ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠨᠡᠢᠭᠡᠮ᠎ᠦᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ
2026-01-29 10:10:26
ᠵᠣᠬᠢᠶᠠᠭ᠍ᠴᠢ᠄
ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ
ᠣᠩᠱᠢᠭ᠍ᠰᠠᠨ ᠣᠳᠠᠭ᠎ᠠ᠄
★★★☆☆

︱ ᠮᠠᠨ᠎ᠤ ᠤᠯᠤᠰ᠎ᠤᠨ ᠨᠡᠢᠭᠡᠮ᠎ᠦᠨ ᠠᠵᠢᠯ ᠰᠢᠨ᠎ᠡ ᠦᠷ᠎ᠡ ᠪᠦᠲᠦᠮᠵᠢ ᠣᠯᠵᠤ ᠰᠢᠨ᠎ᠡ ᠪᠠᠢᠳᠠᠯ᠎ᠢ ᠡᠭᠦᠳᠪᠡ

ᠨᠡᠢᠭᠡᠮ᠎ᠦᠨ ᠠᠵᠢᠯ ᠨᠢ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠪᠠ ᠤᠯᠤᠰ ᠣᠷᠣᠨ᠎ᠤ ᠥᠨᠢ ᠤᠳᠠᠭᠠᠨ ᠠᠮᠤᠷ ᠲᠦᠪᠰᠢᠨ ᠪᠠᠢᠬᠤ᠎ᠲᠠᠢ ᠬᠣᠯᠪᠣᠭᠳᠠᠵᠤ᠂ ᠨᠡᠢᠭᠡᠮ᠎ᠦᠨ ᠡᠶ᠎ᠡ ᠵᠣᠬᠢᠴᠠᠩᠭᠤᠢ ᠠᠮᠤᠷ ᠲᠣᠭᠲᠠᠭᠤᠨ ᠪᠠ ᠠᠷᠠᠳ ᠲᠦᠮᠡᠨ᠎ᠦ ᠵᠣᠯ ᠵᠢᠷᠭᠠᠯ ᠠᠮᠤᠷ ᠠᠮᠤᠭᠤᠯᠠᠩ᠎ᠲᠠᠢ ᠬᠣᠯᠪᠣᠭᠳᠠᠵᠤ᠂ ᠬᠠᠮᠤᠭ᠎ᠤᠨ ᠥᠷᠭᠡᠨ ᠳᠡᠯᠭᠡᠷ ᠨᠡᠢᠭᠡᠮ᠎ᠦᠨ ᠬᠦᠷᠢᠶ᠎ᠡ ᠴᠠᠷᠠᠭ᠎ᠠ᠂ ᠬᠠᠮᠤᠭ᠎ᠤᠨ ᠥᠷᠭᠡᠨ ᠠᠭᠤᠳᠠᠮ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠳᠦ ᠬᠠᠨᠳᠤᠵᠤ ᠪᠠᠢᠳᠠᠭ᠃

《ᠠᠷᠪᠠᠨ ᠳᠥᠷᠪᠡᠳᠦᠭᠡᠷ ᠲᠠᠪᠤᠨ ᠵᠢᠯ》 ᠲᠡᠭᠦᠰ ᠠᠮᠵᠢᠯᠲᠠ᠎ᠲᠠᠢ ᠦᠨᠳᠦᠷᠯᠡᠵᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠠᠶᠠᠨ ᠡᠬᠢᠯᠡᠪᠠ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ᠎ᠦᠨ ᠨᠡᠢᠭᠡᠮ᠎ᠦᠨ ᠠᠵᠢᠯ᠎ᠤᠨ ᠬᠡᠯᠲᠡᠰ ᠵᠢᠴᠢ ᠡᠯ᠎ᠡ ᠭᠠᠵᠠᠷ᠎ᠤᠨ ᠨᠠᠮ᠎ᠤᠨ ᠬᠣᠷᠢᠶ᠎ᠡ ᠵᠢᠨ ᠨᠡᠢᠭᠡᠮ᠎ᠦᠨ ᠠᠵᠢᠯ᠎ᠤᠨ ᠰᠠᠯᠠᠭ᠎ᠠ ᠮᠥᠴᠢᠷ ᠶᠡᠷᠦᠩᠬᠡᠢ ᠱᠦᠵᠢ ᠰᠢ᠎ᠶᠢᠨ ᠫᠢᠩ ᠎ᠤᠨ ᠨᠡᠢᠭᠡᠮ᠎ᠦᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠨᠠᠷᠢᠨ ᠬᠢᠨᠠᠮᠠᠭᠠᠢ ᠰᠤᠷᠤᠯᠴᠠᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠰᠢᠨ᠎ᠡ ᠬᠤᠪᠢᠷᠠᠯᠲᠠ᠂ ᠰᠢᠨ᠎ᠡ ᠣᠨᠴᠠᠯᠢᠭ᠋᠂ ᠰᠢᠨ᠎ᠡ ᠬᠡᠷᠡᠭᠴᠡᠭᠡ᠎ᠶᠢᠨ ᠲᠣᠭᠣᠷᠢᠨ᠎ᠳᠤ᠂ ᠨᠡᠢᠭᠡᠮ᠎ᠦᠨ ᠵᠠᠰᠠᠯᠲᠠ᠎ᠶᠢᠨ ᠰᠢᠰᠲ᠋ᠸᠮ᠎ᠢ ᠲᠡᠭᠦᠯᠳᠡᠷᠵᠢᠭᠦᠯᠬᠦ᠎ᠶᠢ ᠦᠷᠭᠦᠯᠵᠢᠯᠡᠨ ᠠᠬᠢᠭᠤᠯᠵᠤ᠂ ᠨᠡᠢᠭᠡᠮ᠎ᠦᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠨᠡᠢᠭᠡᠮ᠎ᠦᠨ ᠵᠠᠰᠠᠯᠲᠠ᠎ᠶᠢᠨ ᠵᠠᠮ᠎ᠢ ᠰᠦᠪᠡᠭᠴᠢᠯᠡᠬᠦ ᠠᠶᠠᠨ᠎ᠳᠦ ᠢᠳᠡᠷᠡᠭᠦᠨ ᠠᠯᠬᠤᠭ᠎ᠠ ᠪᠡᠷ ᠤᠷᠤᠭᠰᠢᠯᠠᠨ᠎ᠠ᠃

ᠬᠠᠮᠢᠶᠠᠷᠤᠯᠲᠠ ᠦᠢᠯᠡᠴᠢᠯᠡᠭᠡ 《ᠰᠢᠨ᠎ᠡ》 ᠲᠡᠢᠰᠢ ᠬᠥᠭᠵᠢᠵᠦ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠤᠷᠢᠶᠠᠯᠠᠬᠤ ᠬᠦᠴᠦᠨ ᠨᠢᠭ᠍ᠲᠠᠷᠠᠭᠤᠯᠬᠤ ᠬᠦᠴᠦᠨ ᠨᠥᠯᠥᠭᠡᠯᠡᠬᠦ ᠬᠦᠴᠦᠨ ᠲᠠᠰᠤᠷᠠᠯᠲᠠ ᠦᠭᠡᠢ ᠴᠢᠩᠭᠠᠷᠠᠪᠠ

《ᠨᠡᠢᠭᠡᠮ᠎ᠦᠨ ᠠᠵᠢᠯ᠎ᠢ ᠵᠠᠪᠠᠯ ᠴᠢᠩᠭᠠᠳᠬᠠᠬᠤ ᠬᠡᠷᠡᠭᠲᠡᠢ᠂ ᠡᠳᠡᠭᠡᠷ ᠵᠢᠯ᠎ᠦᠳ᠎ᠲᠦ ᠪᠤᠶ ᠪᠣᠯᠤᠭᠰᠠᠨ ᠵᠠᠬᠢᠶᠠᠯᠠᠭ᠎ᠠ ᠵᠢᠨ ᠬᠤᠭᠤᠯᠠ ᠬᠦᠷᠭᠡᠭᠴᠢ᠂ ᠰᠦᠯᠵᠢᠶ᠎ᠡ ᠪᠡᠷ ᠪᠤᠯᠵᠤᠬᠤ ᠮᠠᠰᠢᠨ ᠲᠡᠷᠭᠡᠨ᠎ᠦ ᠵᠢᠯᠣᠭᠣᠴᠢ᠂ ᠡᠯᠧᠺᠲᠷᠣᠨ ᠬᠤᠳᠠᠯᠳᠤᠭᠠᠨ᠎ᠤ ᠠᠵᠢᠯᠲᠠᠨ ᠵᠡᠷᠭᠡ᠎ᠳᠦ ᠬᠠᠨᠳᠤᠭᠤᠯᠵᠤ᠂ ᠬᠠᠮᠢᠶᠠᠷᠤᠯᠲᠠ ᠦᠢᠯᠡᠴᠢᠯᠡᠭᠡ᠎ᠶᠢᠨ ᠲᠠᠯ᠎ᠠ᠎ᠪᠠᠷ ᠲᠡᠭᠦᠯᠳᠡᠷᠵᠢᠭᠦᠯᠵᠤ᠂ ᠡᠨᠡ ᠬᠦ᠌ ᠬᠣᠭᠣᠰᠤᠨ᠎ᠢ ᠨᠥᠬᠥᠪᠦᠷᠢᠯᠡᠬᠦ ᠬᠡᠷᠡᠭᠲᠡᠢ》᠃ 2025 ᠣᠨ᠎ᠤ 3 ᠰᠠᠷ᠎ᠠ᠎ᠶᠢᠨ 5᠎ᠤ᠋ ᠦᠳᠡ᠎ᠶᠢᠨ ᠬᠣᠢᠨ᠎ᠠ᠂ ᠶᠡᠷᠦᠩᠬᠡᠢ ᠱᠦᠵᠢ ᠰᠢ᠎ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠵᠢᠶᠠᠩᠰᠤ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠬᠤ᠎ᠳᠠᠭᠠᠨ᠂ ᠨᠡᠢᠭᠡᠮ᠎ᠦᠨ ᠠᠵᠢᠯ᠎ᠳᠦ ᠱᠠᠭᠠᠷᠳᠠᠯᠭ᠎ᠠ ᠲᠤᠷᠠᠳᠪᠠ᠃

ᠲᠤᠬᠠᠢ᠎ᠶᠢᠨ ᠦᠶ᠎ᠡ᠎ᠳᠦ ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ᠎ᠶᠢ ᠰᠣᠨᠣᠰᠴᠤ ᠪᠠᠢᠭᠰᠠᠨ ᠪᠠᠢᠳᠠᠯ᠎ᠢ ᠡᠷᠭᠢᠴᠡᠭᠦᠯᠬᠦ᠎ᠳᠡᠭᠡᠨ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠵᠢᠶᠠᠩᠰᠤ᠎ᠶᠢᠨ ᠯᠢᠶᠠᠨ ᠶᠦᠨ ᠭᠠᠩ ᠬᠤᠳᠠ᠎ᠶᠢᠨ ᠬᠠᠢ ᠯᠢᠶᠠᠨ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶ᠎ᠠ᠎ᠶᠢᠨ ᠱᠦᠵᠢ ᠯᠢ ᠰᠢᠶᠣᠣ ᠨᠠ ᠮᠥᠨ ᠯᠡ ᠰᠡᠳᠬᠢᠯ ᠳᠣᠭᠳᠣᠯᠵᠤ ᠪᠠᠢᠯ᠎ᠠ᠃ ᠲᠡᠷᠡ᠄ 《ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ ᠨᠢ ᠨᠠᠳᠠ᠎ᠶᠢ ᠲᠤᠢᠯ᠎ᠢᠶᠠᠷ ᠤᠷᠮᠠᠰᠢᠭᠤᠯᠵᠤ᠂ ᠨᠠᠳᠠ᠎ᠳᠤ ᠦᠵᠡᠯ ᠰᠠᠨᠠᠭᠠᠨ᠎ᠤ ᠲᠠᠯ᠎ᠠ ᠪᠡᠷ ᠰᠡᠩᠬᠡᠷᠡᠭᠦᠯᠦᠯ ᠥᠭᠭᠦᠭᠰᠡᠨ ᠪᠥᠭᠡᠳ ᠦᠢᠯᠡ ᠠᠵᠢᠯᠯᠠᠭᠠᠨ᠎ᠤ ᠲᠠᠯ᠎ᠠ ᠪᠡᠷ ᠴᠦ᠍ ᠵᠢᠯᠣᠭᠣᠳᠤᠯᠭ᠎ᠠ ᠪᠤᠯᠤᠭᠰᠠᠨ ᠶᠤᠮ》 ᠬᠡᠵᠡᠢ᠃

ᠲᠡᠷᠡ ᠨᠡᠢᠭᠡᠮ ᠲᠣᠭᠣᠷᠢᠭ᠋᠎ᠤᠨ ᠨᠠᠮ᠎ᠤᠨ ᠭᠡᠰᠢᠭᠦᠨ ᠺᠠᠳ᠋ᠷᠴᠤᠳ᠎ᠲᠠᠢ ᠬᠠᠮᠲᠤ ᠰᠢᠨ᠎ᠡ ᠬᠡᠯᠪᠡᠷᠢ ᠵᠢᠨ ᠠᠵᠢᠯ ᠣᠯᠭᠣᠯᠲᠠ᠎ᠶᠢᠨ ᠬᠦᠮᠦᠰ᠎ᠤᠨ ᠪᠣᠳᠠᠲᠦ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠪᠡᠨ ᠦᠷᠭᠦᠯᠵᠢᠯᠡᠨ ᠰᠢᠯᠢᠳᠡᠭᠵᠢᠭᠦᠯᠪᠡ᠄ ᠬᠠᠷᠢᠶ᠎ᠡ ᠣᠷᠣᠨ᠎ᠤ ᠠᠰᠠᠷ ᠲᠠᠭᠲᠤ᠎ᠶᠢᠨ ᠲᠡᠮᠳᠡᠭ᠎ᠢ ᠰᠢᠨᠡᠳᠬᠡᠬᠦ᠎ᠪᠡᠷ ᠳᠠᠮᠵᠢᠨ᠂ ᠲᠦᠷᠭᠡᠨ ᠬᠦᠷᠭᠡᠭᠴᠢ᠎ᠶᠢᠨ ᠲᠣᠬᠢᠷᠠᠭᠤᠯᠤᠨ ᠬᠦᠷᠭᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠪᠡ;  ᠠᠮᠢᠳᠤᠷᠠᠯ ᠨᠢ ᠬᠦᠴᠢᠷᠳᠡᠯᠲᠠᠢ ᠰᠢᠨ᠎ᠡ ᠬᠡᠯᠪᠡᠷᠢ ᠵᠢᠨ ᠠᠵᠢᠯ ᠣᠯᠭᠣᠯᠲᠠ᠎ᠶᠢᠨ ᠬᠦᠮᠦᠰ ᠲᠤ᠌ ᠴᠢᠭᠯᠡᠭᠦᠯᠦᠨ᠂ ᠬᠠᠢᠷ᠎ᠠ ᠬᠠᠯᠠᠮᠵᠢ ᠬᠦᠷᠭᠡᠵᠦ ᠬᠠᠪᠰᠤᠷᠤᠨ ᠲᠡᠳᠬᠦᠪᠡ; ᠨᠡᠢᠭᠡᠮ ᠲᠣᠭᠣᠷᠢᠭ᠋᠎ᠤᠨ ᠦᠢᠯᠡᠴᠢᠯᠡᠭᠡᠨ᠎ᠦ ᠣᠷᠣᠨ ᠵᠠᠢ᠎ᠶᠢ ᠥᠭᠡᠷᠡᠴᠢᠯᠡᠵᠦ᠂ ᠪᠤᠲᠠᠲᠦ ᠦᠢᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠢ ᠥᠷᠭᠡᠳᠬᠡᠪᠡ  ᠁

ᠨᠠᠮ᠎ᠤᠨ ᠪᠠᠢᠭᠤᠯᠤᠯᠲᠠ᠎ᠶᠢ ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ᠎ᠳᠤ ᠠᠭᠤᠰᠤᠯᠴᠠᠭᠤᠯᠵᠤ᠂ ᠲᠦᠷᠦ᠎ᠶᠢᠨ ᠪᠣᠳᠣᠯᠭ᠎ᠠ ᠵᠢ ᠬᠦᠷᠭᠡᠵᠦ᠂ ᠦᠢᠯᠡᠴᠢᠯᠡᠭᠡ ᠬᠦᠷᠭᠡᠵᠦ᠂ ᠬᠠᠢᠷ᠎ᠠ ᠬᠠᠯᠠᠮᠵᠢ ᠬᠦᠷᠭᠡᠭᠰᠡᠨ ᠡᠴᠡ ᠤᠳᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠦᠷᠦ᠎ᠶᠢᠨ ᠦᠢᠯᠡᠳᠦᠯ ᠴᠢᠳᠠᠮᠵᠢ ᠪᠣᠯᠣᠨ ᠵᠣᠬᠢᠶᠠᠨ ᠪᠠᠢᠭᠤᠯᠤᠯᠲᠠ᠎ᠶᠢᠨ ᠴᠢᠳᠠᠪᠬᠢ ᠲᠠᠰᠤᠷᠠᠯᠳᠡ ᠦᠭᠡᠢ ᠴᠢᠩᠭᠠᠷᠠᠵᠤ᠂ ᠨᠢᠭᠡ ᠪᠦᠯᠦᠭ 《ᠨᠠᠮ᠎ᠤᠨ ᠪᠠᠢᠭᠤᠯᠤᠯᠲᠠ ᠴᠢᠩᠭ᠎ᠠ᠂ ᠬᠥᠭᠵᠢᠯᠲᠡ ᠴᠢᠩᠭ᠎ᠠ》 ᠲᠡᠷᠢᠭᠦᠨ᠎ᠦ ᠨᠡᠢᠲᠡᠯᠢᠭ ᠵᠢᠱ᠌ᠢᠶ᠎ᠡ ᠴᠣᠯᠭᠣᠷᠠᠨ ᠭᠠᠷᠪᠡ᠃

ᠣᠢᠷ᠎ᠠ᠎ᠶᠢᠨ ᠵᠢᠯ᠎ᠡᠴᠡ ᠨᠠᠭᠠᠰᠢ᠂ ᠡᠯ᠎ᠡ ᠱᠠᠲᠤᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠰᠠᠯᠠᠭ᠎ᠠ ᠮᠥᠴᠢᠷ᠎ᠦᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭᠠᠳᠬᠠᠵᠤ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ 《ᠠᠵᠢᠯ ᠲᠦᠷᠦᠯ᠎ᠢ ᠬᠠᠮᠢᠶᠠᠷᠬᠤ᠎ᠶᠢᠨ ᠬᠠᠮᠲᠤ ᠪᠠᠰᠠ ᠨᠠᠮ᠎ᠤᠨ ᠪᠠᠢᠭᠤᠯᠤᠯᠲᠠ᠎ᠶᠢ ᠬᠠᠮᠢᠶᠠᠷᠬᠤ》 ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠲᠤᠬᠠᠢᠯᠠᠭᠰᠠᠨ ᠠᠵᠢᠯ᠎ᠤᠨ ᠵᠢᠯᠣᠭᠣᠳᠤᠯᠭ᠎ᠠ᠂ ᠠᠵᠢᠯ ᠲᠦᠷᠦᠯ᠎ᠦᠨ ᠬᠢᠨᠠᠯᠲᠠ ᠬᠠᠮᠢᠶᠠᠷᠤᠯᠲᠠ᠎ᠪᠠᠨ ᠴᠢᠩᠭᠠᠳᠬᠠᠵᠤ᠂ ᠨᠠᠮ᠎ᠤᠨ ᠪᠠᠢᠭᠤᠯᠤᠯᠲᠠ᠎ᠪᠠᠷ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠬᠥᠭᠵᠢᠯᠲᠡ᠎ᠶᠢ ᠠᠬᠢᠭᠤᠯᠪᠠ᠃

ᠨᠠᠮ᠎ᠤᠨ ᠪᠠᠢᠭᠤᠯᠤᠯᠲᠠ᠎ᠪᠠᠷ ᠠᠵᠢᠯ ᠲᠦᠷᠦᠯ᠎ᠦᠨ ᠥᠪᠡᠷ᠎ᠢ᠎ᠪᠡᠨ ᠱᠠᠭᠠᠷᠳᠠᠬᠤ᠎ᠶᠢ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ ᠲᠣᠭᠲᠠᠭᠠᠯ᠎ᠡᠴᠡ ᠵᠥᠷᠢᠴᠡᠨ ᠰᠦᠢᠳᠬᠡᠯ ᠬᠤᠷᠢᠶᠠᠭᠰᠠᠨ ᠠᠰᠠᠭᠤᠳᠠᠯ ᠵᠢᠴᠢ ᠲᠣᠭᠲᠠᠭᠠᠯ᠎ᠡᠴᠡ ᠵᠥᠷᠢᠴᠡᠨ ᠡᠬᠦᠳᠦᠨ ᠪᠠᠢᠭᠤᠯᠵᠤ ᠵᠢᠱ᠌ᠢᠶ᠎ᠡ ᠦᠵᠡᠭᠦᠯᠬᠦ᠂ ᠪᠠᠶᠠᠷ ᠳᠤᠷᠠᠰᠬᠠᠯ᠎ᠤᠨ ᠦᠵᠡᠭᠦᠯᠭᠡ᠎ᠶᠢᠨ ᠬᠤᠷᠠᠯ᠎ᠤᠨ ᠶᠠᠷᠢᠶᠠᠨ᠎ᠤ ᠲᠠᠪᠴᠠᠩ᠎ᠢ ᠪᠠᠶ᠋ᠢᠭᠤᠯᠬᠤ ᠵᠡᠷᠭᠡ ᠠᠵᠢᠯᠯᠠᠭ᠎ᠠ᠎ᠶᠢ ᠲᠤᠰᠬᠠᠢ ᠴᠡᠭᠴᠡᠯᠡᠨ ᠵᠠᠰᠠᠪᠠ; ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠨ᠎ᠤ ᠡᠪᠯᠡᠯ᠎ᠦᠨ ᠬᠤᠭᠤᠴᠠᠭ᠎ᠠ ᠰᠣᠯᠢᠬᠤ ᠡᠮᠬᠢ ᠲᠢᠭᠯᠢᠮ ᠦᠬᠡᠢ ᠦᠵᠡᠭᠳᠡᠯ᠎ᠢ ᠵᠠᠰᠠᠵᠤ᠂ ᠬᠠᠷᠢᠭᠤᠴᠠᠯᠭᠠᠲᠠᠨ᠎ᠤ ᠡᠳᠦᠷ ᠲᠤᠳᠤᠮ᠎ᠤᠨ ᠬᠠᠮᠢᠶᠠᠷᠤᠯᠲᠠ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠨ᠎ᠤ ᠡᠪᠯᠡᠯ ᠲᠡᠢᠰᠢ ᠭᠦᠨᠵᠡᠭᠡᠢᠷᠡᠭᠦᠯᠦᠨ ᠬᠥᠭᠵᠢᠭᠦᠯᠬᠦ᠎ᠶᠢ ᠠᠬᠢᠭᠤᠯᠪᠠ;  ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠨ᠎ᠤ ᠡᠪᠯᠡᠯ᠎ᠦᠨ ᠪᠦᠲᠦᠴᠡ ᠪᠠᠢᠷᠢᠰᠢᠭᠤᠯᠤᠯᠳᠠ᠎ᠵᠢ ᠢᠳᠡᠪᠬᠢᠲᠡᠢ ᠯᠠᠪᠳᠠᠭᠤᠨ᠎ᠢᠶᠠᠷ ᠲᠣᠬᠢᠷᠠᠭᠤᠯᠤᠨ ᠰᠢᠯᠢᠳᠡᠭᠵᠢᠭᠦᠯᠪᠡ  ᠁

ᠰᠧᠴᠦᠸᠠᠨ᠎ᠤ ᠴᠧᠩᠳᠦ᠋᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠵᠦᠩ ᠾᠧ ᠵᠡᠭᠡᠯᠢ ᠭᠤᠳᠤᠮᠵᠢ᠎ᠶᠢᠨ《ᠵᠦᠩ ᠾᠧ·ᠹᠸᠩ ᠴᠤᠤ》ᠠᠵᠢᠯᠲᠠᠨ᠎ᠤ ᠤᠯᠠᠭ᠎ᠠ ᠦᠷᠳᠡᠭᠡ᠎ᠳᠦ ᠬᠦᠷᠪᠠᠯ᠂ ᠠᠭᠠᠷ ᠲᠣᠬᠢᠷᠠᠭᠤᠯᠤᠭ᠍ᠴᠢ ᠂ ᠰᠦᠢᠳᠬᠡᠯ ᠬᠤᠷᠢᠶᠠᠬᠤ ᠦᠭᠡᠢ ᠬᠠᠯᠠᠭᠤᠨ ᠤᠰᠤ᠂ ᠠᠮᠠᠷᠠᠬᠤ ᠰᠢᠷᠡᠭᠡ ᠰᠠᠨᠳᠠᠯᠢ᠎ᠶᠢ ᠲᠣᠬᠢᠷᠠᠭᠤᠯᠤᠭᠰᠠᠨ᠎ᠢᠶᠠᠷ ᠪᠠᠷᠠᠬᠤ ᠦᠭᠡᠢ ᠪᠠᠰᠠ ᠰᠢᠨ᠎ᠡ ᠬᠡᠯᠪᠡᠷᠢ ᠵᠢᠨ ᠠᠵᠢᠯ ᠣᠯᠭᠣᠯᠲᠠ᠎ᠶᠢᠨ ᠬᠥᠳᠡᠯᠮᠦᠷᠢᠴᠢᠳ᠎ᠲᠦ ᠴᠠᠬᠢᠯᠭᠠᠨ ᠬᠤᠷᠢᠶᠠᠭᠤᠷ ᠰᠣᠯᠢᠬᠤ᠂ ᠬᠠᠪᠰᠤᠷᠤᠨ ᠲᠡᠳᠬᠦᠵᠦ ᠡᠷᠬᠡ᠎ᠶᠢ ᠬᠠᠮᠠᠭᠠᠯᠠᠬᠤ ᠵᠡᠷᠭᠡ ᠦᠢᠯᠡᠴᠢᠯᠡᠭᠡ ᠬᠠᠩᠭᠠᠵᠤ ᠪᠠᠢᠬᠤ ᠵᠢ ᠤᠯᠵᠤ ᠬᠠᠷᠠᠨ᠎ᠠ᠃ 

