ᠰᠢ ᠵᠢᠨ ᠫᠢᠩ ᠽᠢᠮᠪᠠᠪᠦ᠋ᠸᠧᠢ᠎ᠶ᠋ᠢᠨ ᠠᠬᠠᠮᠠᠳ ᠪᠠᠢᠯᠳᠤᠭ᠍ᠴᠢᠳ ᠲᠦ᠍ ᠬᠠᠷᠢᠭᠤ ᠵᠠᠬᠢᠳᠠᠯ ᠢᠯᠡᠭᠡᠪᠡ
2026-01-29 09:12:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 28 ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠽᠢᠮᠪᠠᠪᠦ᠋ᠸᠧᠢ᠎ᠶ᠋ᠢᠨ ᠴᠢᠯᠥᠭᠡᠯᠡᠯᠲᠡ᠎ᠶ᠋ᠢᠨ ᠲᠡᠮᠡᠴᠡᠯ ᠳ᠋ᠦ ᠤᠷᠤᠯᠴᠠᠭᠰᠠᠨ ᠠᠬᠠᠮᠠᠳ ᠪᠠᠢᠯᠳᠤᠭ᠍ᠴᠢᠳ ᠲᠦ᠍ ᠬᠠᠷᠢᠭᠤ ᠵᠠᠬᠢᠳᠠᠯ ᠢᠯᠡᠭᠡᠪᠡ᠃

ᠰᠢ ᠵᠢᠨ ᠫᠢᠩ᠂ ᠲᠠ᠎ᠨᠠᠷ ᠵᠠᠯᠠᠭᠤ ᠨᠠᠰᠤᠨ᠎ᠳᠠᠭᠠᠨ ᠦᠨᠳᠦᠰᠦᠲᠡᠨ᠎ᠦ ᠴᠢᠯᠥᠭᠡᠯᠡᠯᠲᠡ᠎ᠶ᠋ᠢᠨ ᠠᠭᠤᠤ ᠶᠡᠬᠡ ᠦᠢᠯᠡᠰ᠎ᠲᠦ ᠣᠷᠣᠯᠴᠠᠵᠤ᠂ ᠨᠤᠲᠤᠭ ᠤᠰᠤ᠎ᠡᠴᠡ᠎ᠪᠠᠨ ᠬᠤᠯᠠ ᠰᠠᠯᠵᠤ ᠳᠤᠮᠳᠠᠳᠤ ᠤᠯᠤᠰ᠎ᠯᠤᠭ᠎ᠠ ᠰᠠᠯᠤᠰᠢ ᠦᠭᠡᠢ ᠬᠤᠪᠢ ᠪᠠᠷᠢᠯᠳᠤᠯᠭ᠎ᠠ ᠪᠠ ᠲᠠᠢ᠌ᠴᠢᠨ ᠨᠥᠬᠥᠷᠯᠡᠯ᠎ᠲᠡᠶ ᠪᠤᠯᠵᠤ᠂ ᠤᠳᠤ ᠪᠣᠯᠲᠠᠯ᠎ᠠ ᠮᠥᠨ ᠬᠦ᠌ ᠳᠤᠮᠳᠠᠳᠤ ᠽᠢᠮᠪᠠᠪᠦ᠋ᠸᠧᠢ᠂ ᠳᠤᠮᠳᠠᠳᠤ ᠠᠹᠷᠢᠺᠠ᠎ᠶ᠋ᠢᠨ ᠨᠥᠬᠥᠷᠯᠡᠯ ᠢ᠋ ᠰᠡᠳᠭᠢᠯ ᠳ᠋ᠡᠭᠡᠨ ᠬᠠᠯᠠᠮᠵᠢᠯᠠᠵᠤ᠂ ᠬᠥᠮᠦᠰ᠎ᠢ ᠳᠣᠭ᠍ᠳᠣᠯᠤᠭᠤᠯᠵᠦ ᠪᠠᠢᠨ᠎ᠠ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ 2026 ᠣᠨ ᠪᠣᠯ ᠳᠤᠮᠳᠠᠳᠤ ᠠᠹᠷᠢᠺᠠ ᠭᠠᠳᠠᠭᠠᠳᠤ ᠬᠠᠷᠢᠯᠴᠠᠭ᠎ᠠ᠎ᠪᠠᠨ ᠡᠬᠢᠯᠡᠭᠦᠯᠦᠭ᠌ᠰᠡᠨ 70 ᠵᠢᠯ᠎ᠦᠨ ᠤᠢ ᠪᠣᠯᠬᠤ ᠪᠥᠭᠡᠳ 《ᠳᠤᠮᠳᠠᠳᠤ ᠠᠹᠷᠢᠺᠠ᠎ᠶ᠋ᠢᠨ ᠰᠣᠶᠣᠯ ᠢᠷᠭᠡᠨᠱᠢᠯ᠎ᠦᠨ ᠰᠣᠯᠢᠯᠴᠠᠭᠠᠨ᠎ᠤ ᠣᠨ》 ᠪᠣᠯᠤᠨ᠎ᠠ᠃ 70 ᠵᠢᠯ᠎ᠦᠨ ᠲᠤᠷᠰᠢ᠂ ᠳᠤᠮᠳᠠᠳᠤ ᠤᠯᠤᠰ ᠢᠮᠠᠭ᠍ᠲᠠ ᠠᠹᠷᠢᠺᠠ ᠲᠢᠪ᠎ᠦᠨ ᠦᠨᠳᠦᠰᠦᠲᠡᠨ᠎ᠦ ᠴᠢᠯᠥᠭᠡᠯᠡᠯᠲᠡ ᠪᠣᠯᠤᠨ ᠬᠥᠭ᠌ᠵᠢᠯ ᠮᠠᠨᠳᠤᠯ᠎ᠤᠨ ᠦᠢᠯᠡᠰ᠎ᠦᠨ ᠰᠠᠢ᠌ᠨ ᠲᠠᠢ᠌ᠴᠢᠨ ᠨᠠᠢᠵᠠ᠂ ᠰᠠᠢ᠌ᠨ ᠬᠠᠨᠢᠲᠠᠨ ᠪᠤᠯᠵᠥ᠍᠂ ᠠᠹᠷᠢᠺᠠ ᠲᠢᠪ᠎ᠦᠨ ᠨᠠᠢᠵᠠ᠎ᠨᠠᠷ᠎ᠲᠠᠶ ᠬᠠᠷᠢᠯᠴᠠᠨ ᠬᠦᠨᠳᠦᠳᠭᠡᠵᠦ᠍᠂ ᠬᠠᠷᠢᠯᠴᠠᠨ ᠲᠡᠮᠵᠢᠵᠥ᠍᠂ ᠭᠠᠢᠬᠠᠮᠱᠢᠭ᠍ᠲᠤ ᠣᠨ ᠰᠠᠷ᠎ᠠ᠎ᠶ᠋ᠢ ᠭᠠᠷ ᠬᠣᠯᠪᠣᠨ ᠥᠩᠭᠡᠷᠡᠭᠦᠯᠵᠦ᠍᠂ ᠣᠳᠣᠬᠢᠴᠢᠯᠠᠯᠲᠠ᠎ᠶ᠋ᠢᠨ ᠱᠢᠨ᠎ᠡ ᠠᠶᠠᠨ᠎ᠢᠶᠠᠨ ᠬᠠᠮᠲᠤ ᠪᠠᠷ ᠡᠬᠢᠯᠡᠭᠦᠯᠦᠯ᠎ᠡ᠃ ᠳᠤᠮᠳᠠᠳᠤ ᠤᠯᠤᠰ ᠳᠤᠷᠠᠲᠠᠶ᠎ᠠ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠪᠡᠭᠡᠵᠢᠩ᠎ᠳᠡᠬᠢ ᠲᠦᠷᠦᠭᠦᠴᠦᠳ᠎ᠦᠨ ᠬᠤᠷᠠᠯ᠎ᠤᠨ ᠦᠷ᠎ᠡ ᠪᠦᠲᠦᠭᠡᠯ᠎ᠢ ᠨᠠᠢᠳᠠᠪᠤᠷᠢᠵᠢᠭᠤᠯᠬᠤ᠎ᠪᠠᠷ ᠠᠵᠠ ᠲᠣᠬᠢᠶᠠᠯ ᠪᠣᠯᠭᠠᠵᠤ᠂ ᠠᠹᠷᠢᠺᠠ ᠲᠢᠪ᠎ᠯᠦᠭᠡ ᠤᠯᠠᠮᠵᠢᠯᠠᠯᠲᠤ ᠨᠥᠬᠥᠷᠯᠡᠯ᠎ᠢᠶᠡᠨ ᠦᠷᠭᠦᠯᠵᠢᠯᠡᠭᠦᠯᠵᠦ᠍᠂ ᠳᠤᠮᠳᠠᠳᠤ ᠠᠹᠷᠢᠺᠠ᠎ᠶ᠋ᠢᠨ ᠬᠠᠷᠢᠯᠴᠠᠭ᠎ᠠ᠎ᠶ᠋ᠢᠨ ᠨᠡᠩ ᠭᠡᠷᠡᠯ ᠰᠠᠴᠤᠷᠠᠩᠭᠤᠢ ᠢᠷᠡᠭᠡᠳᠦᠢ᠎ᠶ᠋ᠢ ᠬᠠᠮᠲᠤ᠎ᠪᠠᠷ ᠴᠣᠭ᠍ᠴᠠᠯᠠᠨ᠎ᠠ᠃ ᠲᠠ ᠨᠠᠷ᠎ᠤᠨ ᠠᠹᠷᠢᠺᠠ ᠲᠢᠪ᠎ᠦᠨ ᠨᠡᠩ ᠤᠯᠠᠨ ᠵᠠᠯᠠᠭᠤᠴᠤᠳ᠎ᠢ ᠳᠠᠢ᠌ᠴᠢᠯᠠᠨ ᠳᠤᠮᠳᠠᠳᠤ ᠽᠢᠮᠪᠠᠪᠦ᠋ᠸᠧᠢ᠂ ᠳᠤᠮᠳᠠᠳᠤ ᠠᠹᠷᠢᠺᠠ᠎ᠶ᠋ᠢᠨ ᠨᠥᠬᠥᠷᠰᠡᠭ ᠦᠢᠯᠡᠰ᠎ᠲᠦ ᠣᠷᠣᠯᠴᠠᠬᠤ᠎ᠶ᠋ᠢ ᠬᠦᠰᠡᠵᠦ᠍ ᠪᠠᠢᠨ᠎ᠠ ᠭᠡᠵᠦ᠍ ᠴᠢᠬᠤᠯᠠᠴᠢᠯᠠᠪᠠ᠃

