1 ᠰᠠᠷ᠎ᠠ᠎ᠶᠢᠨ 27 ᠤ ᠡᠳᠦᠷ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ ᠦᠨ
ᠪᠠᠲᠤᠯᠠᠭ᠎ᠠ᠎ᠶᠢᠨ ᠶᠠᠮᠤᠨ᠎ᠠᠴᠠ ᠣᠢᠯᠠᠭᠠᠭᠰᠠᠨ ᠵᠢᠡᠷ᠂ ᠮᠠᠨ᠎ᠤ ᠤᠯᠤᠰ《ᠰᠢᠨ᠎ᠡ ᠠᠵᠢᠯ ᠣᠯᠭᠣᠯᠲᠠ᠎ᠶᠢᠨ ᠪᠠᠢᠳᠠᠯ ᠳᠤᠤᠷᠠᠬᠢ ᠬᠥᠳᠡᠯᠮᠦᠷᠢᠴᠢᠳ ᠤᠨ ᠦᠨᠳᠦᠰᠦᠨ
ᠡᠷᠬᠡ ᠠᠰᠢᠭ᠋᠎ᠢ ᠪᠠᠲᠤᠯᠠᠬᠤ ᠠᠷᠭ᠎ᠠ 》 ᠵᠢ ᠲᠣᠭᠲᠠᠭᠠᠵᠤ᠂
ᠰᠢᠨ᠎ᠡ ᠠᠵᠢᠯ ᠣᠯᠭᠣᠯᠲᠠ᠎ᠶᠢᠨ ᠪᠠᠢᠳᠠᠯ ᠳᠤᠤᠷᠠᠭᠢ ᠬᠥᠳᠡᠯᠮᠦᠷᠢ᠎ᠶᠢᠨ ᠦᠨᠳᠦᠰᠦᠨ ᠪᠠᠷᠢᠮᠵᠢᠶ᠎ᠠ ᠪᠠ ᠠᠵᠤ
ᠠᠬᠤᠢᠯᠠᠯ᠎ᠤᠨ ᠬᠥᠳᠡᠯᠮᠦᠷᠢ᠎ᠶᠢᠨ ᠬᠠᠮᠠᠭᠠᠯᠠᠯᠲᠠ᠎ᠶᠢᠨ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ
ᠲᠣᠳᠣᠷᠬᠠᠢ ᠪᠣᠯᠭᠠᠨ᠎ᠠ︔《ᠨᠠᠰᠤ ᠬᠡᠲᠦᠷᠡᠭᠰᠡᠨ
ᠬᠥᠳᠡᠯᠮᠦᠷᠢᠴᠢᠳ᠎ᠦᠨ ᠦᠨᠳᠦᠰᠦᠨ ᠡᠷᠬᠡ ᠠᠰᠢᠭ᠋᠎ᠢ ᠪᠠᠲᠤᠯᠠᠬᠤ ᠲᠦᠷ ᠬᠡᠷᠡᠭᠵᠢᠭᠦᠯᠬᠦ ᠲᠣᠭᠲᠠᠭᠠᠯ》 ᠢ ᠲᠤᠭᠲᠠᠭᠠᠨ᠎ᠠ︔《ᠠᠵᠢᠯᠲᠠᠨ ᠠᠵᠢᠯᠴᠢᠨ᠎ᠤ ᠴᠠᠯᠢᠩ᠎ᠲᠠᠢ ᠪᠡᠷ ᠵᠢᠯ᠎ᠦᠨ ᠠᠮᠠᠷᠠᠯᠲᠠ ᠠᠪᠬᠤ ᠳᠦᠷᠢᠮ》᠎ᠳᠤ ᠵᠠᠰᠠᠪᠤᠷᠢ ᠣᠷᠣᠭᠤᠯᠬᠤ᠎ᠶᠢ ᠠᠬᠢᠭᠤᠯᠵᠤ᠂ ᠬᠥᠮᠥᠨ ᠬᠡᠷᠡᠭᠯᠡᠬᠦ ᠨᠢᠭᠡᠴᠢ᠎ᠶᠢᠨ
ᠠᠵᠢᠯᠲᠠᠨ ᠠᠵᠢᠯᠴᠢᠨ᠎ᠤ ᠴᠠᠯᠢᠩ᠎ᠲᠠᠢ ᠪᠡᠷ ᠵᠢᠯ᠎ᠦᠨ ᠠᠮᠠᠷᠠᠯᠲᠠ