ᠦᠷᠳᠡᠭᠡ ᠵᠢᠨ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠥᠷᠲᠡᠭᠡ ᠨᠢ ᠣᠲᠣ᠌ ᠨᠢᠭᠡᠨᠲᠡ ᠲᠣᠰ ᠬᠠᠷᠢᠶ᠎ᠠ ᠣᠷᠣᠨ᠎ᠤ 82 ᠲᠦᠷᠭᠡᠨ ᠬᠦᠷᠭᠡᠭᠴᠢ᠂ ᠵᠠᠬᠢᠶᠠᠯᠠᠭ᠎ᠠ᠎ᠶᠢᠨ ᠬᠣᠭᠣᠯᠠᠨ᠎ᠤ ᠥᠷᠲᠡᠭᠡ ᠪᠠ 4110 ᠬᠥᠳᠡᠯᠮᠦᠷᠢᠴᠢᠨ᠎ᠢ ᠬᠠᠮᠤᠷᠴᠤ᠂ ᠡᠳᠦᠷ ᠳᠤᠮᠳᠠᠴᠢ᠎ᠶᠢᠨ ᠦᠢᠯᠡᠴᠢᠯᠡᠭᠡᠨ᠎ᠦ ᠬᠡᠮᠵᠢᠶ᠎ᠡ ᠨᠢ 200 ᠬᠥᠮᠥᠨ ᠤᠳᠠᠭ᠎ᠠ᠎ᠳᠤ ᠬᠦᠷᠴᠡᠢ᠃ 2025 ᠣᠨ᠎ᠳᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠵᠢᠯᠣᠭᠣᠳᠤᠯᠭ᠎ᠠ ᠳᠣᠣᠷ᠎ᠠ᠂ ᠲᠣᠰ ᠥᠷᠲᠡᠭᠡ ᠪᠠᠰᠠ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠬᠠᠢᠷ᠎ᠠ ᠬᠠᠯᠠᠮᠵᠢᠲᠦ ᠨᠠᠢᠳᠠᠨ ᠬᠠᠮᠢᠶᠠᠷᠬᠤ ᠠᠩᠭᠢ ᠭᠠᠷᠭᠠᠵᠤ᠂ ᠵᠠᠬᠢᠶᠠᠯᠠᠭ᠎ᠠ᠎ᠶᠢᠨ ᠬᠣᠭᠣᠯᠠ ᠬᠦᠷᠭᠡᠭᠴᠢ ᠵᠢᠨ ᠬᠦᠴᠢᠷᠳᠠᠯ ᠪᠠ ᠰᠠᠨᠠᠭᠠᠰᠢᠷᠠᠯ᠎ᠢ᠎ᠬᠥᠩᠭᠡᠷᠡᠭᠦᠯᠪᠡ᠃

ᠦᠢᠯᠡᠴᠢᠯᠡᠭᠡ᠎ᠶᠢ ᠳᠡᠭᠡᠭᠰᠢᠯᠡᠭᠦᠯᠦᠨ ᠰᠢᠯᠢᠳᠡᠭᠵᠢᠭᠦᠯᠬᠦ ᠵᠢ ᠪᠠᠢᠨᠭᠭᠤ ᠵᠢᠨ ᠴᠢᠨᠠᠷᠲᠠᠢ ᠠᠳᠬᠤᠪᠠ᠃ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠰᠠᠨᠠᠭᠤᠯᠭ᠎ᠠ》 ᠳ᠋ᠤ᠂ ᠰᠢᠨ᠎ᠡ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠂ ᠰᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ᠂ ᠰᠢᠨ᠎ᠡ ᠬᠡᠯᠪᠡᠷᠢ ᠵᠢᠨ ᠠᠵᠢᠯ ᠣᠯᠭᠣᠯᠲᠠ᠎ᠶᠢᠨ ᠬᠦᠮᠦᠰ ᠲᠤ᠌ ᠬᠠᠨᠳᠤᠭᠤᠯᠤᠬᠰᠠᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠨ᠎ᠠ ᠭᠡᠵᠦ ᠳᠤᠷᠠᠳᠤᠨ ᠭᠠᠷᠭᠠᠵᠠᠢ᠃

ᠠᠵᠢᠯ᠎ᠤᠨ ᠭᠤᠤᠯᠳᠠᠯᠭ᠎ᠠ᠎ᠪᠠᠨ ᠦᠨᠳᠦᠰᠦᠨ ᠱᠠᠳᠤᠨ᠎ᠳᠦ ᠬᠦᠨᠵᠡᠭᠡᠢᠷᠡᠬᠦᠯᠵᠦ᠂ ᠤᠯᠤᠰ᠎ᠤᠨ ᠵᠠᠰᠠᠯᠲᠠ᠎ᠶ᠋ᠢᠨ ᠦᠨᠳᠦᠰᠦᠨ ᠱᠠᠲᠤᠨ᠎ᠤ ᠰᠠᠭᠤᠷᠢ᠎ᠶ᠋ᠢ ᠤᠯᠠᠮ ᠨᠢᠭᠡ ᠠᠯᠬᠤᠮ ᠪᠡᠬᠢᠵᠢᠭᠦᠯᠪᠡ

ᠦᠨᠳᠦᠰᠦᠨ ᠱᠠᠲᠤᠨ᠎ᠤ ᠵᠠᠰᠠᠯᠲᠠ᠎ᠶ᠋ᠢᠨ ᠬᠠᠤᠯᠢ ᠲᠣᠭ᠍ᠲᠠᠭᠠᠯ ᠳᠦᠷᠢᠮ ᠤ᠋ᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠨ ᠱᠠᠲᠤᠨ᠎ᠤ ᠵᠠᠰᠠᠯᠲᠠ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠠᠵᠢᠯ᠎ᠤᠨ ᠪᠠᠲᠤᠯᠠᠭ᠎ᠠ᠎ᠶ᠋ᠢ ᠨᠠᠩ ᠬᠦᠴᠦᠲᠡᠢ ᠪᠣᠯᠭᠠᠪᠠ᠃

ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠵᠦ᠍ ᠬᠦᠴᠦᠨ ᠴᠢᠳᠠᠯ ᠣᠯᠭᠣᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠨ ᠱᠠᠲᠤᠨ᠎ᠤ 《ᠴᠢᠳᠠᠯ ᠡᠴᠡ ᠨᠢ ᠠᠬᠠᠳᠠᠭᠤᠯᠬᠤ 》 ᠠᠰᠠᠭᠤᠳᠠᠯ᠎ᠢ ᠱᠢᠶ᠋ᠳᠪᠦᠷᠢᠯᠡᠪᠡ᠃

