ᠪᠠᠢᠭᠠᠯᠢ ᠵᠢᠨ ᠨᠤᠲᠤᠭ ᠪᠡᠯᠴᠢᠭᠡᠷ ᠤ᠋ᠨ ᠮᠠᠯ ᠪᠡᠯᠴᠢᠭᠡᠷ ᠤ᠋ᠨ ᠲᠡᠩᠴᠡᠭᠦᠷᠢ᠎ᠶ᠋ᠢᠨ ᠵᠢᠭᠠᠯᠳᠠ ᠲᠣᠭ᠎ᠠ 10%᠎ᠡᠴᠡ ᠳᠤᠤᠷ᠎ᠠ ᠪᠤᠯᠪᠠ
2026-01-28 10:54:17
ᠵᠣᠬᠢᠶᠠᠭ᠍ᠴᠢ᠄
ᠵᠠᠩ ᠬᠣᠶ ᠯᠢᠩ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 26 ᠎ᠤ ᠡᠳᠦᠷ ᠬᠥᠬᠡᠬᠣᠲᠠ᠎ᠳᠤ ᠬᠤᠷᠠᠯᠳᠤᠭᠤᠯᠤᠭ᠍ᠰᠠᠨ ᠪᠥᠬᠥ᠌ ᠣᠷᠣᠨ ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠠᠵᠢᠯ ᠎ᠤᠨ ᠬᠤᠷᠠᠯ᠎ᠠᠴᠠ ᠣᠢᠯᠠᠭᠠᠭ᠍ᠰᠠᠨ᠎ᠢᠶᠠᠷ᠄ 2025 ᠣᠨ᠎ᠳᠤ᠂ ᠥᠪᠥᠷ ᠮᠣᠩᠭᠣᠯ᠎ᠤᠨ ᠣᠶ ᠱᠢᠭᠤᠶ ᠨᠤᠲᠤᠭ ᠪᠡᠯᠴᠢᠭᠡᠷ᠎ᠦᠨ ᠡᠬᠢ ᠪᠠᠶᠠᠯᠢᠭ᠎ᠤᠨ ᠬᠠᠮᠢᠶᠠᠷᠤᠯᠲᠠ ᠬᠠᠮᠠᠭᠠᠯᠠᠯᠲᠠ ᠱᠢᠨ᠎ᠡ ᠳᠡᠭ᠌ᠲᠡᠷ᠎ᠲᠦ ᠭᠠᠷᠴᠤ᠌᠂ ᠪᠥᠬᠥ᠌ ᠣᠷᠣᠨ᠎ᠤ 102 ᠭᠠᠵᠠᠷ ᠣᠷᠣᠨ ᠪᠠ ᠨᠢᠭᠡᠴᠢ᠂  99% ᠎ᠶ᠋ᠢᠨ ᠨᠤᠲᠤᠭ ᠪᠡᠯᠴᠢᠭᠡᠷ᠎ᠲᠦ ᠬᠡᠳᠦᠷᠡᠳᠡᠯ᠎ᠡ ᠮᠠᠯᠵᠢᠬᠤ ᠠᠰᠠᠭᠤᠳᠠᠯ ᠎ᠢ ᠪᠥᠬᠥ᠌ ᠲᠠᠯ᠎ᠠ᠎ᠪᠠᠷ ᠳᠡᠯᠭᠡᠷᠡᠭᠦᠯᠦᠨ ᠱᠢᠶ᠋ᠳᠪᠦᠷᠢᠯᠡᠵᠦ᠍᠂ ᠪᠠᠢᠭᠠᠯᠢ᠎ᠶ᠋ᠢᠨ ᠨᠤᠲᠤᠭ ᠪᠡᠯᠴᠢᠭᠡᠷ ᠤ᠋ᠨ ᠮᠠᠯ ᠪᠡᠯᠴᠢᠭᠡᠷ ᠤ᠋ᠨ ᠲᠡᠩᠴᠡᠭᠦᠷᠢ ᠵᠢᠨ  ᠵᠢᠭᠠᠯᠲᠠ ᠲᠣᠭ᠎ᠠ᠎ᠶ᠋ᠢ 10% ᠡᠴᠡ ᠳᠣᠷᠣᠭ᠍ᠰᠢ ᠪᠣᠯᠲᠠᠯ᠎ᠠ ᠪᠠᠭᠤᠷᠠᠭᠤᠯᠪᠠ᠃


