ᠥᠪᠥᠷ ᠮᠣᠩᠭᠣᠯ ᠎ᠤᠨ ᠵᠠᠮ ᠬᠠᠷᠢᠯᠴᠠᠭᠠᠨ᠎ᠤ ᠴᠠᠭᠳᠠᠭ᠎ᠠ᠎ᠶᠢᠨ ᠬᠠᠮᠤᠭ᠎ᠤᠨ ᠰᠢᠨ᠎ᠡ ᠵᠠᠷᠯᠠᠯ
2026-01-28 18:29:26
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1 ᠰᠠᠷ᠎ᠠ ᠵᠢᠨ  27᠎ᠤ ᠡᠳᠦᠷ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠴᠠᠭᠳᠠᠭ᠎ᠠ ᠲᠡᠪᠴᠡᠨᠭ 《ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ᠎ᠦ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠨᠠᠭᠰᠢᠳᠠ ᠴᠢᠩᠭᠠᠳᠬᠠᠬᠤ ᠲᠤᠬᠠᠢ ᠵᠠᠷᠯᠠᠯ》ᠨᠡᠢᠲᠡᠯᠡᠪᠡ᠂ ᠭᠤᠤᠯ ᠠᠭᠤᠯᠭ᠎ᠠ ᠡᠴᠡ ᠰᠡᠢᠷᠡᠭᠦᠯᠪᠡᠯ᠄