ᠳᠠᠷᠤᠭᠠᠰᠤ᠎ᠶ᠋ᠢ ᠬᠥᠩᠭᠡᠷᠡᠭᠦᠯᠬᠦ᠌ ᠨᠢ ᠬᠠᠷᠢᠭᠤᠴᠠᠯᠭ᠎ᠠ᠎ᠶ᠋ᠢ ᠬᠥᠩᠭᠡᠷᠡᠭᠦᠯᠬᠦ᠌ ᠶᠠᠪᠤᠳᠠᠯ ᠪᠢᠰᠢ᠂ ᠬᠠᠷᠢᠨ ᠨᠡᠩ ᠰᠠᠢ᠌ᠨ ᠬᠠᠷᠢᠭᠤᠴᠠᠯᠭ᠎ᠠ ᠡᠭᠦᠷᠭᠡᠯᠡᠬᠦ᠌᠎ᠶ᠋ᠢᠨ ᠲᠥᠯᠥᠭᠡ ᠶᠤᠮ᠃ ᠵᠢᠶᠠᠩᠰᠦ ᠮᠤᠵᠢ᠎ᠶ᠋ᠢᠨ ᠬᠢᠨ 《ᠨᠠᠮ᠎ᠤᠨ ᠪᠠᠢᠭᠤᠯᠤᠯᠲᠠ᠎ᠪᠠᠷ ᠰᠠᠭᠤᠭᠠᠯᠢ ᠠᠷᠠᠳ᠎ᠤᠨ ᠲᠣᠭᠣᠷᠢᠭ᠎ᠤᠨ ᠵᠠᠰᠠᠯᠲᠠ᠎ᠶ᠋ᠢ ᠬᠦᠳᠦᠯᠦᠨ ᠳᠠᠭᠠᠭᠤᠯᠬᠤ》 ᠲᠤᠰᠭᠠᠢ ᠠᠵᠢᠯᠯᠠᠭ᠎ᠠ ᠥᠷᠨᠢᠭᠦᠯᠵᠦ᠍᠂  ᠰᠠᠭᠤᠭᠠᠯᠢ ᠠᠷᠠᠳ᠎ᠤᠨ ᠲᠣᠭᠣᠷᠢᠭ᠎ᠤᠨ ᠨᠠᠮ᠎ᠤᠨ ᠡᠭᠦᠷ᠎ᠢ ᠰᠠᠭᠤᠭᠠᠯᠢ ᠠᠷᠠᠳ᠎ᠤᠨ ᠲᠣᠭᠣᠷᠢᠭ᠎ᠤᠨ ᠵᠠᠰᠠᠯᠲᠠ ᠪᠠ ᠠᠳᠠᠯ ᠠᠬᠤᠢ᠎ᠶ᠋ᠢᠨ ᠦᠢᠯᠡᠴᠢᠯᠡᠭᠡᠨ᠎ᠦ ᠬᠠᠮᠢᠶᠠᠷᠤᠯᠲᠠ᠎ᠳᠤ ᠭᠦᠨᠵᠡᠬᠡᠢ ᠠᠭᠤᠰᠤᠯᠴᠠᠭᠤᠯᠬᠤ᠎ᠶ᠋ᠢ ᠠᠬᠢᠭᠤᠯᠵᠤ᠂ ᠰᠠᠭᠤᠭᠠᠯᠢ ᠠᠷᠠᠳ᠎ᠤᠨ ᠲᠣᠭᠣᠷᠢᠭ᠎ᠤᠨ ᠣᠷᠴᠢᠨ ᠲᠣᠭᠣᠷᠢᠨ ᠨᠡᠩ ᠦᠵᠡᠰᠭᠦᠯᠡᠩᠲᠦ ᠰᠠᠢᠬᠠᠨ ᠪᠤᠯᠵᠤ᠂ ᠬᠥᠷᠰᠢ ᠵᠡᠷᠭᠡᠯᠡᠳᠡᠭᠡ᠎ᠶ᠋ᠢᠨ ᠬᠠᠷᠢᠴᠠᠭ᠎ᠠ ᠨᠡᠩ ᠡᠶ᠎ᠡ ᠨᠠᠢᠷᠲᠠᠢ ᠪᠣᠯᠪᠠ᠃

ᠨᠠᠩ ᠥᠨᠳᠥᠷ ᠪᠦᠲᠦᠮᠵᠢᠲᠡᠶ ᠦᠶ᠋ᠯᠡᠴᠢᠯᠡᠭᠡᠨ᠎ᠦ ᠲᠣᠭ᠍ᠲᠠᠴᠠ᠎ᠶ᠋ᠢᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠯ᠎ᠡ ᠭᠠᠵᠠᠷ᠎ᠤᠨ᠎ᠬᠢᠨ ᠠᠷᠠᠳ᠎ᠤᠨ ᠰᠡᠳᠭᠢᠯ᠎ᠢ ᠳᠤᠯᠠᠭᠠᠴᠠᠭᠤᠯᠬᠤ ᠶᠠᠪᠤᠳᠠᠯ᠎ᠢ ᠨᠡᠢᠭᠡᠮ᠎ᠦᠨ ᠠᠵᠢᠯ᠎ᠤᠨ ᠢᠯᠡ ᠲᠣᠳᠣ ᠳᠡᠪᠢᠰᠬᠡᠷ ᠥᠩᠭᠡ ᠪᠣᠯᠭᠠᠪᠠ᠃

ᠬᠢᠷᠢᠨ᠎ᠦ ᠴᠠᠩᠴᠦ᠋ᠨ᠎ᠳᠦ᠂  ᠡᠯ᠎ᠡ ᠱᠠᠲᠤᠨ᠎ᠤ ᠤᠳᠤᠷᠢᠳᠭᠤ ᠺᠠᠳ᠋ᠷ 《ᠤᠯᠠᠨ ᠲᠦᠮᠡᠨ᠎ᠦ ᠵᠢᠵᠢᠭ ᠶᠠᠪᠤᠳᠠᠯ》 ᠢ᠋ 《ᠲᠦᠷᠦᠬᠦᠥ ᠴᠢᠬᠤᠯᠠ ᠲᠤᠮᠤ ᠶᠠᠪᠤᠳᠠᠯ》 ᠪᠣᠯᠭᠠᠵᠤ᠂ ᠠᠯᠢ ᠤᠯᠠᠨ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠱᠢᠢᠳᠪᠦᠷᠢᠯᠡᠪᠡ᠃