ᠰᠢ ᠵᠢᠨ ᠫᠢᠩ᠂ ᠳᠤᠮᠳᠠᠳᠤ ᠤᠯᠤᠰ᠎ᠤᠨ ᠪᠢᠯᠢᠭ᠎ᠦᠨ ᠤᠯᠠᠷᠢᠯ᠎ᠤᠨ ᠮᠤᠷᠢᠨ ᠵᠢᠯ᠎ᠦᠨ ᠴᠠᠭᠠᠨ ᠰᠠᠷ᠎ᠠ ᠤᠳᠠᠯ ᠦᠭᠡᠢ ᠬᠦᠷᠴᠦ᠍ ᠢᠷᠡᠬᠦ᠌ ᠪᠣᠯᠤᠯ᠎ᠠ᠂ ᠳᠤᠮᠳᠠᠳᠤ ᠠᠹᠷᠢᠺᠠ ᠬᠣᠶᠠᠷ ᠲᠠᠯ᠎ᠠ᠎ᠪᠠᠷ᠎ᠢᠶᠠᠨ ᠴᠤᠴᠠᠯᠲᠠ ᠦᠭᠡᠢ ᠤᠷᠤᠭ᠍ᠰᠢᠯᠠᠬᠤ ᠴᠤᠬ ᠪᠠᠳᠠᠷᠠᠩᠭᠤᠢ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠪᠦᠬᠦ᠌ ᠲᠠᠯ᠎ᠠ᠎ᠶ᠋ᠢᠨ ᠳᠤᠮᠳᠠᠳᠤ ᠠᠹᠷᠢᠺᠠ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠭᠠᠷ ᠬᠣᠯᠪᠣᠨ ᠪᠠᠢᠭᠤᠯᠵᠤ᠂ ᠳᠤᠮᠳᠠᠳᠤ ᠠᠹᠷᠢᠺᠠ᠎ᠶ᠋ᠢᠨ ᠨᠥᠬᠥᠷᠯᠡᠯ᠎ᠦᠨ ᠴᠠᠭ ᠦᠶ᠎ᠡ᠎ᠶ᠋ᠢᠨ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠬᠦ᠌᠎ᠶ᠋ᠢ ᠬᠦᠰᠡᠵᠦ᠍ ᠪᠠᠢᠨ᠎ᠠ ᠭᠡᠵᠦ᠍ ᠴᠢᠬᠤᠯᠠᠴᠢᠯᠠᠪᠠ᠃

ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠲᠠᠷᠠᠭ᠎ᠠ᠂ ᠳᠤᠮᠳᠠᠳᠤ ᠤᠯᠤᠰ ᠠᠹᠷᠢᠺᠠ ᠲᠢᠪ᠎ᠦᠨ ᠡᠵᠡᠷᠬᠡᠭ ᠲᠦᠷᠢᠮᠡᠭᠡᠢ᠌ᠳᠡᠨ᠎ᠢ ᠡᠰᠡᠷᠭᠦᠴᠡᠬᠦ᠌ ᠺᠣᠯᠣᠨᠢᠴᠢᠯᠠᠯ᠎ᠢ ᠡᠰᠡᠷᠭᠦᠴᠡᠬᠦ᠌ ᠪᠠ ᠦᠨᠳᠦᠰᠦᠲᠡᠨ᠎ᠦ ᠴᠢᠯᠥᠭᠡᠯᠡᠯᠲᠡ᠎ᠶ᠋ᠢ ᠡᠷᠡᠰ ᠳᠡᠮᠵᠢᠪᠡ᠃ ᠤᠢ᠍ᠢᠷ᠎ᠠ᠎ᠶ᠋ᠢᠨ ᠡᠳᠦᠷ᠂ ᠽᠢᠮᠪᠠᠪᠦ᠋ᠸᠧᠢ᠎ᠶ᠋ᠢᠨ ᠴᠢᠯᠥᠭᠡᠯᠡᠯᠲᠡ᠎ᠶ᠋ᠢᠨ ᠲᠡᠮᠡᠴᠡᠯ ᠳ᠋ᠦ ᠤᠷᠤᠯᠴᠠᠭᠰᠠᠨ ᠠᠬᠠᠮᠠᠳ ᠪᠠᠢᠯᠳᠤᠭ᠍ᠴᠢᠳ ᠨᠡᠷ᠎ᠡ ᠬᠣᠯᠪᠣᠨ ᠲᠡᠷᠢᠭᠦᠯᠡᠭ᠌ᠴᠢ ᠰᠢ ᠵᠢᠨ ᠫᠢᠩ᠎ᠳᠦ ᠵᠠᠬᠢᠳᠠᠯ ᠢᠯᠡᠭᠡᠵᠦ᠍᠂ ᠳᠤᠮᠳᠠᠳᠤ ᠤᠯᠤᠰ᠎ᠤᠨ ᠽᠢᠮᠪᠠᠪᠦ᠋ᠸᠧᠢ᠎ᠶ᠋ᠢᠨ ᠦᠨᠳᠦᠰᠦᠲᠡᠨ᠎ᠦ ᠴᠢᠯᠥᠭᠡᠯᠡᠯᠲᠡ᠎ᠳᠦ ᠬᠠᠩᠭᠠᠭ᠍ᠰᠠᠨ ᠡᠷᠬᠢᠮ ᠨᠠᠨᠳᠢᠨ ᠳᠡᠮᠵᠢᠯᠭᠡ᠎ᠳᠦ ᠴᠢᠩ ᠰᠡᠳᠭᠢᠯ᠎ᠡᠴᠡ᠎ᠪᠡᠨ ᠲᠠᠯᠠᠷᠬᠠᠵᠤ᠂ ᠲᠡᠷᠢᠭᠦᠯᠡᠭ᠌ᠴᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠢ ᠤᠳᠤᠷᠢᠳᠤᠨ ᠱᠢᠨ᠎ᠡ ᠴᠠᠭ ᠦᠶ᠎ᠡ᠎ᠳᠦ ᠭᠠᠷᠮᠠᠭᠠᠢ ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠢ ᠨᠡᠭᠡᠭᠡᠵᠦ᠍᠂ ᠪᠤᠰᠤᠳ ᠬᠥᠭ᠌ᠵᠢᠵᠦ᠍ ᠪᠠᠢᠭ᠎ᠠ ᠤᠯᠤᠰ᠎ᠲᠤ ᠡᠷᠬᠢᠮ ᠨᠠᠨᠳᠢᠨ ᠲᠣᠯᠢᠯᠠᠯ ᠬᠠᠩᠭᠠᠭ᠍ᠰᠠᠨ᠎ᠢ ᠪᠢᠱᠢᠷᠡᠵᠦ᠍᠂ ᠳᠤᠮᠳᠠᠳᠤ ᠽᠢᠮᠪᠠᠪᠦ᠋ᠸᠧᠢ᠎ᠶ᠋ᠢᠨ ᠪᠦᠬᠦ ᠲᠠᠯ᠎ᠠ ᠵᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠳᠤ ᠬᠤᠪᠢ ᠳᠠᠬᠢᠨ ᠣᠮᠣᠭ᠍ᠰᠢᠵᠤ ᠪᠠᠢᠨ᠎ᠠ᠂ ᠬᠣᠶᠠᠷ ᠤᠯᠤᠰ᠎ᠤᠨ ᠨᠥᠬᠥᠷᠯᠡᠯ᠎ᠦᠨ ᠦᠢᠯᠡᠰ᠎ᠢ ᠦᠷᠭᠦᠯᠵᠢᠯᠡᠭᠦᠯᠬᠦ᠌᠎ᠪᠡᠷ ᠴᠢᠷᠮᠠᠢᠨ᠎ᠠ ᠭᠡᠵᠦ᠍ ᠢᠯᠡᠳᠭᠡᠪᠡ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 1 ᠰᠠᠷ᠎ᠠ᠎ᠶ᠋ᠢᠨ 28 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号