠪᠠ; ᠮᠠᠰᠢᠨ ᠲᠡᠷᠬᠡ ᠪᠠ ᠵᠢᠯᠤᠭᠤᠴᠢ ᠵᠢᠨ ᠬᠠᠮᠢᠶᠠᠷᠤᠯᠳᠠ ᠵᠢᠨ ᠨᠡᠬᠦᠳᠡᠯ ᠦᠢᠯᠡᠴᠢᠯᠡᠬᠡᠨ ᠤ᠋ 《ᠬᠡᠷ᠎ᠲᠦᠨᠢ ᠬᠦᠷᠴᠦ᠍ ᠭᠦᠶ᠋ᠴᠡᠳᠭᠡᠬᠦ᠌》 ᠶ᠋ᠢ ᠬᠡᠷᠡᠭᠵᠢᠬᠦᠯᠵᠦ᠂ ᠬᠥᠬᠡᠬᠣᠲᠠ᠂ ᠪᠤᠭᠤᠲᠤ ᠬᠣᠲᠠ᠂ ᠬᠥᠯᠥᠨ ᠪᠣᠢᠷ ᠬᠣᠲᠠ᠂ ᠱᠢᠯᠢ᠎ᠶ᠋ᠢᠨ ᠭᠤᠤᠯ ᠠᠢᠮᠠᠭ᠂ ᠠᠯᠠᠱᠠ ᠠᠢᠮᠠᠭ ᠵᠡᠷᠭᠡ ᠲᠠᠪᠤᠨ ᠠᠢᠮᠠᠭ ᠬᠣᠲᠠ᠎ᠳᠤ ᠮᠠᠰᠢᠨ ᠲᠡᠷᠬᠡ ᠪᠠ ᠵᠢᠯᠤᠭᠤᠴᠢ ᠵᠢᠨ ᠬᠠᠮᠢᠶᠠᠷᠤᠯᠳᠠ ᠵᠢᠨ ᠨᠡᠬᠦᠳᠡᠯ ᠦᠢᠯᠡᠴᠢᠯᠡᠬᠡ ᠵᠢ ᠲᠤᠷᠰᠢᠨ ᠬᠡᠷᠡᠭᠵᠢᠬᠦᠯᠵᠦ᠂ ᠵᠢᠯᠣᠭᠣᠴᠢ᠎ᠶ᠋ᠢᠨ ᠪᠡᠶ᠎ᠡ᠎ᠶ᠋ᠢᠨ ᠪᠠᠢᠴᠠᠭᠠᠯᠲᠠ᠂ ᠵᠢᠯᠣᠭᠣᠴᠢ᠎ᠶ᠋ᠢᠨ ᠦᠨᠡᠮᠯᠡᠯ᠎ᠢ ᠨᠥᠬᠥᠨ ᠬᠠᠯᠠᠵᠤ ᠠᠪᠬᠤ ᠵᠡᠷᠭᠡ 38 ᠵᠦᠶ᠋ᠯ᠎ᠦᠨ ᠥᠨᠳᠥᠷ ᠳᠠᠪᠲᠠᠮᠵᠢᠲᠤ ᠮᠠᠰᠢᠨ ᠲᠡᠷᠬᠡ ᠪᠠ ᠵᠢᠯᠤᠭᠤᠴᠢ ᠵᠢᠨ ᠬᠠᠮᠢᠶᠠᠷᠤᠯᠳᠠ ᠵᠢᠨ ᠲᠤᠬᠠᠢᠯᠠᠭ᠍ᠰᠠᠨ ᠠᠵᠢᠯ᠎ᠢ ᠬᠠᠩᠭᠠᠵᠠᠢ; ᠰᠢᠨ᠎ᠡ  ᠴᠠᠬᠢᠯᠭᠠᠨ ᠬᠥᠳᠡᠯᠭᠡᠭᠦᠷᠲᠦ ᠳᠤᠭᠤᠶ ᠲᠡᠷᠬᠡᠨ ᠳ᠋ᠸ᠋ ᠫᠠᠢᠰᠠ ᠡᠯᠬᠦᠬᠦ 《ᠨᠢᠬᠡ ᠶᠠᠪᠤᠳᠠᠯ》᠎ᠢ᠋ ᠬᠡᠷᠡᠭᠵᠢᠬᠦᠯᠵᠦ᠂ ᠤᠯᠤᠰ᠎ᠤᠨ ᠱᠢᠨ᠎ᠡ ᠪᠠᠷᠢᠮᠵᠢᠶ᠎ᠠ᠎ᠲᠠᠶ ᠤᠶᠠᠯᠳᠤᠭᠤᠯᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠎ᠶ᠋ᠢ ᠳᠡᠩᠰᠡᠯᠡᠨ ᠲᠡᠮᠳᠡᠭ᠌ᠯᠡᠬᠦ᠌ ᠲᠥᠬᠥᠮ ᠦᠶ᠋ᠯᠡᠴᠢᠯᠡᠭᠡ᠎ᠶ᠋ᠢ ᠬᠡᠷᠡᠭᠵᠢᠬᠦᠯᠵᠡᠢ; ᠮᠠᠱᠢᠨ ᠲᠡᠷᠭᠡᠨ᠎ᠦ ᠫᠠᠢᠰᠠ ᠵᠢ ᠢᠯᠡᠬᠡᠨ ᠬᠦᠷᠭᠡᠬᠦ᠌ ᠦᠢᠯᠡᠴᠢᠯᠡᠬᠡ ᠵᠢ 《ᠬᠠᠷᠠᠭᠠᠯᠵᠠᠯ᠎ᠲᠠᠶ᠎ᠪᠠᠷ ᠭᠦᠶ᠋ᠴᠡᠳᠭᠡᠬᠦ᠌》 ᠶ᠋ᠢ ᠬᠡᠷᠡᠭᠵᠢᠬᠦᠯᠵᠦ᠂ ᠲᠦᠷᠬᠡᠨ ᠬᠦᠷᠬᠡᠯᠳᠡ ᠵᠢᠨ ᠠᠵᠤ ᠠᠬᠤᠢᠯᠠᠯ᠎ᠲᠠᠶ ᠬᠣᠯᠪᠣᠭᠠᠯᠠᠨ᠂ ᠰᠦᠯᠵᠢᠶᠡᠨ ᠳᠡᠭᠡᠷ᠎ᠡ 《ᠱᠢᠨ᠎ᠡ ᠮᠠᠰᠢᠨ ᠲᠡᠷᠭᠡᠨ ᠳ᠋ᠸ᠋ ᠫᠠᠢᠰᠠ ᠡᠯᠭᠦᠬᠦ᠌ ᠨᠢᠭᠡ ᠶᠠᠪᠤᠳᠠᠯ》᠎ᠢ᠋ ᠭᠦᠶ᠋ᠴᠡᠳᠭᠡᠬᠦ᠌ ᠲᠤᠬᠠᠢᠯᠠᠭ᠍ᠰᠠᠨ ᠠᠵᠢᠯ᠎ᠳᠤ ᠴᠢᠭ᠌ᠯᠡᠭᠦᠯᠦᠨ ᠫᠠᠢᠰᠠ ᠢᠯᠡᠬᠡᠨ ᠬᠦᠷᠭᠡᠬᠦ᠌ ᠬᠠᠷᠠᠭᠠᠯᠵᠠᠯ᠎ᠤᠨ ᠦᠶ᠋ᠯᠡᠴᠢᠯᠡᠭᠡ ᠬᠠᠩᠭᠠᠬᠤ ᠵᠡᠷᠭᠡ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号