ᠬᠤᠪᠸᠢ ᠵᠢᠨ ᠦᠬᠠᠨ᠂ ᠵᠧᠵᠢᠶᠠᠩ᠎ᠤᠨ ᠵᠢᠨᠬᠤᠸᠠ ᠵᠡᠷᠭᠡ ᠭᠠᠵᠠᠷ᠎ᠤᠨ ᠬᠢᠨ ᠨᠡᠢᠭᠡᠮ ᠲᠣᠭᠣᠷᠢᠭ᠎ᠤᠨ ᠠᠵᠢᠯᠲᠠᠨ᠎ᠤ ᠲᠤᠰᠭᠠᠶ ᠮᠡᠷᠭᠡᠵᠢᠯ᠎ᠦᠨ ᠴᠢᠳᠠᠪᠤᠷᠢ᠎ᠶ᠋ᠢᠨ ᠬᠥᠮᠦᠵᠢᠯ᠎ᠢ ᠴᠢᠩᠭᠠᠳᠭᠠᠵᠤ᠂ ᠳᠡᠳᠡᠨ᠎ᠢ ᠨᠠᠮ ᠪᠠ ᠵᠠᠰᠠᠭ᠎ᠤᠨ ᠣᠷᠳᠣᠨ ᠡᠴᠡ ᠣᠯᠠᠨ ᠲᠦᠮᠡᠨ᠎ᠲᠡᠶ ᠬᠠᠷᠢᠯᠴᠠᠬᠤ ᠪᠠᠲᠤ ᠪᠡᠬᠢ ᠬᠣᠯᠪᠣᠭᠠᠰᠤ ᠪᠠ 《ᠨᠠᠰᠤᠳᠠᠢᠴᠤᠳ ᠪᠠ ᠬᠡᠦᠬᠡᠳ》 ᠲᠤ᠌ ᠦᠢᠯᠡᠴᠢᠯᠡᠬᠦ᠌ ᠪᠡᠯᠡᠳᠭᠡᠯ ᠬᠦᠴᠦᠨ ᠪᠣᠯᠭᠠᠨ ᠬᠦᠮᠦᠵᠢᠬᠦᠯᠪᠡ᠃

ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠬᠦᠴᠦᠨ ᠴᠢᠳᠠᠯ᠎ᠤᠨ ᠡᠬᠢ ᠪᠤᠯᠠᠭ ᠨᠡᠩ ᠭᠦᠢᠴᠡᠳ ᠪᠣᠯᠪᠠ

ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠲᠦᠭ ᠲᠦᠮᠡᠨ ᠠᠷᠠᠳ ᠲᠦᠮᠡᠨ᠎ᠦ ᠥᠪᠡᠷ᠎ᠦᠨ ᠦᠢᠯᠡᠰ ᠪᠣᠯᠬᠣᠷ ᠪᠦᠬᠦ᠌ ᠠᠷᠠᠳ ᠲᠦᠮᠡᠨ᠎ᠦ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠬᠤ ᠴᠢᠬᠤᠯᠠᠲᠠᠢ ᠶᠤᠮ᠃

2025 ᠣᠨ᠎ᠤ 11 ᠰᠠᠷ᠎ᠠ᠎ᠳᠤ᠂ ᠳᠤᠮᠳᠠᠳᠤ ᠤᠯᠤᠰ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠬᠣᠯᠪᠣᠭᠠᠲᠤ ᠬᠤᠷᠠᠯ᠎ᠤᠨ ᠭᠤᠷᠪᠠᠳᠤᠭᠠᠷ ᠬᠤᠭᠤᠴᠠᠭᠠᠨ᠎ᠤ ᠭᠡᠱᠢᠭᠦᠳ᠎ᠦᠨ ᠲᠥᠯᠥᠭᠡᠯᠡᠭ᠌ᠴᠢᠳ᠎ᠦᠨ ᠶᠡᠬᠡ ᠬᠤᠷᠠᠯ ᠪᠡᠭᠡᠵᠢᠩ᠎ᠳᠦ ᠬᠤᠷᠠᠯᠳᠤᠪᠠ᠃ ᠶᠡᠷᠦᠩᠬᠡᠢ ᠱᠦᠵᠢ ᠰᠢ ᠵᠢᠨ ᠫᠢᠩ ᠪᠠᠶᠠᠷ᠎ᠤᠨ ᠵᠠᠬᠢᠳᠠᠯ ᠢᠯᠡᠭᠡᠵᠦ᠂ ᠥᠷᠭᠡᠨ ᠤᠯᠠᠨ ᠰᠠᠢ᠌ᠨ ᠲᠤᠷᠠᠴᠤᠳ᠂ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠂ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠲᠠᠳ᠎ᠲᠤ ᠴᠢᠩ ᠰᠡᠳᠭᠢᠯ᠎ᠦᠨ ᠬᠦᠰᠡᠯ ᠨᠠᠢᠳᠠᠯᠭ᠎ᠠ ᠲᠠᠯᠪᠢᠪᠠ᠃

ᠴᠢᠩ ᠰᠡᠳᠭᠢᠯ᠎ᠦᠨ ᠬᠦᠰᠡᠯ ᠨᠠᠢᠳᠠᠯᠭ᠎ᠠ ᠨᠢ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠬᠦᠴᠦᠨ᠎ᠢ ᠨᠢᠭ᠍ᠲᠠᠷᠠᠭᠤᠯᠬᠤ ᠬᠦᠴᠦᠷᠬᠡᠭ ᠶᠡᠬᠡ ᠬᠥᠳᠡᠯᠭᠡᠬᠦ᠌ ᠡᠨᠧᠷᠭᠢ ᠪᠣᠯᠪᠠ᠃

ᠡᠯ᠎ᠡ ᠭᠠᠵᠠᠷ᠎ᠤᠨ᠎ᠬᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠥᠷᠲᠡᠭᠡ ᠴᠡᠭ᠎ᠢ ᠥᠷᠭᠡᠨ᠎ᠢᠶᠡᠷ ᠪᠠᠢᠭᠤᠯᠵᠤ᠂ ᠨᠠᠮ᠎ᠤᠨ ᠭᠡᠰᠢᠭᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ ᠵᠡᠷᠭᠡ ᠲᠠᠯᠠᠪᠤᠷ ᠭᠠᠵᠠᠷ᠎ᠢ ᠰᠠᠢᠲᠤᠷ ᠬᠡᠷᠡᠭ᠌ᠯᠡᠵᠦ᠍᠂ ᠣᠯᠠᠨ ᠲᠦᠮᠡᠨ᠎ᠦ 《ᠬᠡᠷ᠎ᠦᠨ ᠡᠭᠦᠳᠡᠨ᠎ᠳᠡᠭᠡᠨ》 ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠣᠷᠣᠯᠴᠠᠬᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡ ᠭᠥᠷᠳᠡᠬᠦ᠌᠎ᠳᠦ ᠲᠥᠬᠥᠮ ᠦᠵᠡᠭᠦᠯᠪᠡ᠃

ᠡᠯ᠎ᠡ ᠭᠠᠵᠠᠷ᠎ᠤᠨ᠎ᠬᠢᠨ ᠱᠢᠨ᠎ᠡ ᠴᠠᠭ ᠦᠶ᠎ᠡ᠎ᠶ᠋ᠢᠨ 《ᠹᠸᠩᠴᠢᠶᠣᠤ᠎ᠶ᠋ᠢᠨ ᠲᠤᠷᠱᠢᠯᠭ᠎ᠠ》 ᠶ᠋ᠢ ᠪᠠᠷᠢᠮᠲᠠᠯᠠᠨ ᠬᠥᠭ᠌ᠵᠢᠭᠦᠯᠵᠦ᠍ ᠂ 《ᠳᠥᠷᠪᠡ᠎ᠶ᠋ᠢ ᠦᠨᠳᠦᠰᠦᠨ ᠱᠠᠲᠤᠨ᠎ᠳᠤ ᠪᠠᠭᠤᠯᠭᠠᠬᠤ 》 ᠳᠦᠷᠢᠮ᠎ᠢ ᠨᠠᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠥᠯᠢᠵᠢᠯᠳᠡ᠎ᠶ᠋ᠢ ᠠᠬᠢᠭᠤᠯᠵᠤ᠂ ᠠᠵᠢᠯ᠎ᠢ ᠣᠯᠠᠨ ᠲᠦᠮᠡᠨ᠎ᠦ ᠰᠡᠳᠭᠢᠯ᠎ᠳᠦ ᠬᠠᠨᠤᠮᠵᠢᠳᠠᠢ ᠪᠤᠯᠳᠠᠯ᠎ᠠ ᠬᠢᠪᠡ᠃

