ᠯᠦ᠍ ᠶᠠᠨ ᠲᠥᠯᠥᠭᠡᠯᠡᠭ᠌ᠴᠢ᠄ ᠬᠢᠴᠢᠶᠡᠯ ᠎ᠦᠨ ᠲᠠᠩᠬᠢᠮ ᠎ᠤᠨ ᠳᠣᠲᠣᠨ᠎ᠠ ᠭᠠᠳᠠᠨ᠎ᠠ ᠰᠡᠳᠭᠢᠯ᠎ᠦᠨ ᠳᠠᠭᠤᠨ ᠢ᠋ ᠰᠣᠨᠣᠰᠴᠤ᠌ ᠦᠨᠡᠨ ᠦᠭᠡ ᠵᠢ ᠶᠠᠷᠢᠨ᠎ᠠ
2026-01-29 10:33:28
ᠵᠣᠬᠢᠶᠠᠭ᠍ᠴᠢ᠄
ᠱᠢᠤᠢ ᠵᠢᠩ
ᠣᠩᠱᠢᠭ᠍ᠰᠠᠨ ᠣᠳᠠᠭ᠎ᠠ᠄
★★★☆☆

《ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯ ᠢᠷᠠᠭᠤ ᠠᠯᠳᠠᠷ ᠪᠣᠯᠬᠤ᠎ᠪᠠᠷ ᠪᠠᠷᠠᠬᠤ ᠥᠬᠡᠶ ᠨᠠᠩ ᠴᠤ᠌ ᠬᠦᠨᠳᠦ ᠬᠠᠷᠢᠭᠤᠴᠠᠯᠭ᠎ᠠ ᠮᠥᠨ》᠂ ᠦᠩᠭᠡᠷᠡᠭᠰᠡᠨ ᠵᠢᠯ ᠤ᠋ᠨ ᠲᠤᠰᠢᠶᠠᠯ ᠬᠠᠷᠢᠭᠤᠴᠠᠯᠭ᠎ᠠ ᠪᠡᠨ ᠬᠦᠢᠴᠡᠳᠭᠡᠭᠰᠡᠨ ᠲᠤᠬᠠᠢ᠂ ᠥᠪᠡᠷᠲᠡᠭᠡᠨ ᠵᠠᠰᠠᠬᠤ ᠣᠷᠣᠨ᠎ᠤ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠬᠠᠳᠠ᠎ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ ᠎ᠶ᠋ᠢᠨ ᠤᠯᠠᠨ ᠤᠯᠤᠰ᠎ᠤᠨ ᠲᠤᠷᠱᠢᠯᠲᠠ᠎ᠶ᠋ᠢᠨ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠯᠦ᠍ ᠶᠠᠨ ᠢᠩᠬᠢᠵᠦ ᠭᠡᠯᠡᠪᠡ᠃ ᠥᠪᠡᠷᠲᠡᠭᠡᠨ ᠵᠠᠰᠠᠬᠤ ᠣᠷᠣᠨ ᠎ᠤ ᠬᠣᠶᠠᠷ ᠬᠤᠷᠠᠯ ᠣᠢᠷᠠᠳᠭᠤᠶ᠎ᠠ᠂ ᠲᠡᠭᠦᠨ ᠤ᠋ ᠰᠤᠷᠭᠠᠨ ᠬᠥᠮᠦᠵᠢᠯ᠎ᠦᠨ ᠲᠤᠬᠠᠢ ᠬᠡᠳᠦᠨ ᠬᠤᠪᠢ ᠰᠠᠨᠠᠭᠤᠯᠭ᠎ᠠ ᠨᠢ ᠨᠢᠭᠡᠨᠲᠡ ᠪᠡᠯᠡᠬᠡᠨ ᠪᠣᠯᠪᠠ᠃