ᠠᠪᠬᠤ ᠳᠦᠷᠢᠮ᠎ᠢ ᠨᠠᠢᠳᠠᠪᠤᠷᠢᠵᠢᠭᠤᠯᠬᠤ᠎ᠶᠢ ᠠᠬᠢᠭᠤᠯᠤᠨ᠎ᠠ᠃
ᠮᠠᠨ᠎ᠤ ᠤᠯᠤᠰ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠵᠤ ᠪᠠᠭᠲᠠᠭᠠᠮᠵᠢ ᠵᠢ
ᠦᠷᠭᠡᠳᠬᠡᠨ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ᠎ᠶᠢ ᠬᠡᠷᠡᠭᠵᠢᠭᠦᠯᠵᠦ᠂ ᠭᠣᠣᠯᠳᠠᠯᠭ᠎ᠠ᠎ᠲᠠᠢ ᠠᠵᠢᠯ
ᠲᠥᠷᠥᠯ᠎ᠦᠨ ᠠᠵᠢᠯ ᠣᠯᠭᠣᠯᠲᠠ᠎ᠶᠢ ᠳᠡᠮᠵᠢᠬᠦ ᠠᠷᠭ᠎ᠠ ᠬᠡᠮᠵᠢᠶ᠎ᠡ᠎ᠶᠢ ᠨᠡᠢᠲᠡᠯᠡᠵᠦ᠂ ᠵᠣᠬᠢᠶᠠᠮᠠᠯ ᠣᠶᠤᠨ᠎ᠤ
ᠨᠥᠯᠥᠭᠡ᠎ᠶᠢ ᠠᠷᠭᠠᠴᠠᠭᠠᠵᠤ ᠠᠵᠢᠯ ᠣᠯᠭᠣᠯᠲᠠ᠎ᠶᠢ ᠠᠬᠢᠭᠤᠯᠬᠤ ᠪᠢᠴᠢᠭ ᠮᠠᠲᠧᠷᠢᠶᠠᠯ᠎ᠢ ᠨᠡᠢᠲᠡᠯᠡᠨ᠎ᠡ᠃
ᠭᠣᠣᠯᠳᠠᠯᠭ᠎ᠠ᠎ᠲᠠᠢ ᠬᠥᠮᠥᠰ᠎ᠦᠨ ᠠᠵᠢᠯ ᠣᠯᠭᠣᠯᠲᠠ᠎ᠶᠢᠨ ᠳᠡᠮᠵᠢᠯᠭᠡ᠎ᠶᠢ ᠴᠢᠩᠭᠠᠳᠬᠠᠵᠤ᠂ ᠶᠡᠬᠡ ᠳᠡᠭᠡᠳᠦ
ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠭᠣᠯᠲᠠ᠎ᠶᠢᠨ ᠪᠢᠴᠢᠭ ᠮᠠᠲᠧᠷᠢᠶᠠᠯ
ᠳᠠᠷᠤᠮᠠᠯᠯᠠᠨ ᠲᠠᠷᠬᠠᠭᠠᠵᠤ᠂ ᠬᠤᠳᠠ ᠬᠥᠳᠡᠭᠡ᠎ᠶᠢᠨ ᠠᠵᠢᠯ ᠣᠯᠭᠣᠯᠲᠠ᠎ᠶᠢᠨ ᠰᠢᠰᠲᠧᠮ ᠢ ᠨᠢᠭᠡᠳᠦᠯᠲᠡᠢ
ᠲᠥᠯᠥᠪᠵᠢᠭᠦᠯᠬᠦ ᠰᠠᠨᠠᠯ᠎ᠢ ᠨᠡᠢᠲᠡᠯᠡᠵᠦ᠂ ᠲᠠᠬᠢᠨ ᠶᠠᠳᠠᠭᠤᠷᠠᠬᠤ ᠪᠠ ᠶᠠᠳᠠᠭᠤᠷᠠᠬᠤ ᠵᠢ ᠰᠡᠷᠬᠡᠢᠯᠡᠵᠥ ᠠᠵᠢᠯ ᠣᠯᠭᠤᠯᠲᠠ ᠪᠡᠷ ᠬᠠᠪᠰᠤᠷᠤᠨ ᠲᠡᠳᠬᠦᠬᠦ ᠪᠠᠢᠩᠭᠤᠵᠢᠭ᠍ᠰᠠᠨ ᠲᠣᠭᠲᠠᠴᠠ᠎ᠶᠢ