ᠡᠭᠦᠨ᠎ᠦ ᠬᠠᠮᠲᠤ᠂ ᠨᠠᠮ᠎ᠤᠨ ᠬᠤᠷᠢᠶ᠎ᠠ᠎ᠶᠢᠨ ᠨᠡᠢᠭᠡᠮ᠎ᠦᠨ ᠠᠵᠢᠯ᠎ᠤᠨ ᠰᠠᠯᠠᠭ᠎ᠠ ᠮᠥᠴᠢᠷ ᠴᠦ᠍ ᠠᠷᠠᠳ᠎ᠤᠨ ᠰᠠᠨᠠᠭ᠎ᠠ᠎ᠶ᠋ᠢ ᠱᠢᠩᠭᠡᠭᠡᠨ ᠠᠪᠬᠤ᠂ ᠠᠷᠠᠳ᠎ᠤᠨ ᠤᠶᠤᠨ ᠤᠬᠠᠭᠠᠨ᠎ᠢ ᠲᠥᠪᠯᠡᠷᠡᠭᠦᠯᠬᠦ᠌᠎ᠶ᠋ᠢ ᠴᠢᠬᠤᠯᠠ ᠪᠠᠢᠷᠢᠨ᠎ᠳᠤ ᠲᠠᠯᠪᠢᠵᠤ ᠪᠣᠳᠠᠲᠠᠢ ᠠᠳᠭᠤᠨ ᠨᠠᠷᠢᠯᠢᠭ ᠠᠳᠭᠤᠪᠠ᠃ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ᠎ᠶᠢᠨ ᠰᠠᠨᠠᠯ ᠬᠤᠷᠢᠶᠠᠬᠤ ᠲᠠᠪᠴᠠᠩ᠎ᠢ ᠨᠢᠭᠡᠳᠦᠯᠲᠡᠢ ᠲᠥᠯᠥᠪᠵᠢᠬᠦᠯᠦᠨ ᠰᠠᠢᠲᠤᠷ ᠬᠡᠷᠡᠭ᠌ᠯᠡᠵᠦ᠍᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠲᠥᠪᠯᠡᠷᠡᠭᠦᠯᠬᠦ᠌᠎ᠶ᠋ᠢ ᠨᠡᠩ ᠰᠠᠭᠠᠳ ᠦᠭᠡᠢ᠂ ᠨᠡᠩ ᠥᠨᠳᠥᠷ ᠪᠦᠲᠦᠮᠵᠢᠲᠡᠢ ᠪᠣᠯᠭᠠᠵᠤ᠂ 《ᠰᠠᠢ᠌ᠨ ᠠᠷᠭ᠎ᠠ ᠤᠬᠠᠭᠠᠨ》  ᠢ᠋  《ᠰᠠᠢᠨ ᠦᠷ᠎ᠡ ᠪᠦᠳᠦᠮᠵᠢ》 ᠪᠣᠯᠭᠠᠨ ᠬᠤᠪᠢᠷᠠᠭᠤᠯᠪᠠ᠃

《ᠨᠡᠢᠭᠡᠮ᠎ᠦᠨ ᠠᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠦᠨ ᠬᠢᠷᠢ ᠬᠡᠮ᠎ᠦᠨ ᠱᠢᠯᠭᠠᠯᠲᠠ᠎ᠶ᠋ᠢᠨ ᠬᠥᠲᠥᠯᠪᠦᠷᠢ》 ᠳ᠋ᠤ ᠪᠥᠬᠥ᠌ ᠲᠠᠯ᠎ᠠ᠎ᠪᠠᠷ ᠵᠠᠰᠠᠪᠤᠷᠢ ᠣᠷᠣᠭᠤᠯᠵᠤ᠂ 2025 ᠣᠨ᠎ᠤ ᠨᠡᠢᠭᠡᠮ᠎ᠦᠨ ᠠᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠦᠨ ᠬᠢᠷᠢ ᠬᠡᠮ᠎ᠦᠨ ᠱᠢᠯᠭᠠᠯᠲᠠ᠎ᠳᠤ 223.6 ᠲᠦᠮᠡᠨ ᠬᠥᠮᠦᠨ ᠨᠡᠷ᠎ᠡ ᠮᠡᠳᠡᠭᠦᠯᠵᠦ᠍᠂ ᠠᠳᠠᠯᠢ ᠬᠤᠭᠤᠴᠠᠭᠠᠨ᠎ᠤ᠎ᠬᠢ᠎ᠡᠴᠡ᠎ᠪᠡᠨ 18.4% ᠎ᠪᠠᠷ ᠨᠡᠮᠡᠭ᠌ᠳᠡᠵᠦ᠍ ᠂ ᠳᠠᠬᠢᠨᠲᠠ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ᠃

ᠱᠢᠨ᠎ᠡ ᠠᠶᠠᠨ᠎ᠳᠤ᠂ ᠱᠢᠨ᠎ᠡ ᠴᠠᠭ ᠦᠶ᠎ᠡ᠎ᠶ᠋ᠢᠨ ᠨᠡᠢᠭᠡᠮ᠎ᠦᠨ ᠠᠵᠢᠯ᠎ᠢ ᠰᠠᠢᠲᠤᠷ ᠬᠢᠬᠦ᠌ ᠶᠡᠷᠦᠩᠬᠡᠢ ᠱᠠᠭᠠᠷᠳᠠᠯᠭ᠎ᠠ᠎ᠶ᠋ᠢ ᠭᠦᠨᠵᠡᠭᠡᠢ ᠡᠵᠡᠮᠳᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠨᠡᠢᠭᠡᠮ᠎ᠦᠨ ᠵᠠᠰᠠᠯᠲᠠ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠪᠠᠯ ᠯᠠᠪᠲᠠᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠵᠦ᠍ ᠴᠢᠳᠠᠨ᠎ᠠ᠃

(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 1 ᠰᠠᠷ᠎ᠠ᠎ᠶᠢᠨ 25᠎ᠤ᠋ ᠴᠠᠬᠢᠯᠭᠠᠨ ᠮᠡᠳᠡᠭᠡ ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号