ᠰᠤᠷᠭᠠᠨ ᠬᠥᠮᠦᠵᠢᠯ᠎ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠯᠦ᠍ ᠶᠠᠨ ᠢᠮᠠᠭ᠍ᠲᠠ ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠰᠤᠷᠭᠠᠨ ᠬᠥᠮᠦᠵᠢᠯ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠭᠰᠡᠭᠡᠷ ᠢᠷᠡᠪᠡ᠃ ᠥᠩᠭᠡᠷᠡᠭ᠌ᠰᠡᠨ ᠨᠢᠭᠡ ᠵᠢᠯ᠎ᠳᠦ᠂ ᠡᠳᠦᠷ ᠲᠤᠲᠤᠮ ᠎ᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠵᠢᠭᠠᠨ ᠰᠤᠷᠭᠠᠯᠲᠠ᠎ᠶ᠋ᠢᠨ ᠠᠵᠢᠯ ᠡᠴᠡ ᠭᠠᠳᠠᠨ᠎ᠠ ᠲᠡᠷᠡ ᠪᠠᠰᠠ ᠪᠠᠢᠴᠠᠭᠠᠨ ᠰᠤᠳᠤᠯᠤᠯᠳᠠ ᠬᠢᠭᠡᠳ ᠶᠠᠭᠠᠷᠠᠵᠤ ᠪᠠᠢᠪᠠ᠃ ᠰᠤᠷᠪᠤᠯᠵᠢᠯᠠᠭ᠎ᠠ ᠳᠤᠮᠳᠠ᠂ ᠲᠡᠷᠡ ᠡᠮᠦᠨ᠎ᠡ ᠹᠷᠣᠨᠲ ᠤ᠋ᠨ ᠪᠠᠭ᠍ᠰᠢ᠎ᠶ᠋ᠢᠨ ᠰᠡᠳᠭᠢᠯ᠎ᠦᠨ ᠲᠠᠭᠤᠨ ᠎ᠢ ᠨᠠᠷᠢᠨ ᠬᠢᠨᠠᠮᠠᠭᠠᠶ ᠰᠣᠨᠣᠰᠴᠤ᠌᠂ ᠰᠣᠷᠣᠭ᠍ᠴᠢ ᠪᠣᠯᠤᠨ ᠬᠡᠷ᠎ᠦᠨ ᠠᠬᠠᠮᠠᠳ᠎ᠲᠠᠶ ᠰᠠᠨᠠᠯ᠎ᠢᠶᠠᠨ ᠭᠦᠨᠵᠡᠭᠡᠶ ᠰᠣᠯᠢᠯᠴᠠᠪᠠ;ᠡᠯ᠎ᠡ ᠲᠥᠷᠥᠯ᠎ᠦᠨ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠷᠭ᠎ᠠ ᠵᠠᠮ᠎ᠢ ᠢᠳᠡᠪᠬᠢᠲᠡᠶ ᠬᠠᠢᠨ ᠰᠦᠪᠡᠭ᠌ᠴᠢᠯᠡᠪᠡ᠃ ᠰᠤᠷᠪᠤᠯᠵᠢᠯᠠᠭ᠎ᠠ ᠶᠠᠷᠢᠯᠴᠠᠭ᠎ᠠ ᠪᠡᠷ ᠳᠠᠮᠵᠢᠨ ᠯᠦ᠍ ᠶᠠᠨ ᠵᠠᠷᠢᠮ ᠠᠰᠠᠭᠤᠳᠠᠯ ᠢ᠋ ᠤᠯᠵᠤ ᠮᠡᠳᠡᠪᠡ᠄ 《ᠰᠦᠯᠵᠢᠶᠡᠨ ᠎ᠦ ᠠᠮᠤᠷ ᠲᠦᠪᠱᠢᠨ᠎ᠦ ᠬᠥᠮᠦᠵᠢᠯ᠎ᠦᠨ ᠠᠵᠢᠯ ᠰᠤᠷᠤᠭ᠍ᠴᠢᠳ᠎ᠤᠨ ᠦᠰᠦᠨ ᠪᠣᠢᠵᠢᠯᠲᠠ᠎ᠳᠤ ᠬᠡᠷᠬᠢᠨ ᠦᠶ᠋ᠯᠡᠴᠢᠯᠡᠬᠦ᠌ ᠪᠣᠶ?》