ᠨᠢᠭᠡ᠂ ᠳᠡᠩᠰᠡᠯᠡᠯᠲᠠ ᠵᠢᠨ ᠬᠠᠮᠢᠶᠠᠷᠤᠯᠲᠠ᠎ᠶᠢ ᠵᠢᠷᠤᠮᠵᠢᠭᠤᠯᠤᠨ᠎ᠠ

ᠵᠠᠮ᠎ᠳᠤ ᠭᠠᠷᠴᠤ ᠪᠠᠢᠭ᠎ᠠ ᠪᠣᠶ ᠪᠦᠬᠦᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠎ᠶᠢ ᠡᠷᠬᠡᠪᠰᠢ ᠬᠠᠤᠯᠢ ᠶᠣᠰᠣᠭᠠᠷ ᠳᠡᠩᠰᠡᠯᠡᠵᠦ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠡᠴᠡ ᠣᠯᠭᠣᠭᠰᠠᠨ ᠬᠦᠴᠦᠨ ᠪᠦᠬᠦᠢ ᠨᠣᠮᠧᠷ᠎ᠦᠨ ᠫᠠᠢᠰᠠ᠎ᠶᠢ ᠣᠯᠬᠤ᠎ᠶᠢᠨ ᠬᠠᠮᠲᠤ ᠡᠯᠭᠦᠬᠦ ᠬᠡᠷᠡᠭᠲᠡᠢ᠃ ᠡᠭᠦᠨ᠎ᠳᠦ᠂ ᠰᠢᠨ᠎ᠡ ᠪᠠᠷᠢᠮᠵᠢᠶ᠎ᠠ᠎ᠳᠤ ᠨᠡᠢᠴᠡᠭᠰᠡᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠢᠴᠢ 2025 ᠣᠨ᠎ᠤ 11 ᠰᠠᠷ᠎ᠠ᠎ᠶᠢᠨ 30 ᠎ᠤ ᠡᠳᠦᠷ᠎ᠡᠴᠡ ᠡᠮᠦᠨ᠎ᠡ ᠬᠤᠳᠠᠯᠳᠤᠨ ᠠᠪᠤᠭᠰᠠᠨ ᠪᠥᠭᠡᠳ ᠬᠠᠭᠤᠴᠢᠨ ᠪᠠᠷᠢᠮᠵᠢᠶ᠎ᠠ᠎ᠳᠤ ᠨᠡᠢᠴᠡᠭᠰᠡᠨ᠎ᠢ ᠨᠢ ᠳᠡᠩᠰᠡᠯᠡᠵᠦ ᠨᠣᠮᠧᠷ᠎ᠦᠨ ᠫᠠᠢᠰᠠ ᠣᠯᠭᠣᠨ᠎ᠠ᠃ 2025 ᠣᠨ᠎ᠤ 9 ᠰᠠᠷ᠎ᠠ᠎ᠶᠢᠨ 1 ᠎ᠦ ᠡᠳᠦᠷ᠎ᠡᠴᠡ ᠡᠮᠦᠨ᠎ᠡ ᠬᠤᠳᠠᠯᠳᠤᠨ ᠠᠪᠤᠭᠰᠠᠨ ᠪᠦᠭᠡᠳ ᠳᠡᠭᠡᠷ᠎ᠡ ᠳᠤᠷᠠᠳᠤᠭᠰᠠᠨ ᠪᠠᠷᠢᠮᠵᠢᠶ᠎ᠠ᠎ᠳᠤ ᠨᠡᠢᠴᠡᠬᠦ ᠦᠭᠡᠢ᠎ᠶᠢ ᠨᠢ ᠳᠡᠩᠰᠡᠯᠡᠵᠦ ᠰᠢᠯᠵᠢᠯᠲᠡ ᠵᠢᠨ ᠬᠤᠭᠤᠴᠠᠭᠠᠨ᠎ᠤ ᠨᠡᠪᠲᠡᠷᠡᠬᠦ ᠨᠣᠮᠧᠷ᠎ᠦᠨ ᠫᠠᠢᠰᠠ ᠣᠯᠭᠣᠵᠤ᠂ ᠨᠣᠮᠧᠷ᠎ᠦᠨ ᠫᠠᠢᠰᠠ᠎ᠶᠢᠨ ᠬᠦᠴᠦᠨ᠎ᠪᠦᠬᠦᠢ ᠬᠤᠭᠤᠴᠠᠭ᠎ᠠ ᠨᠢ 2025 ᠣᠨ᠎ᠤ 9 ᠰᠠᠷ᠎ᠠ᠎ᠶᠢᠨ 1᠎ᠦ ᠡᠳᠦᠷ᠎ᠡᠴᠡ 2030 ᠣᠨ᠎ᠤ 8 ᠰᠠᠷ᠎ᠠ᠎ᠶᠢᠨ 31᠎ᠦ ᠡᠳᠦᠷ ᠪᠣᠯᠣᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠦ᠂ 2025 ᠣᠨ᠎ᠤ 12 ᠰᠠᠷ᠎ᠠ᠎ᠶᠢᠨ 1᠎ᠦ ᠡᠳᠦᠷ ᠵᠢᠴᠢ ᠲᠡᠭᠦᠨ᠎ᠡᠴᠡ ᠬᠣᠢᠰᠢ ᠦᠢᠯᠡᠳᠪᠦᠷᠢᠯᠡᠵᠦ ᠪᠣᠷᠣᠯᠠᠭᠤᠯᠤᠬᠰᠠᠨ ᠬᠠᠭᠤᠴᠢᠨ ᠪᠠᠷᠢᠮᠵᠢᠶᠠᠲᠤ ᠲᠡᠷᠭᠡ᠎ᠶᠢ ᠳᠡᠩᠰᠡᠯᠡᠵᠦ ᠥᠭᠬᠦ ᠦᠭᠡᠢ᠃

