ᠤᠰᠤᠨ ᠠᠱᠢᠭ᠍ᠯᠠᠯᠲᠠ᠎ᠶ᠋ᠢᠨ ᠶᠠᠮᠤᠨ ᠭᠠᠵᠠᠷ ᠬᠥᠳᠡᠯᠦᠯᠲᠡ᠎ᠲᠡᠶ ᠲᠡᠮᠡᠴᠡᠨ ᠭᠠᠮᠱᠢᠭ᠎ᠡᠴᠡ ᠠᠪᠤᠷᠠᠬᠤ᠎ᠶ᠋ᠢ ᠲᠤᠬᠢᠷᠠᠭᠤᠯᠤᠨ ᠵᠢᠯᠣᠭᠣᠳᠭᠤ ᠲᠤᠭᠲᠠᠴᠠ ᠵᠢ ᠡᠬᠢᠯᠡᠭᠦᠯᠪᠡ
2026-01-28 10:31:47
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 1 ᠰᠠᠷ᠎ᠠ᠎ᠶ᠋ᠢᠨ 26 ᠤ᠋ ᠡᠳᠦᠷ ᠤᠰᠤᠨ ᠠᠱᠢᠭ᠍ᠯᠠᠯᠲᠠ᠎ᠶ᠋ᠢᠨ ᠶᠠᠮᠤᠨ᠎ᠡᠴᠡ ᠣᠢᠯᠠᠭᠠᠭ᠍ᠰᠠᠨ ᠵᠢᠡᠷ᠂ ᠭᠠᠨᠰᠦ ᠮᠤᠵᠢ᠎ᠶ᠋ᠢᠨ ᠭᠠᠨᠨᠠᠨ ᠵᠸᠦ᠎ᠶ᠋ᠢᠨ ᠳ᠋ᠢᠶᠸ ᠪᠦ᠋ ᠱᠢᠶᠠᠨ᠎ᠳᠤ 5.5 ᠲᠠᠰ᠎ᠤᠨ ᠭᠠᠵᠠᠷ ᠬᠥᠳᠡᠯᠦᠭᠰᠡᠨ᠎ᠤ ᠳᠠᠷᠠᠭ᠎ᠠ᠂ ᠤᠰᠤᠨ ᠠᠱᠢᠭ᠍ᠯᠠᠯᠲᠠ᠎ᠶ᠋ᠢᠨ ᠶᠠᠮᠤᠨ ᠲᠡᠷᠡ ᠳᠠᠷᠤᠶ ᠤᠰᠤᠨ ᠠᠱᠢᠭ᠍ᠯᠠᠯᠲᠠ᠎ᠶ᠋ᠢᠨ ᠭᠠᠵᠠᠷ ᠬᠥᠳᠡᠯᠦᠯᠲᠡ᠎ᠲᠡᠶ ᠲᠡᠮᠡᠴᠡᠨ ᠭᠠᠮᠱᠢᠭ᠎ᠡᠴᠡ ᠠᠪᠤᠷᠠᠬᠤ ᠵᠢ ᠲᠣᠬᠢᠷᠠᠭᠤᠯᠤᠨ ᠵᠢᠯᠣᠭᠣᠳᠭᠤ ᠲᠣᠭ᠍ᠲᠡᠴᠡ᠎ᠶ᠋ᠢ ᠡᠬᠢᠯᠡᠭᠦᠯᠵᠦ᠍᠂ ᠲᠤᠰᠭᠠᠶ ᠰᠡᠳᠦᠪᠲᠦ ᠵᠥᠪᠳᠡᠯᠴᠡᠬᠦ᠌ ᠬᠤᠷᠠᠯ ᠬᠤᠷᠠᠯᠳᠤᠭᠤᠯᠵᠤ᠂ ᠭᠠᠵᠠᠷ ᠬᠥᠳᠡᠯᠦᠯᠲᠡ᠎ᠶ᠋ᠢᠨ ᠤᠰᠤᠨ ᠠᠱᠢᠭ᠍ᠯᠠᠯᠲᠠ᠎ᠶ᠋ᠢᠨ ᠪᠠᠷᠢᠯᠭ᠎ᠠ ᠪᠠ ᠬᠥᠳᠡᠭᠡ ᠲᠣᠰᠭᠣᠨ᠎ᠤ ᠤᠰᠤ ᠬᠠᠩᠭᠠᠬᠤ᠎ᠳᠤ ᠦᠵᠡᠭᠦᠯᠬᠦ᠌ ᠨᠥᠯᠥᠭᠡ᠎ᠶ᠋ᠢ ᠵᠠᠳᠠᠯᠵᠤ᠂ ᠭᠠᠵᠠᠷ ᠬᠥᠳᠡᠯᠦᠯᠲᠡ᠎ᠶ᠋ᠢᠨ ᠣᠷᠣᠨ᠎ᠤ ᠪᠣᠷᠣᠭᠠᠨ᠎ᠤ ᠪᠠᠢᠳᠠᠯ᠎ᠢ ᠰᠤᠳᠤᠯᠤᠨ ᠮᠠᠭᠠᠳᠯᠠᠵᠤ᠂ ᠤᠰᠤᠨ ᠠᠱᠢᠭ᠍ᠯᠠᠯᠲᠠ᠎ᠶ᠋ᠢᠨ ᠭᠠᠵᠠᠷ ᠬᠥᠳᠡᠯᠦᠯᠲᠡ᠎ᠲᠡᠶ ᠲᠡᠮᠡᠴᠡᠨ ᠭᠠᠮᠱᠢᠭ᠎ᠡᠴᠡ ᠠᠪᠤᠷᠬᠠᠸ᠋ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃

ᠣᠢᠯᠠᠭᠠᠭ᠍ᠰᠠᠨ᠎ᠢᠶᠠᠷ᠂ ᠪᠥᠬᠥ᠌ ᠤᠯᠤᠰ᠎ᠤᠨ 《ᠤᠰᠤᠨ ᠠᠱᠢᠭ᠍ᠯᠠᠯᠲᠠ᠎ᠶ᠋ᠢᠨ ᠵᠢᠷᠤᠭ》 ᠢ᠋ ᠦᠨᠳᠦᠰᠦᠯᠡᠪᠡᠯ᠂ ᠤᠰᠤᠨ ᠠᠱᠢᠭ᠍ᠯᠠᠯᠲᠠ᠎ᠶ᠋ᠢᠨ ᠶᠠᠮᠤᠨ ᠭᠠᠵᠠᠷ ᠬᠥᠳᠡᠯᠦᠯᠲᠡ᠎ᠶ᠋ᠢᠨ ᠣᠷᠣᠨ᠎ᠤ ᠭᠤᠤᠯ ᠮᠥᠷᠡᠨ ᠵᠢᠴᠢ ᠤᠰᠤᠨ ᠴᠥᠭᠥᠷᠥᠮ᠂ ᠤᠰᠤᠨ ᠴᠠᠬᠢᠯᠭᠠᠨ ᠥᠷᠲᠡᠭᠡ᠂ ᠳᠠᠯᠠᠩ ᠬᠠᠱᠢᠯᠭ᠎ᠠ᠂ ᠬᠥᠳᠡᠭᠡ ᠲᠣᠰᠭᠣᠨ᠎ᠤ ᠤᠰᠤ ᠬᠠᠩᠭᠠᠬᠤ ᠪᠠᠷᠢᠯᠭ᠎ᠠ᠂ ᠤᠰᠤᠨ ᠬᠠᠭᠠᠯᠲᠠ᠂ ᠤᠰᠤᠨ ᠵᠦᠶ᠎ᠶ᠋ᠢᠨ ᠬᠡᠮᠵᠢᠯᠲᠡ᠎ᠶ᠋ᠢᠨ ᠥᠷᠲᠡᠭᠡ ᠵᠡᠷᠭᠡ ᠤᠰᠤᠨ ᠠᠱᠢᠭ᠍ᠯᠠᠯᠲᠠ᠎ᠶ᠋ᠢᠨ ᠪᠠᠷᠢᠯᠭ᠎ᠠ᠎ᠶ᠋ᠢᠨ ᠲᠠᠷᠬᠠᠯᠲᠠ᠎ᠶ᠋ᠢᠨ ᠪᠠᠢᠳᠠᠯ᠎ᠢ ᠦᠳᠲᠡᠷ ᠲᠦᠷᠭᠡᠨ ᠵᠢᠭ᠍ᠰᠠᠭᠠᠨ ᠪᠠᠢᠴᠠᠭᠠᠬᠤ᠎ᠶ᠋ᠢᠨ ᠬᠠᠮᠲᠤ ᠭᠠᠨᠰᠦ᠂ ᠰᠸᠴᠤᠸᠠᠨ ᠮᠤᠵᠢ᠎ᠶ᠋ᠢᠨ ᠤᠰᠤᠨ ᠠᠱᠢᠭ᠍ᠯᠠᠯᠲᠠ᠎ᠶ᠋ᠢᠨ ᠲᠢᠩᠬᠢᠮ᠎ᠳᠦ ᠴᠠᠭ ᠲᠤᠬᠠᠶ᠎ᠳᠤᠨᠢ ᠮᠡᠳᠡᠭ᠌ᠳᠡᠵᠦ᠍᠂ ᠣᠷᠣᠨ ᠨᠤᠲᠤᠭ᠎ᠤᠨ ᠤᠰᠤᠨ ᠠᠱᠢᠭ᠍ᠯᠠᠯᠲᠠ᠎ᠶ᠋ᠢᠨ ᠰᠠᠯᠠᠭ᠎ᠠ ᠮᠥᠴᠢᠷ᠎ᠢ ᠤᠰᠤᠨ ᠠᠱᠢᠭ᠍ᠯᠠᠯᠲᠠ᠎ᠶ᠋ᠢᠨ ᠪᠠᠷᠢᠯᠭ᠎ᠠ᠎ᠶ᠋ᠢᠨ ᠭᠠᠵᠠᠷ ᠬᠥᠳᠡᠯᠦᠯᠲᠡ᠎ᠶ᠋ᠢᠨ ᠬᠣᠬᠢᠷᠠᠯ᠎ᠤᠨ ᠪᠠᠢᠳᠠᠯ᠎ᠢ ᠪᠥᠬᠥ᠌ ᠲᠠᠯ᠎ᠠ᠎ᠪᠠᠷ ᠤᠢᠯᠠᠭᠠᠨ ᠵᠢᠭ᠍ᠰᠠᠭᠠᠬᠤ ᠵᠢ ᠱᠠᠯᠠᠪᠳᠠᠭᠤᠯᠪᠠ᠃

ᠬᠣᠯᠪᠣᠭ᠍ᠳᠠᠯ ᠪᠥᠬᠥᠶ ᠤᠷᠢᠳᠴᠢᠯᠠᠭ᠍ᠰᠠᠨ ᠮᠡᠳᠡᠭᠡ᠎ᠡᠴᠡ ᠦᠵᠡᠪᠡᠯ᠂ ᠭᠠᠵᠠᠷ ᠬᠥᠳᠡᠯᠦᠭ᠌ᠰᠡᠨ ᠣᠷᠣᠨ᠎ᠳᠤ ᠥᠨᠥᠳᠦᠷ ᠵᠢᠴᠢ ᠢᠷᠡᠬᠦ᠌ 3 ᠬᠤᠨᠤᠭ᠎ᠲᠦ ᠦᠨᠳᠦᠰᠦᠨ᠎ᠳᠡᠭᠡᠨ ᠪᠣᠷᠣᠭᠠᠨ ᠥᠬᠡᠶ᠃ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ ᠭᠠᠵᠠᠷ ᠬᠥᠳᠡᠯᠦᠭ᠌ᠰᠡᠨ ᠣᠷᠣᠨ᠎ᠤ ᠪᠣᠷᠣᠭᠠᠨ᠎ᠤ ᠪᠠᠢᠳᠠᠯ᠂ ᠤᠰᠤᠨ᠎ᠤ ᠪᠠᠢᠳᠠᠯ ᠵᠢᠴᠢ ᠤᠰᠤᠨ ᠠᠱᠢᠭ᠍ᠯᠠᠯᠲᠠ᠎ᠶ᠋ᠢᠨ ᠪᠠᠷᠢᠯᠭ᠎ᠠ᠎ᠶ᠋ᠢᠨ ᠠᠵᠢᠯᠯᠠᠭᠠᠨ᠎ᠤ ᠪᠠᠢᠳᠠᠯ᠎ᠢ ᠨᠢᠭ᠍ᠲᠠ ᠠᠩᠬᠠᠷᠴᠤ᠌᠂ ᠣᠷᠣᠨ ᠨᠤᠲᠤᠭ᠎ᠤᠨ ᠤᠰᠤᠨ ᠠᠱᠢᠭ᠍ᠯᠠᠯᠲᠠ᠎ᠶ᠋ᠢᠨ ᠰᠠᠯᠠᠭ᠎ᠠ ᠮᠥᠴᠢᠷ᠎ᠢ ᠵᠢᠯᠣᠭᠣᠳᠤᠨ ᠳᠠᠭᠠᠭᠤᠯᠢ ᠣᠳᠣᠨ᠎ᠤ ᠠᠯᠤᠰ ᠰᠡᠷᠡᠯ᠂ ᠵᠢᠯᠣᠭᠣᠴᠢ ᠥᠬᠡᠶ ᠨᠢᠰᠭᠡᠯ ᠵᠡᠷᠭᠡ ᠠᠷᠭ᠎ᠠ ᠪᠠᠷᠢᠯ᠎ᠢ ᠠᠱᠢᠭ᠍ᠯᠠᠨ ᠭᠠᠵᠠᠷ ᠬᠥᠳᠡᠯᠦᠭ᠌ᠰᠡᠨ ᠣᠷᠣᠨ᠎ᠤ ᠤᠰᠤᠨ ᠠᠱᠢᠭ᠍ᠯᠠᠯᠲᠠ᠎ᠶ᠋ᠢᠨ ᠪᠠᠷᠢᠯᠭ᠎ᠠ᠎ᠶ᠋ᠢᠨ ᠭᠠᠵᠠᠷ ᠬᠥᠳᠡᠯᠦᠯᠲᠡ᠎ᠶ᠋ᠢᠨ ᠬᠣᠬᠢᠷᠠᠯ᠎ᠢ ᠵᠢᠭ᠍ᠰᠠᠭᠠᠨ ᠪᠠᠢᠴᠠᠭᠠᠬᠤ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠲᠠᠭᠠᠯᠳᠤᠵᠤ ᠡᠭᠦᠰᠬᠦ ᠭᠠᠮᠱᠢᠭ ᠭᠠᠷᠬᠤ᠎ᠶ᠋ᠢ ᠴᠢᠩᠭ᠎ᠠ ᠰᠡᠷᠭᠡᠢᠯᠡᠵᠦ᠍᠂ ᠣᠯᠠᠨ ᠲᠦᠮᠡᠨ᠎ᠦ ᠤᠰᠤ ᠬᠡᠷᠡᠭ᠌ᠯᠡᠬᠦ᠌ ᠲᠦᠷ ᠴᠠᠭ᠎ᠤᠨ ᠪᠠᠲᠤᠯᠠᠭ᠎ᠠ᠎ᠶ᠋ᠢᠨ ᠲᠥᠰᠦᠯ᠎ᠢ ᠬᠠᠮᠲᠤ᠎ᠳᠤᠨᠢ ᠰᠠᠢᠲᠤᠷ ᠬᠢᠵᠦ᠍᠂ ᠣᠯᠠᠨ ᠲᠦᠮᠡᠨ᠎ᠦ ᠤᠤᠭᠤᠬᠤ ᠤᠰᠤᠨ᠎ᠤ ᠠᠮᠤᠷ ᠲᠦᠪᠱᠢᠨ᠎ᠢ ᠪᠠᠲᠤᠯᠠᠨ᠎ᠠ ᠭᠡᠵᠤ ᠢᠯᠡᠳᠬᠡᠵᠡᠢ᠃

         (ᠰᠢᠨᠬᠤᠸᠠ ᠬᠤᠷᠢᠶ᠎ᠠ ᠵᠢᠨ ᠮᠡᠳᠡᠬᠡ )  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号