QQ20260128-105935.png


ᠲᠠᠨᠢᠯᠴᠠᠭᠤᠯᠤᠭ᠍ᠰᠠᠨ᠎ᠢᠶᠠᠷ᠂ 2025 ᠣᠨ᠎ᠳᠤ᠂ ᠥᠪᠥᠷ ᠮᠣᠩᠭᠣᠯ᠎ᠤᠨ ᠡᠪᠡᠰᠦ ᠳᠠᠷᠢᠵᠤ ᠰᠠᠢᠵᠢᠷᠠᠭᠤᠯᠤᠭ᠍ᠰᠠᠨ ᠨᠤᠲᠤᠭ ᠪᠡᠯᠴᠢᠭᠡᠷ 3000 ᠭᠠᠷᠤᠶ ᠲᠦᠮᠡᠨ ᠮᠣ᠌᠎ᠳᠦ ᠬᠦᠷᠴᠡᠶ︔ ᠬᠥᠯᠥᠨ ᠪᠣᠢᠷ᠎ᠤᠨ ᠪᠡᠯᠴᠢᠭᠡᠷ ᠰᠡᠷᠭᠦᠭᠡᠬᠦ᠌ ᠬᠤᠭᠤᠴᠠᠭᠠᠨ᠎ᠳᠤ ᠲᠣᠭ᠍ᠲᠠᠭᠠᠯ᠎ᠡᠴᠡ ᠵᠥᠷᠢᠴᠡᠨ ᠮᠠᠯᠵᠢᠬᠤ ᠨᠣᠷᠮ᠎ᠠ ᠠᠳᠠᠯᠢ ᠬᠤᠭᠤᠴᠠᠭᠠᠨ ᠎ᠤ ᠎ᠬᠢ᠎ᠡᠴᠡ ᠵᠠᠭᠤᠨ᠎ᠤ ᠬᠠᠷᠢᠴᠠᠯ ᠵᠢᠡᠷ 35.7 ᠬᠤᠪᠢ ᠪᠠᠭᠤᠷᠠᠪᠠ︔ ᠣᠶ ᠱᠢᠭᠤᠶ ᠨᠤᠲᠤᠭ ᠪᠡᠯᠴᠢᠭᠡᠷ᠎ᠢ ᠡᠪᠳᠡᠭᠰᠡᠨ ᠬᠠᠤᠯᠢ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠪᠥᠬᠥ᠌ ᠲᠠᠯ᠎ᠠ᠎ᠪᠠᠷ ᠥᠷᠨᠢᠭᠦᠯᠵᠦ᠍᠂ ᠨᠡᠢᠲᠡ 2.7 ᠲᠦᠮᠡ ᠭᠠᠷᠤᠶ ᠠᠰᠠᠭᠤᠳᠠᠯ᠎ᠢ ᠴᠡᠭ᠌ᠴᠡᠯᠡᠨ ᠵᠠᠰᠠᠵᠤ᠂ ᠨᠡᠮᠡᠭ᠌ᠳᠡᠭ᠌ᠰᠡᠨ ᠬᠡᠮᠵᠢᠶ᠎ᠡ ᠪᠠ ᠦᠯᠡᠳᠡᠭᠡᠯ ᠠᠰᠠᠭᠤᠳᠠᠯ ᠎ᠢ ᠴᠡᠭ᠌ᠴᠡᠯᠡᠨ ᠵᠠᠰᠠᠭ᠍ᠰᠠᠨ ᠨᠣᠷᠮ᠎ᠠ ᠲᠣᠰ ᠲᠣᠰ 81%᠂  99% ᠎ᠳ᠋ᠤ ᠬᠦᠷᠴᠦ᠍᠂ ᠨᠡᠢᠲᠡ 4.51 ᠳ᠋ᠦᠩᠱᠢᠭᠤᠷ ᠲᠥᠭᠥᠷᠢᠭ ᠤ᠋ᠨ ᠳᠤᠷᠭᠠᠭᠤᠯᠢ ᠵᠢᠨ ᠮᠦᠩᠬᠦ ᠬᠣᠷᠢᠶᠠᠨ ᠠᠪᠴᠤ᠌᠂ ᠣᠶ ᠱᠢᠭᠤᠶ ᠨᠤᠲᠤᠭ ᠪᠡᠯᠴᠢᠭᠡᠷ᠎ᠦᠨ ᠤᠷᠭᠤᠮᠠᠯ ᠎ᠤᠨ ᠬᠤᠴᠢᠯᠭ᠎ᠠ ᠎ᠶ᠋ᠢ 31.54 ᠲᠦᠮᠡᠨ ᠮᠥ᠍ ᠰᠡᠷᠭᠦᠭᠡᠵᠦ᠍᠂ ᠣᠶ ᠱᠢᠭᠤᠶ ᠨᠤᠲᠤᠭ ᠪᠡᠯᠴᠢᠭᠡᠷ ᠎ᠦᠨ ᠲᠥᠷᠥᠯ ᠎ᠢ 204.9 ᠲᠦᠮᠡᠨ ᠮᠥ᠍ ᠰᠡᠷᠭᠦᠭᠡᠬᠦ᠌ ᠪᠣᠯᠤᠮᠵᠢ᠎ᠲᠠᠶ ᠪᠠᠢᠨ᠎ᠠ᠃

ᠳᠠᠭᠠᠤ ᠳ᠋ᠤᠨᠢ᠂ ᠥᠪᠥᠷ ᠮᠣᠩᠭᠣᠯ ᠡᠯ᠎ᠡ ᠲᠥᠷᠥᠯ᠎ᠦᠨ ᠡᠬᠢ ᠪᠠᠶᠠᠯᠢᠭ᠎ᠤᠨ ᠬᠠᠮᠠᠭᠠᠯᠠᠯᠲᠠ᠎ᠶ᠋ᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ᠳᠠᠯᠠᠨ ᠬᠠᠷ᠎ᠠ ᠠᠭᠤᠯᠠ᠎ᠶ᠋ᠢᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ ᠳᠡᠯᠡᠬᠡᠶ᠎ᠶ᠋ᠢᠨ ᠠᠮᠢᠳᠤ ᠪᠣᠳᠠᠰ᠎ᠤᠨ ᠮᠠᠨᠳᠠᠯ᠎ᠤᠨ ᠬᠠᠮᠠᠭᠠᠯᠠᠯᠲᠠ᠎ᠶ᠋ᠢᠨ ᠣᠷᠣᠨ᠎ᠤ ᠰᠦᠯᠵᠢᠶ᠎ᠡ᠎ᠳᠦ ᠠᠮᠵᠢᠯᠲᠠ᠎ᠲᠠᠶ ᠣᠷᠣᠯᠴᠠᠵᠤ᠂ ᠭᠡᠭᠡᠨ ᠭᠤᠤᠯ᠎ᠤᠨ ᠡᠬᠢ ᠵᠡᠷᠭᠡ 3 ᠴᠢᠬᠤᠯᠠ ᠨᠤᠭᠤ ᠭᠠᠵᠠᠷ ᠤᠯᠤᠰ ᠎ᠤᠨ ᠴᠢᠬᠤᠯᠠ ᠨᠤᠭᠤ ᠭᠠᠵᠠᠷ᠎ᠤᠨ ᠨᠡᠷᠡᠰ᠎ᠲᠦ ᠰᠣᠩᠭᠣᠭ᠍ᠳᠠᠨ ᠣᠷᠣᠵᠤ᠂ ᠬᠠᠨ ᠮᠠ ᠳᠡᠯᠡᠬᠡᠶ ᠎ᠶ᠋ᠢᠨ ᠠᠮᠢᠳᠤ ᠪᠣᠳᠠᠰ᠎ᠤᠨ ᠮᠠᠨᠳᠠᠯ᠎ᠤᠨ ᠬᠠᠮᠠᠭᠠᠯᠠᠯᠲᠠ᠎ᠶ᠋ᠢᠨ ᠣᠷᠣᠨ 10 ᠵᠢᠯ᠎ᠦᠨ ᠦᠨᠡᠯᠡᠨ ᠵᠢᠱ᠌ᠢᠯᠲᠡ ᠵᠢ ᠦᠩᠬᠡᠷᠡᠬᠦᠯᠵᠥ᠂ ᠱᠢᠪᠠᠭᠤᠨ᠎ᠤ ᠲᠥᠷᠥᠯ᠎ᠢ ᠬᠠᠮᠠᠭᠠᠯᠠᠬᠤ ᠠᠵᠢᠯᠯᠠᠭ᠎ᠠ ᠪᠠ ᠬᠠᠤᠯᠢ ᠪᠤᠰᠤ᠎ᠪᠠᠷ ᠠᠩᠨᠠᠵᠤ ᠫᠠᠨᠽᠠᠯᠠᠬᠤ᠎ᠳᠤ ᠴᠣᠬᠢᠯᠲᠠ ᠥᠭ᠌ᠬᠦ ᠲᠤᠰᠭᠠᠶ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠤᠯᠤᠰ᠎ᠤᠨ ᠣᠶ ᠱᠢᠭᠤᠶ ᠡᠪᠡᠰᠦ ᠪᠡᠯᠴᠢᠭᠡᠷ᠎ᠦᠨ ᠦᠷ᠎ᠡ ᠡᠳ᠋᠎ᠦᠨ ᠡᠬᠢ ᠪᠠᠶᠠᠯᠢᠭ᠎ᠤᠨ ᠲᠦᠬᠦᠭᠡᠷᠤᠮᠵᠢ᠎ᠶ᠋ᠢᠨ ᠬᠠᠳᠠᠭᠠᠯᠠᠯᠲᠠ᠎ᠶ᠋ᠢᠨ ᠬᠥᠮᠥᠷᠭᠡ᠎ᠶ᠋ᠢᠨ ᠥᠪᠥᠷ ᠮᠣᠩᠭᠣᠯ᠎ᠳᠠᠬᠢ ᠬᠤᠪᠢᠶᠠᠷᠢ ᠬᠥᠮᠥᠷᠭᠡ᠎ᠶ᠋ᠢ ᠪᠠᠢᠭᠤᠯᠵᠥ ᠳᠠᠭᠤᠰᠭᠠᠨ ᠠᠵᠢᠯᠯᠠᠭᠤᠯᠵᠥ᠂  5314 ᠲᠦᠮᠡᠨ ᠮᠥ᠍ ᠣᠶ ᠱᠢᠭᠤᠶ ᠨᠤᠳᠤᠭ ᠪᠡᠯᠴᠢᠭᠡᠷ ᠤ᠋ᠨ ᠬᠦᠨᠦᠬᠡᠯᠳᠤ ᠠᠮᠢᠳᠤ ᠪᠣᠳᠠᠰ᠎ᠢ ᠰᠡᠷᠭᠡᠢᠯᠡᠨ ᠵᠠᠰᠠᠵᠤ᠂ ᠵᠤᠷᠢᠭᠤᠳᠠ ᠵᠢᠨ ᠣᠶ ᠱᠢᠭᠤᠶ ᠨᠤᠲᠤᠭ ᠪᠡᠯᠴᠢᠭᠡᠷ᠎ᠦᠨ ᠭᠠᠯ ᠳᠤᠢᠮᠠᠷ ᠎ᠤᠨ ᠠᠶᠤᠯ ᠦᠯᠦ ᠡᠬᠦᠰᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号