《ᠵᠠᠯᠠᠭᠤ ᠨᠠᠰᠤᠨ᠎ᠤ ᠪᠡᠯᠡᠭ》 2026 ᠣᠨ᠎ᠤ ᠱᠢᠨ᠎ᠡ ᠤᠨ᠎ᠤ ᠤᠷᠤᠰᠬᠠᠯ ᠨᠠᠢᠷᠠᠯ ᠳᠠᠭᠤᠤ᠎ᠶ᠋ᠢᠨ ᠲᠣᠭ᠍ᠯᠠᠯᠲᠠ ᠶᠠᠪᠤᠭ᠍ᠳᠠᠪᠠ
2026-01-28 15:48:55
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠣᠷᠣᠨ᠎ᠤ ᠲᠥᠪ᠎ᠦᠨ ᠵᠠᠯᠠᠭᠤᠴᠤᠳ᠎ᠤᠨ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠤᠯᠠᠮ ᠨᠢᠭᠡ ᠠᠯᠬᠤᠮ ᠪᠠᠶᠠᠯᠢᠭ᠍ᠵᠢᠭᠤᠯᠬᠤ᠎ᠶ᠋ᠢᠨ ᠲᠥᠯᠥᠭᠡ ᠲᠦᠷᠦᠬᠦᠬᠡᠨ ᠬᠦᠬᠡᠬᠤᠳᠠ ᠵᠢᠨ ᠡᠪᠯᠡᠯ᠎ᠦᠨ  ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠎ᠡᠴᠠ ᠬᠠᠮᠲᠤᠷᠠᠨ ᠭᠤᠤᠯᠯᠠᠨ ᠡᠷᠭᠢᠯᠡᠵᠦ᠍᠂ ᠬᠥᠬᠡᠬᠣᠲᠠ᠎ᠶ᠋ᠢᠨ ᠵᠠᠯᠠᠭᠤᠴᠤᠳ᠎ᠤᠨ ᠨᠠᠢᠷᠠᠯ ᠳᠠᠭᠤᠤ᠎ᠶ᠋ᠢᠨ ᠪᠦᠯᠬᠦᠮ ᠳᠠᠭᠠᠭᠠᠴᠢᠯᠠᠨ ᠡᠷᠭᠢᠯᠡᠭ᠌ᠰᠡᠨ 《ᠵᠠᠯᠠᠭᠤ ᠨᠠᠰᠤᠨ᠎ᠤ ᠪᠡᠯᠡᠭ》 2026 ᠣᠨ᠎ᠤ ᠱᠢᠨ᠎ᠡ ᠤᠨ᠎ᠤ ᠤᠷᠤᠰᠬᠠᠯ ᠨᠠᠢᠷᠠᠯ ᠳᠠᠭᠤᠤ᠎ᠶ᠋ᠢᠨ ᠦᠳᠡᠱᠢᠯᠡᠭᠡ ᠬᠦᠬᠡᠬᠤᠳᠠ ᠳ᠋ᠦ ᠶᠠᠪᠤᠬᠳᠠᠪᠠ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ ᠬᠤᠲᠠ᠎ᠶ᠋ᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠵᠢᠴᠢ ᠳᠠᠭᠤᠤ ᠬᠥᠭ᠌ᠵᠢᠮ᠎ᠦᠨ ᠨᠡᠢᠭᠡᠮᠯᠢᠭ᠎ᠦᠨ ᠨᠠᠢᠷᠠᠯ ᠳᠠᠭᠤᠤ᠎ᠶ᠋ᠢᠨ ᠬᠣᠯᠪᠣᠭ᠎ᠠ᠎ᠶ᠋ᠢᠨ ᠲᠤᠰᠭᠠᠢ ᠮᠡᠷᠭᠡᠵᠢᠯᠲᠡᠨ᠂ ᠬᠦᠬᠡᠬᠤᠳᠠ ᠶ᠋ᠢᠨ ᠵᠠᠯᠠᠭᠤᠴᠤᠳ᠎ᠤᠨ ᠲᠥᠯᠥᠭᠡᠯᠡᠭ᠌ᠴᠢ᠂ ᠳᠠᠭᠤᠤ ᠬᠥᠭ᠌ᠵᠢᠮ᠎ᠤᠨ ᠪᠠᠬᠠᠳᠠᠳ ᠵᠡᠷᠭᠡ 700 ᠱᠢᠬᠠᠮ ᠬᠥᠮᠦᠨ ᠲᠣᠭ᠍ᠯᠠᠯᠲᠠ᠎ᠶ᠋ᠢ ᠰᠣᠨᠢᠷᠬᠠᠪᠠ᠃

ᠲᠤᠰ ᠳᠠᠭᠤᠤ ᠬᠥᠭ᠌ᠵᠢᠮ᠎ᠦᠨ ᠦᠳᠡᠱᠢᠯᠡᠭᠡ ᠨᠢ 《ᠵᠠᠯᠠᠭᠤ ᠨᠠᠰᠤᠨ᠎ᠤ ᠪᠡᠯᠡᠭ》 ᠵᠢᠡᠷ ᠭᠣᠣᠯ ᠰᠡᠳᠦᠪ ᠪᠣᠯᠭᠠᠨ᠂ 《ᠦᠨᠡᠨ》 ᠵᠢᠡᠷ ᠴᠥᠮ᠎ᠡ ᠪᠣᠯᠭᠠᠵᠤ᠂ 《ᠳᠤᠷᠠᠳᠭᠠᠯ》 ᠵᠢᠡᠷ ᠬᠣᠯᠪᠣᠭᠠᠰᠤ ᠪᠣᠯᠭᠠᠨ᠂ ᠠᠷᠪᠠᠨ ᠳᠥᠷᠪᠡᠨ ᠪᠠᠳᠠᠭ ᠰᠣᠩᠭᠣᠳᠠᠭ ᠳᠠᠭᠤᠤ᠎ᠪᠠᠷ ᠦᠵᠡᠭ᠌ᠴᠢᠳ᠎ᠲᠦ ᠨᠢᠭᠡ ᠤᠳᠠᠭᠠᠨ᠎ᠤ ᠰᠣᠩᠭᠣᠳᠠᠭ ᠤᠷᠤᠰᠭᠠᠯ ᠲᠠᠭᠤᠤ ᠪᠣᠯᠤᠨ ᠥᠪᠥᠷ ᠮᠣᠩᠭᠣᠯ᠎ᠤᠨ ᠣᠨᠴᠠᠯᠢᠭ᠎ᠢ ᠤᠶᠠᠯᠳᠤᠭᠤᠯᠤᠭ᠍ᠰᠠᠨ ᠨᠠᠢᠷᠠᠯ ᠳᠠᠭᠤᠤ᠎ᠶ᠋ᠢᠨ ᠲᠣᠭ᠍ᠯᠠᠯᠲᠠ ᠭᠠᠷᠭᠠᠪᠠ᠃ 《ᠡᠨᠡ ᠳᠡᠯᠡᠬᠡᠢ ᠲᠡᠢᠮᠦ᠍ ᠣᠯᠠᠨ ᠬᠥᠮᠦᠨ》 ᠬᠡᠬᠦ ᠨᠠᠢᠷᠠᠯ ᠲᠠᠭᠤᠤ᠎ᠡᠴᠠ 《ᠪᠠᠭ᠎ᠠ ᠨᠠᠰᠤ》᠂ 《ᠪᠦᠷᠢᠶ᠎ᠡ ᠬᠣᠷᠣᠬᠠᠶ》 ᠶ᠋ᠢᠨ ᠲᠤᠷᠠᠰᠤᠮᠵᠢ ᠬᠦᠷᠲᠡᠯ᠎ᠡ 《ᠰᠠᠷᠠ ᠮᠢᠨᠦ᠍ ᠰᠡᠳᠭᠢᠯ᠎ᠢ ᠲᠥᠯᠥᠭᠡᠯᠡᠨ᠎ᠡ》 ᠭᠡᠬᠦ᠌ ᠭᠦᠨ ᠵᠤᠵᠠᠭᠠᠨ ᠬᠠᠢᠷ᠎ᠠ ᠰᠡᠳᠭᠢᠯᠭᠡ᠎ᠲᠠᠢ ᠠᠶ᠎ᠠ ᠲᠠᠭᠤᠤ ᠡᠴᠡ 《ᠳᠠᠯᠠᠢ ᠲᠠᠩᠭᠢᠰ᠎ᠤᠨ ᠮᠦᠱᠢᠶᠡᠯ》᠂ 《ᠠᠭᠤᠳᠠᠮ ᠣᠭ᠍ᠲᠠᠷᠭᠤᠢ》 ᠵᠢᠨ ᠤᠮᠤᠭ ᠲᠡᠬᠦᠯᠳᠡᠷ ᠴᠤᠭ ᠪᠠᠳᠠᠷᠠᠩᠭᠤᠢ ᠲᠠᠭᠤᠤ ᠬᠦᠭᠵᠢᠮ ᠬᠦᠷᠲᠡᠯ᠎ᠡ᠂ ᠨᠡᠩ ᠴᠤ᠌ 《ᠲᠦᠷᠪᠡᠨ ᠳᠠᠯᠠᠢ》᠂ 《ᠴᠡᠯᠡᠭᠡᠷ ᠲᠠᠯ᠎ᠠ᠎ᠶ᠋ᠢᠨ ᠳᠠᠭᠤᠯᠠᠯ》 ᠵᠡᠷᠭᠡ ᠲᠦᠮᠡᠨ ᠤᠯᠠᠨ᠎ᠤ ᠰᠡᠳᠬᠢᠯ ᠳ᠋ᠤ ᠰᠢᠩᠭᠡᠭᠰᠡᠨ ᠰᠤᠩᠭᠤᠳᠠᠭ ᠪᠦᠲᠦᠭᠡᠯ ᠨᠢ ᠤᠯᠠᠮᠵᠢᠯᠠᠯ ᠪᠣᠯᠤᠨ ᠴᠠᠭ ᠦᠶ᠎ᠡ᠎ᠶ᠋ᠢᠨ ᠴᠤᠤᠷᠢᠢ᠎ᠠ᠎ᠶ᠋ᠢ ᠪᠤᠳᠠᠳᠠᠢ ᠢᠯᠡᠷᠡᠭᠦᠯᠪᠡ᠃ ᠳᠠᠭᠤᠤ ᠬᠥᠭ᠌ᠵᠢᠮ᠎ᠦᠨ ᠦᠳᠡᠱᠢᠯᠡᠭᠡ᠎ᠶ᠋ᠢᠨ ᠠᠬᠤᠶ ᠲᠠᠯᠠᠪᠠᠶ᠎ᠳᠤ ᠬᠥᠷ ᠬᠥᠭ᠌ᠵᠢᠶᠡᠨ᠎ᠢᠶᠡᠷ ᠪᠢᠯᠬᠠᠵᠤ᠂ ᠠᠯᠠᠭ᠎ᠠ ᠲᠠᠱᠢᠬᠤ ᠲᠠᠭᠤᠨ ᠪᠣᠯᠤᠨ ᠨᠠᠢᠷᠠᠯ ᠲᠠᠭᠤᠤ ᠰᠣᠯᠪᠢᠴᠠᠨ ᠴᠤᠤᠷᠢᠶᠠᠲᠤᠵᠤ᠂ ᠦᠵᠡᠭ᠌ᠴᠢᠳ ᠲᠠᠨᠢᠯ ᠳᠠᠰᠤᠯ ᠬᠥᠭ ᠠᠶᠠᠰ᠎ᠤᠨ ᠳᠤᠮᠳᠠ ᠵᠠᠯᠠᠭᠤ ᠨᠠᠰᠤᠨ᠎ᠤ ᠲᠤᠷᠠᠳᠬᠠᠯ ᠵᠢᠡᠨ ᠳᠠᠬᠢᠨ ᠡᠷᠭᠢᠴᠡᠭᠦᠯᠵᠦ᠍᠂ ᠭᠤᠢᠳᠠ ᠰᠠᠢᠬᠠᠨ ᠲᠣᠭ᠍ᠯᠠᠯᠲᠠ ᠳᠤᠮᠳᠠ ᠨᠠᠢᠷᠠᠯ ᠳᠠᠭᠤᠤ᠎ᠶ᠋ᠢᠨ ᠤᠷᠠᠯᠢᠭ᠎ᠤᠨ ᠨᠥᠯᠥᠭᠡᠯᠡᠬᠦ᠌ ᠬᠦᠴᠦᠨ᠎ᠢ ᠮᠡᠳᠡᠷᠡᠪᠡ᠃

