ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ 2025 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠵᠢᠴᠢ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠲᠤᠰᠭᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
2026-01-29 09:32:23
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

ᠪᠦᠦ ᠭᠠᠩ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠠᠢ


ᠨᠠᠮ᠎ᠤᠨ ᠲᠥᠪ ᠬᠤᠷᠢᠶ᠎ᠠ ᠵᠢᠨ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠤᠬᠢᠷᠠᠭᠤᠯᠤᠯᠳᠠ ᠶᠣᠰᠣᠭᠠᠷ᠂ 1 ᠰᠠᠷ᠎ᠠ᠎ᠶ᠋ᠢᠨ 28 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ 2025 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠵᠢᠴᠢ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠲᠤᠰᠭᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠥᠷᠡᠰᠢ ᠦᠭᠡᠢ ᠨᠠᠢᠳᠠᠪᠤᠷᠢᠵᠢᠭᠤᠯᠵᠤ᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶ᠋ᠢ ᠠᠬᠢᠭᠤᠯᠵᠤ᠂ ᠲᠥᠪ᠎ᠦᠨ ᠲᠣᠭᠣᠷᠢᠨ ᠪᠠᠢᠴᠠᠭᠠᠯᠳᠠ ᠡᠴᠡ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠱᠢᠯᠢᠳᠡᠭ ᠰᠤᠷᠲᠠᠯ᠎ᠢᠶᠠᠷ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠬᠠᠵᠤ᠂ ᠠᠵᠢᠯ ᠬᠢᠵᠦ᠍ ᠦᠢᠯᠡᠰ ᠪᠦᠲᠦᠭᠡᠬᠦ ᠵᠢ ᠠᠬᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠢ ᠡᠷᠬᠢᠯᠡᠭ᠌ᠰᠡᠨ ᠪᠥᠭᠡᠳ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠡᠮᠦᠨ᠎ᠡ᠎ᠡᠴᠡ ᠬᠠᠷᠭᠤᠭᠤᠯᠤᠭ᠍ᠰᠠᠨ ᠪᠠᠢᠴᠠᠭᠠᠯᠲᠠ ᠬᠢᠵᠦ᠍᠂ ᠤᠳᠤᠷᠢᠳᠬᠤ ᠪᠠᠭ᠎ᠤᠨ ᠪᠦᠷᠢᠯᠳᠦᠬᠦᠨ ᠨᠢᠭᠡᠳ ᠨᠢᠭᠡ᠎ᠪᠡᠷ ᠬᠤᠪᠢ ᠬᠥᠮᠦᠨ᠎ᠦ ᠬᠠᠷᠭᠤᠭᠤᠯᠤᠭ᠍ᠰᠠᠨ ᠪᠠᠢᠴᠠᠭᠠᠯᠲᠠ ᠬᠢᠬᠦ᠌᠎ᠶ᠋ᠢᠨ ᠬᠠᠮᠲᠤ ᠬᠠᠷᠢᠯᠴᠠᠨ ᠱᠢᠭᠦᠮᠵᠢᠯᠡᠯ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠭᠤᠷᠪᠠᠳᠤᠭᠠᠷ ᠬᠢᠨᠠᠨ ᠪᠠᠢᠴᠠᠭᠠᠬᠤ ᠳᠤᠭᠤᠢᠯᠠᠩ᠎ᠤᠨ ᠬᠣᠯᠪᠣᠭ᠍ᠳᠠᠯ ᠪᠦᠬᠦᠢ ᠨᠥᠬᠥᠳ ᠬᠤᠷᠠᠯ᠎ᠳᠤ ᠣᠷᠣᠯᠴᠠᠨ ᠵᠢᠭᠠᠨ ᠵᠢᠯᠣᠭᠣᠳᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠢ᠎ᠠ ᠬᠢᠨᠠᠨ ᠪᠠᠢᠴᠠᠭᠠᠬᠤ ᠵᠥᠪᠯᠡᠯ᠂ ᠨᠠᠮ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠬᠣᠯᠪᠣᠭ᠍ᠳᠠᠯ ᠪᠦᠬᠦᠢ ᠨᠥᠬᠥᠳ ᠬᠤᠷᠠᠯ᠎ᠳᠤ ᠰᠤᠯᠠ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号