ᠬᠣᠶᠠᠷ᠂ ᠲᠡᠷᠭᠡ ᠨᠡᠪᠲᠡᠷᠡᠬᠦ ᠬᠠᠮᠢᠶᠠᠷᠤᠯᠲᠠ᠎ᠶᠢ ᠵᠢᠷᠤᠮᠵᠢᠭᠤᠯᠤᠨ᠎ᠠ

2026 ᠣᠨ᠎ᠤ 2 ᠰᠠᠷ᠎ᠠ᠎ᠶᠢᠨ 28 ᠎ᠤ ᠡᠳᠦᠷ᠎ᠦᠨ 24 ᠴᠠᠭ᠎ᠠᠴᠠ ᠡᠮᠦᠨ᠎ᠡ᠂ ᠲᠣᠭᠲᠠᠭᠠᠯ ᠶᠣᠰᠣᠭᠠᠷ ᠳᠡᠩᠰᠡᠯᠡᠨ ᠲᠡᠮᠳᠡᠭᠯᠡᠭᠦᠯᠦᠭᠰᠡᠨ ᠦᠭᠡᠢ ᠮᠥᠷᠲᠡᠭᠡᠨ ᠵᠠᠮ ᠳᠡᠭᠡᠷ᠎ᠡ ᠭᠠᠷᠴᠤ ᠶᠠᠪᠤᠬᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ᠎ᠦ ᠵᠢᠯᠣᠭᠣᠴᠢ᠎ᠶᠢ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠡᠴᠡ ᠰᠤᠷᠭᠠᠨ ᠬᠥᠮᠥᠵᠢᠭᠦᠯᠵᠦ ᠵᠠᠯᠠᠷᠠᠭᠤᠯᠬᠤ ᠪᠠ ᠰᠡᠷᠡᠮᠵᠢᠯᠡᠭᠦᠯᠦᠯ ᠥᠭᠴᠦ ᠰᠢᠢᠳᠬᠡᠬᠦ᠎ᠪᠡᠷ ᠭᠣᠣᠯ ᠪᠣᠯᠭᠠᠨ᠎ᠠ᠃ 2026 ᠣᠨ᠎ᠤ 3 ᠰᠠᠷ᠎ᠠ᠎ᠶᠢᠨ 1 ᠎ᠦ ᠡᠳᠦᠷ᠎ᠡᠴᠡ ᠡᠬᠢᠯᠡᠨ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠫᠠᠢᠰᠠᠨ᠎ᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠪᠠᠢᠴᠠᠭᠠᠨ ᠰᠢᠢᠳᠪᠦᠷᠢᠯᠡᠬᠦ ᠠᠵᠢᠯ᠎ᠢ ᠲᠥᠪᠯᠡᠷᠡᠭᠦᠯᠦᠨ ᠥᠷᠨᠢᠭᠦᠯᠵᠦ᠂ ᠲᠤᠰᠬᠠᠢ ᠵᠠᠰᠠᠬᠤ ᠪᠠ ᠪᠠᠢᠩᠭᠤᠵᠢᠭᠤᠯᠤᠨ ᠵᠠᠰᠠᠬᠤ᠎ᠶᠢ ᠤᠶᠠᠯᠳᠤᠭᠤᠯᠬᠤ ᠠᠷᠭ᠎ᠠ ᠬᠡᠯᠪᠡᠷᠢ᠎ᠪᠡᠷ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ᠎ᠦ ᠫᠠᠢᠰᠠᠨ᠎ᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠬᠠᠮᠢᠶᠠᠷᠤᠯᠲᠠ᠎ᠶᠢ ᠪᠥᠬᠥ ᠲᠠᠯ᠎ᠠ᠎ᠪᠠᠷ ᠴᠢᠩᠭᠠᠳᠬᠠᠵᠤ᠂ ᠲᠡᠷᠭᠡᠨ᠎ᠦ ᠡᠵᠡᠨ᠎ᠦ ᠫᠠᠢᠰᠠ ᠡᠯᠭᠦᠬᠦ ᠵᠢ ᠱᠠᠯᠠᠪᠳᠠᠭᠤᠯᠬᠤ ᠪᠣᠯᠣᠨ᠎ᠠ᠃