ᠬᠥᠬᠡᠬᠣᠲᠠ᠎ᠶ᠋ᠢᠨ ᠵᠠᠯᠠᠭᠤᠴᠤᠳ᠎ᠤᠨ ᠨᠠᠢᠷᠠᠯ ᠳᠠᠭᠤᠤ᠎ᠶ᠋ᠢᠨ ᠪᠦᠯᠬᠦᠮ ᠪᠣᠯ ᠬᠦᠬᠡᠬᠤᠳᠠ ᠵᠢᠨ ᠡᠪᠯᠡᠯ᠎ᠦᠨ ᠬᠣᠷᠢᠶᠠᠨ᠎ᠤ ᠵᠢᠯᠣᠭᠣᠳᠣᠯᠭ᠎ᠠ ᠪᠠ ᠳᠡᠮᠵᠢᠯᠭᠡ ᠳᠤᠤᠷ᠎ᠠ᠂ ᠬᠣᠲᠠ᠎ᠶ᠋ᠢᠨ ᠡᠯ᠎ᠡ ᠠᠵᠢᠯ ᠲᠥᠷᠥᠯ᠎ᠦᠨ ᠵᠠᠯᠠᠭᠤᠴᠤᠳ᠎ᠤᠨ ᠰᠠᠢᠨ ᠳᠤᠷ᠎ᠠ᠎ᠠᠴᠠ᠎ᠪᠠᠨ ᠵᠣᠬᠢᠶᠠᠨ ᠪᠠᠢᠭᠤᠯᠤᠭ᠍ᠰᠠᠨ ᠠᠵᠢᠯ ᠮᠡᠷᠭᠡᠵᠢᠯ᠎ᠦᠨ ᠪᠤᠰᠤ ᠨᠡᠢᠭᠡᠮ᠎ᠦᠨ ᠵᠠᠯᠠᠭᠤᠴᠤᠳ᠎ᠤᠨ ᠨᠠᠢᠷᠠᠯ ᠳᠠᠭᠤᠤ᠎ᠶ᠋ᠢᠨ ᠪᠦᠯᠬᠦᠮ ᠪᠣᠯᠤᠨ᠎ᠠ᠃ ᠠᠵᠢᠯᠯᠠᠭ᠎ᠠ ᠨᠢ ᠵᠠᠯᠠᠭᠤᠴᠤᠳ᠎ᠤᠨ ᠳᠤᠷ᠎ᠠ ᠪᠠᠬ᠎ᠠ᠎ᠶ᠋ᠢ ᠲᠠᠲᠠᠬᠤ ᠬᠡᠯᠪᠡᠷᠢ᠎ᠪᠡᠷ ᠠᠪᠢᠶᠠᠰ ᠴᠢᠳᠠᠪᠤᠷᠢ᠎ᠪᠠᠨ ᠢᠯᠡᠷᠡᠭᠦᠯᠬᠦ᠌᠂ ᠬᠠᠢᠷ᠎ᠠ ᠰᠡᠳᠭᠢᠯᠭᠡ᠎ᠪᠡᠨ ᠨᠡᠪᠲᠡᠷᠡᠯᠴᠡᠬᠦ᠌᠂ ᠦᠵᠡᠯ ᠰᠡᠳᠭᠢᠯᠭᠡ᠎ᠪᠡᠨ ᠪᠣᠯᠪᠠᠰᠤᠷᠠᠭᠤᠯᠬᠤ ᠲᠠᠪᠴᠠᠩ᠎ᠢ ᠪᠠᠢᠭᠤᠯᠵᠤ᠂ ᠵᠠᠯᠠᠭᠤᠴᠤᠳ᠎ᠤᠨ ᠰᠣᠶᠣᠯ᠎ᠤᠨ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠪᠦᠲᠦᠮᠵᠢᠲᠡᠢ ᠬᠥᠭ᠌ᠵᠢᠭᠡᠵᠦ᠍᠂ ᠬᠤᠳᠠ᠎ᠶ᠋ᠢᠨ ᠰᠣᠶᠣᠯ᠎ᠤᠨ ᠬᠠᠢᠷ᠎ᠠ ᠬᠠᠯᠠᠮᠵᠢ᠎ᠶ᠋ᠢ ᠳᠡᠭᠡᠭ᠌ᠰᠢᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号