᠂ 《ᠬᠡᠷ ᠪᠦᠯᠢ᠎ᠡᠴᠡ ᠠᠪᠤᠭᠠᠳ ᠨᠡᠢᠭᠡᠮ᠎ᠳᠦ ᠬᠦᠷᠲᠡᠯ᠎ᠡ ᠪᠡᠯᠭᠡ ᠵᠢᠨ ᠬᠠᠯᠳᠠᠯᠭ᠎ᠠ ᠵᠢ ᠰᠡᠷᠭᠡᠢᠯᠡᠬᠦ ᠬᠥᠮᠦᠵᠢᠯ᠎ᠦᠨ ᠬᠠᠮᠲᠤ᠎ᠶ᠋ᠢᠨ ᠲᠠᠨᠢᠯᠲᠠ᠎ᠶ᠋ᠢ ᠪᠣᠶ ᠪᠣᠯᠭᠠᠵᠤ᠂ ᠨᠡᠢᠭᠡᠮ ᠳᠠᠶᠠᠭᠠᠷ ᠲᠤ᠌ ᠨᠠᠰᠤᠨ᠎ᠳᠤ ᠥᠯᠥ᠍ ᠭᠦᠷᠦᠭ᠌ᠰᠡᠳ᠎ᠢ ᠬᠠᠮᠲᠤ᠎ᠪᠠᠷ ᠬᠠᠮᠠᠭᠠᠯᠠᠬᠤ ᠰᠠᠢᠨ ᠰᠠᠢᠬᠠᠨ ᠠᠭᠤᠷ ᠠᠮᠢᠰᠭᠤᠯ᠎ᠢ ᠬᠡᠷᠬᠢᠨ ᠪᠣᠶ ᠪᠣᠯᠭᠠᠬᠤ ᠪᠣᠶ?》᠃ ᠡᠳᠡᠭᠡᠷ ᠬᠢᠴᠢᠶᠡᠯ ᠎ᠦᠨ ᠲᠠᠩᠬᠢᠮ᠎ᠤᠨ ᠳᠣᠲᠣᠨ᠎ᠠ ᠭᠠᠳᠠᠨᠠᠬᠢ ᠠᠵᠢᠭ᠍ᠯᠠᠯᠲᠠ ᠪᠠ ᠪᠣᠳᠣᠯᠬᠢᠯᠠᠯ ᠨᠢ ᠲᠡᠭᠦᠨ ᠎ᠦ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠠᠷᠠᠴᠠ᠎ᠶ᠋ᠢ ᠨᠡᠩ ᠬᠤᠷᠴᠠ ᠪᠤᠯᠭᠠᠪᠠ᠃

2026 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠤᠳᠠᠯ ᠥᠬᠡᠶ ᠬᠤᠷᠠᠯᠳᠤᠬᠤ ᠎ᠪᠠᠷ ᠪᠣᠶ᠃ ᠯᠦ᠍ ᠶᠠᠨ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠤ ᠰᠠᠨᠠᠯ ᠰᠠᠨᠠᠭᠤᠯᠭ᠎ᠠ ᠳᠤᠷᠠᠳᠭᠤ᠎ᠳᠤ ᠭᠦᠶ᠋ᠴᠡᠳ ᠪᠡᠯᠡᠳᠭᠡᠯ ᠬᠢᠵᠡᠶ᠃ ᠰᠦᠯᠵᠢᠶᠡᠨ᠎ᠦ ᠠᠮᠤᠷ ᠲᠦᠪᠱᠢᠨ᠎ᠦ ᠬᠥᠮᠦᠵᠢᠯ ᠎ᠦᠨ ᠠᠰᠠᠭᠤᠳᠠᠯ᠎ᠳᠤ ᠴᠢᠭ᠌ᠯᠡᠭᠦᠯᠦᠨ᠂ ᠲᠡᠷᠡ ᠵᠠᠯᠠᠭᠤᠴᠤᠳ ᠪᠠᠭᠠᠴᠤᠳ᠎ᠤᠨ ᠠᠮᠤᠷ ᠲᠦᠪᠱᠢᠨ ᠡᠷᠡᠭᠦᠯ ᠵᠢᠡᠷ ᠰᠦᠯᠵᠢᠶ᠎ᠠ ᠠᠰᠢᠭᠯᠠᠬᠤ ᠱᠢᠰᠲ᠋ᠧᠮᠳᠤ ᠬᠥᠮᠦᠵᠢᠯ ᠎ᠢ ᠴᠢᠩᠭᠠᠳᠭᠠᠵᠤ᠂ ᠰᠦᠯᠵᠢᠶᠡᠨ᠎ᠦ ᠳᠡᠰ ᠬᠤᠪᠢᠶᠠᠬᠤ ᠳᠦᠷᠢᠮ ᠎ᠢ ᠨᠠᠢᠳᠠᠪᠤᠷᠢᠵᠢᠭᠤᠯᠬᠤ᠎ᠶ᠋ᠢ ᠬᠦᠰᠡᠪᠡ; ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠭᠠᠭᠤᠯᠢ ᠵᠢᠨ ᠬᠤᠪᠴᠠᠰᠤᠨ  ᠤ᠋ ᠬᠠᠮᠢᠶᠠᠷᠤᠯᠲᠠ᠎ᠶ᠋ᠢᠨ ᠠᠰᠠᠭᠤᠳᠠᠯ᠎ᠤᠨ ᠲᠤᠬᠠᠶ᠂ 《ᠨᠢᠭᠡ ᠠᠢᠮᠠᠭ ᠬᠣᠲᠠ᠎ᠳᠤ ᠨᠢᠭᠡ ᠶᠠᠩᠵᠤ ᠎ᠶ᠋ᠢᠨ》  ᠰᠤᠷᠭᠠᠭᠤᠯᠢ᠎ᠶ᠋ᠢᠨ ᠬᠤᠪᠴᠠᠰᠤᠨ ᠤ᠋ ᠵᠠᠭ᠍ᠪᠤᠷ ᠎ᠢ ᠰᠦᠪᠡᠭ᠌ᠴᠢᠯᠡᠨ ᠬᠡᠷᠡᠭ᠌ᠵᠢᠭᠦᠯᠵᠦ᠍᠂ ᠰᠣᠶᠣᠯ᠎ᠤᠨ ᠤᠯᠠᠮᠵᠢᠯᠠᠯ᠎ᠳᠤ ᠬᠦᠴᠦᠨ ᠨᠡᠮᠡᠷᠢᠯᠡᠬᠦ᠌ ᠵᠢ ᠳᠤᠷᠠᠳᠪᠠ; ᠲᠤᠰᠭᠠᠶ ᠵᠠᠰᠠᠯᠲᠠ ᠪᠠ ᠬᠠᠤᠯᠢ ᠵᠢ ᠲᠦᠭᠡᠮᠡᠯᠵᠢᠭᠦᠯᠬᠦ᠌ ᠠᠵᠢᠯᠯᠠᠭ᠎ᠠ ᠥᠷᠨᠢᠭᠦᠯᠵᠦ᠍᠂ ᠨᠠᠰᠤᠨ᠎ᠳᠤ ᠥᠯᠥ᠍ ᠭᠦᠷᠦᠭ᠌ᠰᠡᠳ ᠎ᠦᠨ ᠪᠡᠯᠭᠡ᠎ᠶ᠋ᠢᠨ ᠬᠠᠯᠳᠠᠯᠭ᠎ᠠ ᠵᠢ ᠰᠡᠷᠭᠡᠢᠯᠡᠬᠦ ᠬᠥᠮᠦᠵᠢᠯ ᠵᠢᠴᠢ ᠬᠠᠮᠠᠭᠠᠯᠠᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠵᠢ ᠰᠠᠨᠠᠭᠤᠯᠪᠠ ᠁

《ᠤᠳᠠᠭ᠎ᠠ ᠪᠦᠷᠢ ᠰᠠᠨᠠᠭᠤᠯᠭ᠎ᠠ᠎ᠶ᠋ᠢ ᠮᠠᠨᠢ ᠬᠦᠯᠢᠶᠡᠨ ᠠᠪᠬᠤ ᠪᠦᠷᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠠᠮᠤᠭ᠎ᠤᠨ ᠰᠠᠢ᠌ᠨ ᠵᠣᠷᠢᠭ᠍ᠵᠢᠭᠤᠯᠤᠯ ᠪᠤᠯᠳᠠᠭ》 ᠭᠡᠵᠦ᠍ ᠯᠦ᠍ ᠶᠠᠨ ᠬᠡᠯᠡᠪᠡ᠃ 2025 ᠣᠨ ᠎ᠳᠤ᠂ ᠲᠡᠭᠦᠨ᠎ᠦ ᠳᠤᠷᠠᠳᠤᠭ᠍ᠰᠠᠨ ᠱᠢᠶᠠᠨ ᠎ᠤ ᠬᠡᠪᠴᠢᠶᠡᠨ᠎ᠦ ᠠᠯᠪᠠᠨ ᠵᠢᠷᠤᠮ᠎ᠤᠨ ᠰᠤᠷᠭᠠᠨ ᠬᠥᠮᠦᠵᠢᠯ ᠎ᠦᠨ ᠴᠢᠨᠠᠷ ᠰᠠᠢᠲᠠᠶ ᠲᠡᠩᠴᠡᠭᠦᠷᠢᠲᠡᠶ ᠬᠥᠭ᠌ᠵᠢᠯᠲᠡ᠎ᠶ᠋ᠢ ᠠᠬᠢᠭᠤᠯᠬᠤ᠂ ᠬᠠᠭᠤᠴᠢᠨ ᠰᠠᠭᠤᠭᠠᠯᠢ ᠠᠷᠠᠳ ᠎ᠤᠨ ᠲᠣᠭᠣᠷᠢᠭ᠎ᠲᠤ ᠴᠠᠬᠢᠯᠭᠠᠨ ᠱᠠᠲᠤ ᠨᠡᠮᠡᠵᠦ᠍ ᠤᠭ᠍ᠰᠠᠷᠠᠬᠤ᠎ᠶ᠋ᠢ ᠠᠬᠢᠭᠤᠯᠬᠤ ᠵᠡᠷᠭᠡ ᠣᠯᠠᠨ ᠰᠠᠨᠠᠭᠤᠯᠭ᠎ᠠ᠎ᠨᠢ ᠨᠢᠭᠡᠨᠲᠡ ᠤᠷᠢᠳ ᠬᠣᠵᠢᠳ ᠲᠥᠷᠥ᠎ᠶ᠋ᠢᠨ ᠪᠣᠳᠣᠯᠭ᠎ᠠ᠎ᠶ᠋ᠢᠨ ᠰᠤᠳᠤᠯᠭᠠᠨ ᠪᠠ ᠪᠣᠳᠠᠲᠠᠶ ᠠᠵᠢᠯ᠎ᠳᠤ ᠬᠡᠷᠡᠭ᠌ᠯᠡᠭ᠌ᠳᠡᠵᠦ᠍᠂ ᠲᠡᠭᠦᠨ᠎ᠢ ᠶᠡᠬᠡᠳᠡ ᠵᠣᠷᠢᠭ᠍ᠵᠢᠭᠤᠯᠪᠠ᠃

ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ ᠮᠥᠨ ᠯᠡ ᠦᠷᠭᠦᠯᠵᠢᠯᠡᠵᠦ᠍᠂ ᠯᠦ᠍ ᠶᠠᠨ᠎ᠤ ᠲᠤᠱᠢᠶᠠᠯ ᠬᠠᠷᠢᠭᠤᠴᠠᠯᠭ᠎ᠠ ᠎ᠪᠠᠨ ᠭᠦᠢᠴᠡᠳᠭᠡᠬᠦ᠌ ᠦᠢᠯᠡᠳᠦᠯᠭᠡ ᠴᠦ᠍ ᠰᠤᠷᠭᠠᠭᠤᠯᠢ᠎ᠶ᠋ᠢᠨ ᠬᠦᠷᠢᠶ᠎ᠠ ᠵᠢᠨ ᠭᠠᠳᠠᠨ᠎ᠠ ᠬᠦᠷᠳᠡᠯ᠎ᠠ ᠥᠷᠭᠡᠵᠢᠪᠡ᠃ 《ᠪᠢ ᠲᠤᠰᠢᠶᠠᠯ ᠬᠠᠷᠢᠭᠤᠴᠠᠯᠭ᠎ᠠ᠎ᠪᠠᠨ ᠢᠳᠡᠪᠬᠢᠲᠡᠶ ᠭᠦᠶ᠋ᠴᠡᠳᠭᠡᠵᠦ᠍᠂ ᠦᠨᠳᠦᠰᠦᠨ ᠱᠠᠲᠤᠨ᠎ᠤ ᠦᠨᠡᠨ ᠪᠣᠳᠠᠲᠠᠶ ᠠᠰᠠᠭᠤᠳᠠᠯ ᠪᠠ ᠲᠠᠭᠤᠨ ᠎ᠢ ᠬᠡᠷᠡᠭ᠌ᠵᠢᠭᠦᠯᠵᠦ᠍ ᠪᠣᠯᠬᠤ᠂ ᠨᠠᠢᠳᠠᠪᠤᠷᠢᠵᠢᠭᠤᠯᠵᠤ ᠳᠡᠢᠯᠬᠦ᠌ ᠰᠠᠨᠠᠭᠤᠯᠭ᠎ᠠ ᠪᠣᠯᠭᠠᠨ ᠬᠤᠪᠢᠷᠠᠭᠤᠯᠵᠤ᠂ ᠰᠤᠷᠭᠠᠨ ᠬᠥᠮᠦᠵᠢᠯ ᠎ᠦᠨ ᠦᠶ᠋ᠯᠡᠰ᠎ᠦᠨ ᠬᠥᠭ᠌ᠵᠢᠯᠲᠡ ᠎ᠳᠦ ᠬᠤᠪᠢ ᠨᠡᠮᠡᠷᠢ ᠦᠵᠡᠭᠦᠯᠦᠨ᠎ᠡ》 ᠭᠡᠵᠦ᠍ ᠯᠦ᠍ ᠶᠠᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号