ᠪᠠᠢᠭᠤᠯᠤᠨ᠎ᠠ᠃
ᠠᠵᠢᠯ ᠲᠦᠷᠦᠯ᠎ᠦᠨ ᠭᠡᠮᠲᠦᠯ᠎ᠦᠨ ᠪᠠᠲᠤᠯᠠᠭ᠎ᠠ᠎ᠶᠢᠨ ᠲᠤᠷᠰᠢᠯᠲᠠ ᠵᠢᠨ ᠴᠡᠭ ᠤ᠋ᠨ ᠠᠵᠢᠯ᠎ᠢ ᠢᠳᠡᠪᠬᠢᠲᠡᠢ ᠪᠥᠭᠡᠳ ᠯᠠᠪᠳᠠᠭᠤᠨ᠎ᠢᠶᠠᠷ ᠠᠬᠢᠭᠤᠯᠵᠤ᠂ ᠲᠤᠷᠰᠢᠯᠲᠠ ᠵᠢᠨ ᠴᠡᠭ᠎ᠢ
ᠪᠥᠬᠥ ᠤᠯᠤᠰ᠎ᠲᠤ ᠬᠦᠷᠲᠡᠯ᠎ᠡ ᠥᠷᠭᠡᠳᠬᠡᠨ᠎ᠡ᠃ 2025 ᠣᠨ᠎ᠤ ᠡᠴᠦᠰ ᠪᠣᠯᠲᠠᠯ᠎ᠠ᠂ ᠠᠵᠢᠯ ᠲᠦᠷᠦᠯ᠎ᠦᠨ
ᠭᠡᠮᠲᠦᠯ᠎ᠦᠨ ᠪᠠᠲᠤᠯᠠᠭ᠎ᠠ᠎ᠶᠢᠨ ᠲᠤᠷᠰᠢᠯᠲᠠ ᠵᠢᠨ ᠴᠡᠭ᠎ᠤᠨ ᠳᠠᠭᠠᠳᠬᠠᠯ᠎ᠳᠤ ᠨᠡᠶ᠋ᠢᠲᠡ 2510 ᠲᠦᠮᠡᠨ
ᠬᠥᠮᠥᠨ ᠣᠷᠣᠯᠴᠠᠪᠠ᠃
ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ
1 ᠰᠠᠷ᠎ᠠ᠎ᠶᠢᠨ 27᠎ᠤ ᠡᠳᠦᠷ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2025
ᠣᠨ᠎ᠤ ᠡᠴᠦᠰ ᠪᠣᠯᠲᠠᠯ᠎ᠠ᠂ ᠪᠥᠬᠥ ᠤᠯᠤᠰ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠂ ᠠᠵᠢᠯ ᠠᠯᠳᠠᠯᠲᠠ᠂
ᠠᠵᠢᠯ ᠠᠴᠠ ᠪᠣᠯᠤᠭᠰᠠᠨ ᠭᠡᠮᠲᠦᠯ᠎ᠦᠨ ᠳᠠᠭᠠᠳᠬᠠᠯ᠎ᠳᠤ ᠣᠷᠣᠯᠴᠠᠭᠰᠠᠨ ᠬᠥᠮᠥᠨ᠎ᠦ ᠲᠣᠭ᠎ᠠ ᠲᠣᠰ ᠲᠤᠰ 10.76
ᠳ᠋ᠦᠩᠰᠢᠭᠤᠷ ᠬᠥᠮᠥᠨ᠂ 2.49 ᠳ᠋ᠦᠩᠰᠢᠭᠤᠷ ᠬᠥᠮᠥᠨ᠂ 3.05 ᠳ᠋ᠦᠩᠰᠢᠭᠤᠷ ᠬᠥᠮᠥᠨ ᠪᠠᠢᠵᠤ᠂ ᠲᠦᠷᠦᠭᠦᠸ᠋