ᠭᠤᠷᠪᠠ᠂ ᠵᠠᠮ ᠬᠠᠷᠢᠯᠴᠠᠭᠠᠨ᠎ᠤ ᠡᠨᠳᠡᠯ᠎ᠢ ᠰᠢᠢᠳᠪᠦᠷᠢᠯᠡᠬᠦ᠎ᠶᠢ ᠵᠢᠷᠤᠮᠵᠢᠭᠤᠯᠤᠨ᠎ᠠ

ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠠᠮ ᠬᠠᠷᠢᠯᠴᠠᠭᠠᠨ᠎ᠤ ᠡᠨᠳᠡᠯ ᠭᠠᠷᠪᠠᠯ᠂ ᠲᠡᠷᠭᠡ ᠬᠥᠰᠬᠡ᠎ᠶᠢᠨ ᠵᠢᠯᠣᠭᠣᠴᠢ ᠲᠡᠷᠡ ᠳᠠᠷᠤᠢ ᠳ᠋ᠤᠨᠢ ᠲᠡᠷᠭᠡ᠎ᠪᠡᠨ ᠵᠣᠭᠰᠣᠭᠠᠵᠤ᠂ ᠲᠤᠬᠠᠢ᠎ᠶᠢᠨ ᠲᠠᠯᠠᠪᠠᠶ᠎ᠶᠢ ᠬᠠᠮᠠᠭᠠᠯᠠᠬᠤ ᠬᠡᠷᠡᠭᠲᠡᠢ; ᠬᠥᠮᠥᠨ᠎ᠢ ᠰᠢᠷᠬᠠᠲᠤᠭᠤᠯᠤᠭᠰᠠᠨ ᠪᠠᠢᠪᠠᠯ᠂ ᠲᠡᠷᠭᠡᠨ᠎ᠦ ᠵᠢᠯᠣᠭᠣᠴᠢ ᠰᠢᠷᠬᠠᠲᠤᠭᠰᠠᠳ᠎ᠢ ᠲᠡᠷᠡ ᠳᠠᠷᠤᠢ ᠳ᠋ᠤᠨᠢ ᠲᠦᠷᠭᠡᠨ ᠠᠪᠤᠷᠠᠬᠤ᠎ᠶᠢᠨ ᠬᠠᠮᠲᠤ ᠳᠠᠷᠤᠢ ᠲᠦᠷᠭᠡᠨ ᠴᠠᠭᠳᠠᠭ᠎ᠠ ᠳ᠋ᠤ ᠮᠡᠳᠡᠭᠦᠯᠬᠦ ᠬᠡᠷᠡᠭᠲᠡᠢ᠃ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠡᠴᠡ ᠵᠠᠮ ᠬᠠᠷᠢᠯᠴᠠᠭᠠᠨ᠎ᠤ ᠡᠨᠳᠡᠯ᠎ᠭᠠᠷᠭᠠᠭᠰᠠᠨ ᠲᠤᠬᠠᠢ᠎ᠶᠢᠨ ᠬᠥᠮᠥᠨ᠎ᠦ ᠦᠵᠡᠭᠦᠯᠦᠭᠰᠡᠨ ᠦᠢᠯᠡᠳᠦᠯ ᠵᠢᠴᠢ ᠠᠯᠳᠠᠭ᠎ᠠ᠎ᠶᠢᠨ ᠬᠦᠨᠳᠦ ᠨᠣᠴᠢᠲᠠᠢ ᠬᠡᠮᠵᠢᠶ᠎ᠡ᠎ᠶᠢ ᠦᠨᠳᠦᠰᠦᠯᠡᠨ ᠬᠠᠷᠢᠭᠤᠴᠠᠯᠭ᠎ᠠ ᠲᠣᠭᠲᠠᠭᠠᠨ᠎ᠠ᠃


ᠢᠷᠡᠯᠲᠡ ᠄  ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠴᠠᠭᠳᠠᠭ᠎ᠠ ᠲᠡᠪᠴᠡᠨᠭ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号