ᠵᠢᠯ᠎ᠦᠨ ᠡᠴᠦᠰ᠎ᠦᠨ ᠬᠢ᠎ᠡᠴᠡ ᠲᠣᠰ ᠲᠤᠰ 316 ᠲᠦᠮᠡᠨ ᠬᠥᠮᠥᠨ᠂ 329 ᠲᠦᠮᠡᠨ ᠬᠥᠮᠥᠨ᠂ 102 ᠲᠦᠮᠡᠨ ᠬᠥᠮᠥᠨ
ᠨᠡᠮᠡᠭᠳᠡᠵᠡᠢ᠃ ᠪᠥᠬᠥ ᠵᠢᠯ᠎ᠦᠨ ᠭᠤᠷᠪᠠᠨ ᠵᠦᠢᠯ᠎ᠦᠨ ᠨᠡᠢᠭᠡᠮ᠎ᠦᠨ ᠳᠠᠭᠠᠳᠬᠠᠯ᠎ᠤᠨ ᠰᠠᠭᠤᠷᠢ ᠮᠥᠩᠭᠥ ᠶᠢᠨ
ᠶᠡᠷᠦᠩᠬᠡᠢ ᠣᠷᠣᠯᠭ᠎ᠠ 9.1 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠶᠡᠷᠦᠩᠬᠡᠢ ᠵᠠᠷᠤᠯᠭ᠎ᠠ 8.1
ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠵᠢᠯ᠎ᠦᠨ ᠡᠴᠦᠰ᠎ᠲᠦ ᠨᠡᠶ᠋ᠢᠲᠡ 10.2 ᠲᠦᠮᠡᠨ ᠳ᠋ᠦᠩᠰᠢᠭᠤᠷ
ᠲᠥᠭᠥᠷᠢᠭ᠎ᠦᠨ ᠦᠯᠡᠳᠡᠪᠦᠷᠢ᠎ᠲᠠᠢ ᠪᠣᠯᠵᠤ᠂ ᠰᠠᠭᠤᠷᠢ ᠮᠥᠩᠭᠥᠨ᠎ᠤ ᠡᠷᠭᠢᠯᠲᠡ ᠶᠡᠷᠦᠩᠬᠡᠢ᠎ᠳᠡᠭᠡᠨ ᠲᠣᠭᠲᠠᠭᠤᠨ
ᠪᠠᠢᠨ᠎ᠠ᠃
ᠮᠠᠨ ᠤ ᠤᠯᠤᠰ᠎ᠤᠨ ᠨᠡᠢᠭᠡᠮ ᠦᠨ ᠪᠠᠲᠤᠯᠠᠭ᠎ᠠ᠎ᠶᠢᠨ ᠰᠠᠭᠤᠷᠢ ᠮᠥᠩᠭᠥ᠎ᠶᠢᠨ ᠬᠢᠨᠠᠯᠲᠠ
ᠬᠠᠮᠢᠶᠠᠷᠤᠯᠲᠠ ᠪᠠ ᠪᠡᠯᠡ ᠣᠷᠣᠭᠤᠯᠤᠯᠲᠠ ᠡᠵᠡᠩᠨᠡᠯᠲᠡ ᠲᠠᠰᠤᠷᠠᠯᠲᠠ ᠦᠭᠡᠢ ᠴᠢᠩᠭᠠᠷᠠᠪᠠ᠃ 2025 ᠣᠨ ᠤ
ᠡᠴᠦᠰ ᠪᠣᠯᠲᠠᠯ᠎ᠠ᠂ ᠦᠨᠳᠦᠰᠦᠨ ᠨᠠᠰᠤᠵᠢᠯ᠎ᠤᠨ ᠳᠠᠭᠠᠳᠬᠠᠯ᠎ᠤᠨ ᠰᠠᠭᠤᠷᠢ ᠮᠥᠩᠭᠥ᠎ᠶᠢᠨ ᠨᠠᠶ᠋ᠢᠳᠠᠨ ᠪᠡᠯᠡ
ᠣᠷᠣᠭᠤᠯᠤᠭᠤᠯᠤᠭᠰᠠᠨ ᠬᠡᠪᠴᠢᠶ᠎ᠡ 2.98 ᠲᠦᠮᠡᠨ ᠳ᠋ᠦᠩᠰᠢᠭᠤᠷ ᠲᠥᠭᠥᠷᠢᠭ᠎ᠢ ᠳᠠᠪᠠᠪᠠ᠃
ᠢᠷᠡᠯᠲᠡ᠄ ᠰᠢᠨᠬᠤᠸᠠ ᠬᠤᠷᠢᠶ᠎ᠠ